ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠳᠠᠬᠢ ᠵᠣᠭᠤᠰ ᠢ ᠮᠤᠵᠢ ᠶᠢᠨ ᠳᠣᠲᠣᠷ᠎ᠠ ᠣᠨᠳᠣᠤ ᠭᠠᠵᠠᠷ ᠳᠠᠭᠠᠳᠬᠠᠯ ᠳᠤ ᠣᠷᠣᠯᠴᠠᠭᠰᠠᠨ ᠭᠡᠷ ᠤᠨ ᠬᠥᠮᠥᠰ ᠲᠤ ᠪᠠᠨ ᠬᠠᠷᠢᠯᠴᠠᠨ ᠲᠤᠰᠠᠯᠠᠯᠴᠠᠵᠤ ᠬᠡᠷᠡᠭᠯᠡᠭᠦᠯᠵᠦ ᠪᠣᠯᠣᠨ᠎ᠠ ᠤᠤ︖
ᠨᠡᠶᠢᠲᠡᠯᠡᠭᠰᠡᠨ ᠴᠠᠭ᠄
2024/5/11
  ︽ᠪᠢ ᠱᠢ ᠵᠢᠶᠠ ᠵᠤᠸᠠᠩ ᠳᠤ ᠳᠠᠭᠠᠳᠬᠠᠯ ᠳᠤ ᠣᠷᠣᠯᠴᠠᠵᠤ᠂ ᠮᠢᠨᠦ ᠡᠬᠡᠨᠡᠷ ᠰᠢᠩ ᠲᠠᠢ ᠳᠤ ᠳᠠᠭᠠᠳᠬᠠᠯ ᠳᠤ ᠣᠷᠣᠯᠴᠠᠵᠠᠢ᠃ ᠡᠨᠡ ᠤᠳᠠᠭ᠎ᠠ ᠲᠡᠷᠡ ᠡᠮᠨᠡᠯᠭᠡ ᠳᠤ ᠰᠠᠭᠤᠭᠰᠠᠨ ᠴᠢᠨᠢ ᠮᠢᠨᠦ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠳᠣᠲᠣᠷᠠᠬᠢ ᠵᠣᠭᠤᠰ ᠶᠢ ᠲᠡᠭᠦᠨ ᠳᠤ ᠬᠡᠷᠡᠭᠯᠡᠭᠦᠯᠵᠦ ᠪᠣᠯᠤᠨ᠎ᠠ ᠭᠡᠰᠡᠨ ᠢ ᠪᠣᠳᠣᠵᠤ ᠣᠯᠤᠭᠰᠠᠨ ᠦᠭᠡᠢ᠃  ᠡᠨᠡ ᠵᠢᠯ ᠤᠨ 3 ᠳ᠋ᠤᠭᠠᠷ ᠰᠠᠷ᠎ᠠ ᠳᠤ᠂ ᠾᠧᠪᠧᠢ ᠶᠢᠨ ᠰᠢᠩ ᠲᠠᠢ ᠶᠢᠨ ᠳᠠᠭᠠᠳᠬᠠᠯ ᠳᠤ ᠣᠷᠣᠯᠴᠠᠭᠰᠠᠨ ᠭᠦᠸᠧ ᠠᠪᠠᠭ᠋ᠠᠢ ᠪᠥᠭᠡᠷᠡᠨ ᠤ ᠴᠢᠯᠠᠭᠤᠵᠢᠮᠠᠯ ᠶᠢᠨ ᠡᠪᠡᠳᠴᠢᠨ ᠢᠶᠠᠨ ᠡᠮᠨᠡᠭᠦᠯᠵᠦ᠂ ᠡᠮᠨᠡᠨ ᠵᠠᠰᠠᠬᠤ ᠬᠤᠭᠤᠴᠠᠭᠠᠨ ᠳᠤ ᠨᠡᠶᠢᠲᠡ 2 ᠲᠦᠮᠡᠨ ᠲᠥᠭᠦᠷᠢᠭ ᠵᠠᠷᠤᠴᠠᠭᠤᠯᠵᠠᠢ᠂ ᠡᠭᠦᠨ ᠳᠤ ᠡᠮᠴᠢᠯᠡᠭᠡᠨ ᠤ ᠳᠠᠭᠠᠳᠬᠠᠯ ᠤᠨ ᠳᠠᠩᠰᠠ ᠴᠠᠶᠢᠷᠠᠭᠤᠯᠬᠤ ᠨᠢ 1 ᠲᠦᠮᠡ ᠭᠠᠷᠤᠢ ᠲᠥᠭᠦᠷᠢᠭ ᠢ ᠴᠠᠶᠢᠷᠠᠭᠤᠯᠵᠤ ᠥᠭᠪᠡ᠃ ᠲᠡᠭᠦᠨ ᠤ ᠨᠥᠬᠦᠷ ᠵᠦ ᠠᠪᠤᠭᠠᠢ ᠱᠢ ᠵᠢᠶᠠ ᠵᠤᠸᠠᠩ ᠳᠤ ᠳᠠᠭᠠᠳᠬᠠᠯ ᠳᠤ ᠣᠷᠣᠯᠴᠠᠵᠤ᠂ ᠾᠧᠪᠧᠢ ᠶᠢᠨ ᠡᠮᠴᠢᠯᠡᠭᠡᠨ ᠤ ᠳᠠᠭᠠᠳᠬᠠᠯ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢᠨ ᠣᠨᠳᠣᠣ ᠭᠠᠵᠠᠷ ᠲᠤ ︽ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ ᠶᠢ ᠳᠡᠮᠵᠢᠬᠦ ᠶᠢ ᠮᠡᠳᠡᠭᠰᠡᠨ ᠤ ᠳᠠᠷᠠᠭ᠎ᠠ᠂ ᠲᠡᠷᠡ ᠳᠣᠣᠷ᠎ᠠ ᠨᠢ ᠭᠦᠸᠧ ᠠᠪᠠᠭ᠋ᠠᠢ ᠶᠢ ᠥᠪᠡᠷ ᠤᠨ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠨᠡᠷᠡᠰ ᠲᠤ ᠣᠷᠣᠭᠤᠯᠵᠤ᠂ ᠲᠤᠰ ᠡᠳᠦᠷ ᠲᠤ ᠨᠢ ᠳᠠᠷᠤᠢ ᠥᠪᠡᠷ ᠤᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢᠨ ᠵᠣᠭᠤᠰ ᠢᠶᠠᠷ ᠡᠬᠡᠨᠡᠷ ᠲᠡᠭᠡᠨ ᠵᠢᠷᠭᠤᠭᠠᠨ ᠮᠢᠩᠭ᠎ᠠ ᠭᠠᠷᠤᠢ ᠲᠥᠭᠦᠷᠢᠭ ᠤᠨ ᠡᠮ ᠡᠮᠨᠡᠯᠭᠡ ᠶᠢᠨ ᠵᠠᠷᠤᠳᠠᠯ ᠢ ᠲᠤᠰᠢᠶᠠᠪᠠ᠃  ᠵᠦ ᠠᠪᠤᠭᠠᠶ ᠥᠪᠡᠷ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠵᠣᠭᠤᠰ ᠢᠶᠠᠷ ᠢᠶᠠᠨ ᠮᠤᠵᠢ ᠶᠢᠨ ᠳᠣᠲᠣᠷ᠎ᠠ ᠣᠨᠳᠣᠤ ᠭᠠᠵᠠᠷ ᠲᠤ ᠳᠠᠭᠠᠳᠬᠠᠯ ᠳᠤ ᠣᠷᠣᠯᠴᠠᠭᠰᠠᠨ ᠡᠬᠡᠨᠡᠷ ᠳᠤ ᠪᠠᠨ ︽ᠰᠦᠢᠳᠬᠡᠯ ᠲᠤᠰᠢᠶᠠᠵᠤ︾ ᠳᠡᠶᠢᠯᠦᠭᠰᠡᠨ ᠤ ᠤᠴᠢᠷ ᠪᠣᠯ ᠳᠠᠷᠤᠶ ᠾᠧᠪᠸᠢ ᠮᠤᠵᠢ ᠶᠢᠨ 2023 ᠣᠨ ᠤ 4 ᠳ᠋ᠦ᠋ᠭᠡᠷ ᠰᠠᠷ᠎ᠠ ᠳᠤ ᠪᠡᠶᠡᠯᠡᠭᠦᠯᠦᠭᠰᠡᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠮᠤᠵᠢ ᠶᠢᠨ ᠳᠣᠲᠣᠷ᠎ᠠ ᠨᠢᠭᠡᠳᠦᠯᠲᠡᠶ ᠲᠥᠯᠥᠪᠯᠡᠬᠦ ᠣᠷᠣᠨ ᠠᠯᠤᠰᠯᠠᠨ ᠬᠠᠷᠢᠯᠴᠠᠨ ᠲᠤᠰᠠᠯᠠᠯᠴᠠᠬᠤ ᠴᠢᠳᠠᠮᠵᠢ ᠪᠣᠯᠤᠨ᠎ᠠ᠃ ᠤᠯᠤᠰ ᠤᠨ ᠨᠢᠭᠡᠳᠦᠯᠲᠡᠶ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠾᠧᠪᠸᠢ ᠮᠤᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠾᠧᠪᠧᠶ ᠶᠢᠨ ᠣᠶᠤᠨᠴᠢ ᠡᠮᠴᠢᠯᠡᠭᠡᠨ ᠤ ᠳᠠᠭᠠᠳᠬᠠᠯ︾ ᠤᠨ ᠵᠢᠵᠢᠭ ᠫᠷᠣᠭ᠍ᠷᠠᠮ ᠤᠨ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠬᠠᠮᠢᠶᠠᠷᠤᠯᠲᠠ ᠶᠢᠨ ᠬᠡᠰᠡᠭ ᠢ ᠨᠡᠭᠡᠭᠡᠨ ᠬᠥᠭᠵᠢᠭᠦᠯᠵᠦ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠰᠠᠶᠢᠨ ᠳᠤᠷ᠎ᠠ ᠠᠴᠠ ᠪᠠᠨ ᠡᠷᠬᠡ ᠣᠯᠭᠤᠬᠤ ᠠᠷᠭ᠎ᠠ ᠮᠠᠶ᠋ᠢᠭ ᠢᠶᠠᠷ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠬᠠᠮᠢᠶᠠᠷᠤᠯᠲᠠ ᠶᠢᠨ ᠬᠡᠰᠡᠭ ᠢ ᠬᠡᠷᠡᠭᠯᠡᠨ ᠮᠤᠵᠢ ᠶᠢᠨ ᠳᠣᠲᠣᠷᠠᠬᠢ ᠰᠢᠭᠤᠳ ᠲᠥᠷᠥᠯ ᠰᠠᠳᠤᠨ ᠢᠶᠠᠨ ᠬᠤᠯᠪᠣᠭᠳᠠᠭᠤᠯᠪᠠᠯ ᠬᠠᠷᠢᠯᠴᠠᠨ ᠲᠤᠰᠠᠯᠠᠯᠴᠠᠬᠤ ᠬᠠᠷᠢᠴᠠᠭ᠎ᠠ ᠶᠢ ᠪᠡᠶᠡᠯᠡᠭᠦᠯᠵᠦ ᠪᠣᠯᠣᠨ᠎ᠠ᠃  2023 ᠣᠨ ᠠᠴᠠ ᠨᠠᠭᠠᠰᠢ᠂ ᠾᠧᠪᠸᠢ ᠮᠤᠵᠢ ᠶᠢᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠬᠠᠷᠢᠯᠴᠠᠨ ᠲᠤᠰᠠᠯᠠᠯᠴᠠᠬᠤ ᠬᠦᠷᠢᠶ᠎ᠡ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ᠳᠥᠭᠦᠮ ᠳᠥᠲᠡ ᠬᠡᠮᠵᠢᠶ᠎ᠡ ᠪᠠᠨ ᠳᠡᠭᠡᠭᠰᠢᠯᠡᠭᠦᠯᠪᠡ᠃ ᠣᠳᠣᠬᠠᠨ ᠳᠤ᠂ ᠾᠧᠪᠸᠢ ᠮᠤᠵᠢ ᠶᠢᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢ ᠬᠠᠷᠢᠯᠴᠠᠨ ᠲᠤᠰᠠᠯᠠᠯᠴᠠᠵᠤ ᠡᠮᠨᠡᠭᠦᠯᠵᠦ ᠡᠮ ᠬᠤᠳᠠᠯᠳᠤᠨ ᠠᠪᠤᠭᠰᠠᠨ ᠲᠣᠭᠠᠴᠠᠭ᠎ᠠ ᠨᠡᠶᠢᠲᠡ 504.26 ᠲᠦᠮᠡᠨ ᠬᠤᠪᠢ ᠬᠦᠷᠴᠦ᠂ ᠬᠤᠪᠢ ᠬᠥᠮᠦᠨ ᠤ ᠲᠠᠩᠰᠠᠨ ᠡᠷᠦᠬᠡ ᠪᠠᠷ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠲᠤᠰᠢᠶᠠᠭᠰᠠᠨ ᠨᠢ 148.3 ᠲᠦᠮᠡᠨ ᠬᠤᠪᠢ ᠳᠤ ᠬᠦᠷᠴᠡᠢ᠃  ᠵᠢᠶᠠᠩᠰᠦ᠂ ᠭᠤᠸᠠᠩᠳᠦ᠋ᠩ ᠵᠡᠷᠭᠡ ᠭᠠᠵᠠᠷ ᠤᠨ ᠳᠠᠭᠠᠳᠬᠠᠯ ᠳᠤ ᠣᠷᠣᠯᠴᠠᠭᠰᠠᠳ ᠪᠠᠰᠠ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢᠨ ᠦᠯᠡᠳᠡᠪᠦᠷᠢ ᠶᠢ ᠲᠤᠰ ᠮᠤᠵᠢ ᠶᠢᠨ ᠳᠣᠲᠣᠷᠠᠬᠢ ᠪᠤᠰᠤᠳ ᠲᠤᠰᠬᠠᠶ ᠣᠷᠣᠨ ᠬᠤᠲᠠ ᠶᠢᠨ ᠳᠠᠭᠠᠳᠬᠠᠯ ᠳᠤ ᠣᠷᠣᠯᠴᠠᠭᠰᠠᠨ ᠰᠢᠭᠤᠳ ᠲᠥᠷᠥᠯ ᠰᠠᠳᠤᠨ ᠳᠤ ᠪᠠᠨ ᠬᠠᠷᠢᠯᠴᠠᠨ ᠲᠤᠰᠠᠯᠠᠯᠴᠠᠵᠤ ᠰᠢᠭᠤᠳ ᠥᠭᠴᠦ ᠪᠣᠯᠤᠨ᠎ᠠ᠃  ᠯᠢᠤ ᠠᠪᠠᠭ᠋ᠠᠢ ᠵᠢᠶᠠᠩᠰᠦ ᠮᠤᠵᠢ ᠶᠢᠨ ᠰᠦᠵᠸᠤ ᠬᠤᠳᠠ ᠶᠢᠨ ᠠᠵᠢᠯᠳᠠᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠠᠶᠢᠨ᠎ᠠ᠂ ᠲᠡᠭᠦᠨ ᠤ ᠠᠪᠤ ᠡᠵᠢ ᠨᠢ ᠵᠢᠶᠠᠩᠰᠦ ᠮᠤᠵᠢ ᠶᠢᠨ ᠨᠠᠨᠲ᠋ᠦ᠋ᠩ ᠬᠤᠳᠠ ᠳᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠤᠷᠤᠯᠴᠠᠵᠠᠢ᠃ ᠯᠢᠦ ᠠᠪᠠᠭ᠋ᠠᠶ ᠠᠪᠤ ᠡᠵᠢ ᠪᠠᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠠᠷᠢᠯᠴᠠᠨ ᠲᠤᠰᠠᠯᠠᠯᠴᠠᠬᠤ ᠡᠲᠡᠭᠡᠳ ᠢᠶᠠᠷ ᠬᠤᠯᠪᠣᠭᠳᠠᠭᠤᠯᠵᠤ᠂ ᠨᠢᠭᠡ ᠵᠢᠯ ᠤᠨ ᠲᠤᠷᠰᠢ᠂ ᠬᠤᠶᠠᠷ ᠨᠠᠰᠤᠲᠠᠨ ᠨᠠᠨᠲ᠋ᠦ᠋ᠩ ᠬᠤᠲᠠ ᠳᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠦᠶ᠎ᠡ ᠳᠤ ᠰᠢᠭᠤᠳ ᠯᠢᠦ ᠠᠪᠠᠭ᠋ᠠᠶ ᠶᠢᠨ ᠬᠤᠪᠢ ᠬᠥᠮᠦᠨ ᠤ ᠲᠠᠩᠰᠠᠨ ᠡᠷᠦᠬᠡ ᠶᠢᠨ ᠦᠯᠡᠳᠡᠪᠦᠷᠢ ᠶᠢᠨ 7000 ᠲᠥᠭᠦᠷᠢᠭ ᠰᠢᠬᠠᠮ ᠢ ᠬᠡᠷᠡᠭᠯᠡᠵᠦ᠂ ᠯᠢᠦ ᠠᠪᠠᠭ᠋ᠠᠶ ᠣᠨᠳᠣᠤ ᠭᠠᠵᠠᠷ ᠠᠴᠠ ᠠᠪᠤ ᠡᠵᠢ ᠳᠡᠭᠡᠨ ︽ᠬᠠᠶᠢᠷ᠎ᠠ ᠬᠠᠯᠠᠮᠵᠢ ᠶᠢᠨ ᠪᠡᠯᠡᠭ︾ ᠬᠦᠷᠭᠡᠭᠰᠡᠨ ᠪᠠᠶᠢᠨ᠎ᠠ᠃  2023 ᠣᠨ ᠤ ᠡᠬᠢ ᠪᠠᠷ ᠵᠢᠶᠠᠩᠰᠦ ᠪᠥᠬᠦ ᠮᠤᠵᠢ ᠳᠤ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠨᠢᠭᠡᠳᠦᠯᠲᠡᠶ ᠭᠠᠷᠭᠠᠪᠠ᠃ ᠣᠳᠣᠬᠠᠨ ᠳᠤ᠂ ᠨᠡᠶᠢᠲᠡ 652.9 ᠲᠦᠮᠡᠨ ᠬᠥᠮᠥᠨ ᠳᠤ ᠬᠤᠪᠢ ᠬᠥᠮᠥᠨ ᠤ ᠲᠠᠩᠰᠠᠨ ᠡᠷᠦᠬᠡ ᠶᠢᠨ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠭᠡᠷ ᠪᠦᠯᠢ ᠶᠢᠨ ᠬᠠᠷᠢᠯᠴᠠᠨ ᠲᠤᠰᠠᠯᠠᠯᠴᠠᠵᠤ ᠲᠣᠭᠠᠴᠠᠭ᠎ᠠ ᠬᠢᠭᠰᠡᠨ ᠬᠡᠮᠵᠢᠶ᠎ᠡ 2749.2 ᠲᠦᠮᠡᠨ ᠬᠤᠪᠢ ᠪᠠᠶᠢᠵᠤ᠂ ᠡᠭᠦᠨ ᠳᠤ ᠨᠢᠭᠡᠳᠦᠯᠲᠡᠢ ᠲᠥᠯᠥᠪᠵᠢᠭᠦᠯᠬᠦ ᠣᠷᠣᠨ ᠠᠯᠤᠰᠯᠠᠭᠰᠠᠨ ᠭᠡᠷ ᠪᠦᠯᠢ ᠶᠢᠨ ᠬᠠᠷᠢᠯᠴᠠᠨ ᠲᠤᠰᠠᠯᠠᠯᠴᠠᠵᠤ ᠲᠣᠭᠠᠴᠠᠭ᠎ᠠ ᠬᠢᠭᠰᠡᠨ ᠨᠢ 218 ᠲᠦᠮᠡᠨ ᠬᠤᠪᠢ ᠪᠤᠢ᠃  ᠭᠤᠸᠠᠩᠳᠦ᠋ᠩ ᠮᠤᠵᠢ ᠶᠢᠨ ᠾᠧ ᠶᠤᠸᠠᠨ ᠬᠤᠲᠠ ᠶᠢᠨ ᠬᠤᠸᠠᠩ ᠠᠪᠤᠭᠠᠶ ᠶᠢᠨ ᠬᠦᠦ ᠨᠢ ᠭᠤᠸᠠᠩᠵᠧᠦ ᠳᠤ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠨ᠎ᠠ᠃ 2023 ᠣᠨ ᠠᠴᠠ ᠡᠬᠢᠯᠡᠨ᠂ ᠬᠤᠸᠠᠩ ᠠᠪᠤᠭᠠᠢ ᠵᠠᠯᠭᠠᠭ᠎ᠠ ᠪᠠᠷ 2 ᠵᠢᠯ ᠥᠪᠡᠷ ᠤᠨ ᠠᠵᠢᠯᠳᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠭᠡ ᠶᠢᠨ ᠪᠡᠯᠡ ᠮᠥᠩᠭᠦ ᠪᠠᠷ ᠬᠦᠦ ᠳᠤ ᠪᠠᠨ ᠭᠤᠸᠠᠩᠵᠧᠦ ᠬᠤᠳᠠ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠪᠠ᠃ ︽ᠰᠦᠯᠵᠢᠶᠡᠨ ᠳᠡᠭᠡᠷ᠎ᠡ ᠭᠦᠢᠴᠡᠳᠬᠡᠵᠦ ᠳᠡᠶᠢᠯᠦᠨ᠎ᠡ᠂ ᠮᠠᠰᠢ ᠳᠥᠭᠦᠮ︾ ᠭᠡᠵᠦ ᠬᠤᠸ᠋ᠩ ᠠᠪᠤᠬᠠᠢ ᠬᠡᠯᠡᠭᠰᠡᠨ ᠪᠠᠶᠢᠨ᠎ᠠ᠃ 2024 ᠣᠨ ᠤ 4 ᠳ᠋ᠦ᠋ᠭᠡᠷ ᠰᠠᠷ᠎ᠠ ᠳᠤ ᠬᠤᠸᠠᠩ ᠠᠪᠤᠭᠠᠢ ᠶᠢᠨ ᠠᠪᠤ ᠨᠢ ᠭᠡᠨᠡᠳᠲᠡ ᠶᠢᠨ ᠡᠪᠡᠳᠴᠢᠨ ᠢᠶᠠᠷ ᠾᠧ ᠶᠤᠸᠠᠨ ᠬᠤᠲᠠ ᠠᠴᠠ ᠭᠤᠸᠠᠩᠳᠦ᠋ᠩ ᠮᠤᠵᠢ ᠶᠢᠨ ᠠᠷᠠᠳ ᠤᠨ ᠡᠮᠨᠡᠯᠭᠡ ᠶᠢᠨ ᠬᠤᠷᠢᠶᠠᠨ ᠳᠤ ᠰᠢᠯᠵᠢᠵᠦ ᠮᠡᠰᠡ ᠵᠠᠰᠠᠯ ᠬᠢᠯᠭᠡᠭᠡᠳ ᠬᠤᠪᠢ ᠬᠥᠮᠦᠨ ᠤ ᠥᠪᠡᠷ ᠢᠶᠠᠨ ᠲᠤᠰᠢᠶᠠᠬᠤ ᠡᠮᠴᠢᠯᠡᠭᠡᠨ ᠤ ᠵᠠᠷᠤᠳᠠᠯ ᠢᠶᠠᠨ ᠴᠦ ︽ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ ᠪᠠᠷ ᠳᠠᠮᠵᠢᠵᠤ᠂ ᠬᠤᠸᠠᠩ ᠠᠪᠤᠭᠠᠢ ᠶᠢᠨ ᠡᠮᠴᠢᠯᠡᠭᠡᠨ ᠤ ᠳᠠᠭᠠᠳᠬᠠᠯ ᠤᠨ  ᠳᠠᠩᠰᠠᠨ ᠡᠷᠦᠬᠡ ᠶᠢᠨ ᠶᠢᠨ ᠪᠡᠯᠡ ᠮᠥᠩᠭᠦ ᠪᠠᠷ ᠲᠤᠰᠢᠶᠠᠪᠠ᠃  ᠣᠳᠣᠬᠠᠨ ᠳᠤ᠂ ᠾᠧᠪᠧᠶ᠂ ᠵᠢᠶᠠᠩᠰᠦ ᠵᠡᠷᠭᠡ ᠭᠠᠵᠠᠷ ᠲᠤ᠂ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠭᠰᠠᠳ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠦᠯᠡᠳᠡᠪᠦᠷᠢ ᠨᠢ ᠮᠤᠵᠢ ᠶᠢᠨ ᠳᠣᠲᠣᠷ᠎ᠠ ᠪᠠᠨ ᠣᠨᠳᠣᠤ ᠭᠠᠵᠠᠷ ᠲᠤ ᠳᠠᠭᠠᠳᠬᠠᠯ ᠳᠤ ᠣᠷᠣᠯᠴᠠᠭᠰᠠᠨ ᠰᠢᠭᠤᠳ ᠲᠥᠷᠥᠯ ᠰᠠᠳᠤᠨ ᠳᠤ ᠪᠠᠨ ᠬᠠᠷᠢᠯᠴᠠᠨ ᠲᠤᠰᠠᠯᠠᠯᠴᠠᠵᠤ ᠪᠣᠯᠬᠤ ᠪᠠᠷ ᠪᠠᠷᠠᠬᠤ ᠦᠭᠡᠢ ᠪᠠᠰᠠ ᠮᠤᠵᠢ ᠠᠯᠤᠰᠯᠠᠨ ᠬᠡᠷᠡᠭᠯᠡᠵᠦ ᠪᠣᠯᠤᠨ᠎ᠠ᠃  ︽ᠮᠢᠨᠤ ᠬᠤᠪᠢ ᠬᠥᠮᠥᠨ ᠤ ᠳᠠᠩᠰᠠᠨ ᠳᠣᠲᠣᠷᠠᠬᠢ ᠵᠣᠭᠤᠰ ᠢ ᠡᠵᠢ ᠳᠡᠭᠡᠨ ᠬᠡᠷᠡᠭᠯᠡᠵᠦ ᠪᠣᠯᠬᠤ ᠮᠥᠷᠲᠡᠭᠡᠨ ᠪᠠᠰᠠ ᠮᠤᠵᠢ ᠠᠯᠤᠰᠯᠠᠵᠤ ᠬᠡᠷᠡᠭᠯᠡᠭᠦᠯᠵᠦ ᠪᠣᠯᠣᠨ᠎ᠠ᠂ ᠡᠨᠡ ᠴᠢᠨᠢ ᠦᠨᠡᠬᠡᠷ ᠪᠢᠳᠡᠨ ᠤ ᠪᠠᠴᠢᠮ ᠪᠠᠶᠢᠳᠠᠯ ᠢ ᠰᠢᠢᠳᠪᠦᠷᠢᠯᠡᠵᠦ ᠥᠭᠭᠦᠭᠰᠡᠨ ᠪᠠᠶᠢᠨ᠎ᠠ︕︾  ᠡᠨᠡ ᠵᠢᠯ ᠤᠨ 4 ᠳ᠋ᠦ᠋ᠭᠡᠷ ᠰᠠᠷ᠎ᠠ ᠳᠤ᠂ ᠾᠧᠪᠧᠢ ᠮᠣᠵᠢ ᠶᠢᠨ ᠲᠠᠩ ᠱᠠᠨ ᠬᠤᠲᠠ ᠶᠢᠨ ᠳᠠᠭᠠᠳᠬᠠᠯ ᠳᠤ ᠣᠷᠣᠯᠴᠠᠭᠴᠢ ᠳ᠋ᠦᠩ ᠠᠪᠠᠭ᠋ᠠᠢ ︽ᠲᠠᠰᠤᠯᠳᠠᠩᠭᠤᠢ ᠴᠢᠨᠠᠷᠲᠠᠢ ᠵᠢᠷᠦᠬᠡᠨ ᠲᠣᠰᠬᠤᠭᠤᠷ ᠤᠨ ᠴᠡᠴᠡᠷᠡᠯᠲᠡ︾ ᠪᠠᠷ ᠪᠡᠭᠡᠵᠢᠩ ᠳᠤ ᠪᠠᠶᠢᠭ᠎ᠠ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠰᠢᠤᠸᠠᠨ ᠡᠦ ᠡᠮᠨᠡᠯᠭᠡ ᠶᠢᠨ ᠬᠤᠷᠢᠶᠠᠨ ᠳᠤ ᠡᠮᠨᠡᠯᠭᠡ ᠳᠤ ᠰᠠᠭᠤᠵᠤ ᠡᠮᠨᠡᠭᠦᠯᠪᠡ᠃ ᠠᠳᠠᠯᠢᠬᠠᠨ ᠾᠧᠪᠧᠢ ᠶᠢᠨ ᠳᠠᠭᠠᠳᠬᠠᠯ ᠳᠤ ᠣᠷᠣᠯᠴᠠᠭᠴᠢ ᠪᠣᠯᠬᠤ ᠲᠡᠭᠦᠨ ᠤ ᠬᠦᠦ ᠨᠢ ᠰᠢᠶᠣᠥ ᠭᠤᠣ᠂ ᠥᠪᠡᠷ ᠤᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠳᠠᠬᠢ ᠵᠣᠭᠤᠰ ᠢᠶᠠᠷ ᠢᠶᠠᠨ ᠡᠵᠢ ᠳᠡᠭᠡᠨ ︽ᠮᠤᠵᠢ ᠠᠯᠤᠰᠯᠠᠨ︾ ᠡᠮ ᠡᠮᠨᠡᠯᠭᠡ ᠶᠢᠨ ᠰᠦᠢᠳᠭᠡᠯ ᠢ  ᠨᠢ ᠲᠤᠰᠢᠶᠠᠪᠠ᠃  ᠣᠶᠢᠯᠠᠭᠠᠭᠰᠠᠨ ᠢᠶᠠᠷ᠂ ᠪᠥᠬᠦ ᠤᠯᠤᠰ ᠤᠨ ᠡᠯ᠎ᠡ ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠸᠢᠴᠠᠲ ᠤᠨ ᠵᠢᠵᠢᠭ ᠫᠷᠤᠭ᠍ᠷᠠᠮ ᠪᠤᠶᠤ APP ᠶᠢ ᠵᠠᠯᠭᠠᠭ᠎ᠠ ᠪᠠᠷ ᠨᠡᠭᠡᠭᠡᠨ ᠬᠥᠭᠵᠢᠭᠦᠯᠵᠦ᠂ ᠳᠠᠭᠠᠳᠬᠠᠯ ᠳᠤ ᠣᠷᠣᠯᠴᠠᠭᠰᠠᠨ ᠨᠠᠩ ᠣᠯᠠᠨ ᠣᠯᠠᠨ ᠲᠦᠮᠡᠨ ᠤ ︽ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ ᠲᠥᠷᠥ ᠶᠢᠨ ᠪᠣᠳᠣᠯᠭ᠎ᠠ ᠶᠢ ᠭᠥᠷᠳᠡᠬᠦ ᠳᠤ ᠲᠥᠬᠦᠮ ᠦᠵᠡᠭᠦᠯᠪᠡ᠃ ᠬᠡᠯᠡᠯᠭᠡᠨ ᠦᠭᠡᠢ᠂ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ︽ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ ᠲᠥᠷᠥ ᠶᠢᠨ ᠪᠣᠳᠣᠯᠭ᠎ᠠ ᠶᠢ ᠳᠥᠭᠦᠮ ᠳᠥᠲᠡ ᠭᠥᠷᠳᠡᠬᠦ ᠶᠢᠨ ᠬᠠᠮᠲᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠤ ᠲᠥᠯᠥᠭᠡ᠂ ᠪᠠᠰᠠ ᠴᠤ ᠲᠠᠨ ᠤ ᠬᠤᠪᠢ ᠬᠥᠮᠦᠨ ᠤ ᠡᠷᠡᠭᠦᠯ ᠮᠡᠨᠳᠦ ᠶᠢᠨ ᠲᠥᠯᠥᠭᠡ᠂ ᠲᠠ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠵᠣᠭᠤᠰ ᠢ ᠬᠠᠷᠢᠯᠴᠠᠨ ᠲᠤᠰᠠᠯᠠᠯᠴᠠᠵᠤ ᠪᠣᠯᠣᠨ᠎ᠠ᠂ ᠺᠠᠷᠲ ᠢ ᠬᠠᠮᠲᠤ ᠪᠠᠷ ᠬᠡᠷᠡᠭᠯᠡᠵᠦ ᠪᠣᠯᠬᠤ ᠥᠬᠡᠶ ᠭᠡᠳᠡᠭ ᠢ ᠪᠠᠲᠤ ᠴᠡᠭᠡᠵᠢᠯᠡᠬᠦ ᠬᠡᠷᠡᠭᠲᠡᠶ᠃  
 
ᠢᠷᠡᠯᠲᠡ᠄ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号