ᠡᠮᠴᠢᠯᠡᠭᠡᠨ ᠤ ᠳᠠᠭᠠᠳᠬᠠᠯ ᠤᠨ ᠺᠠᠷᠲ ᠲᠠᠬᠢ ᠵᠣᠭᠤᠰ ᠢᠶᠠᠷ ᠠᠪᠤ ᠡᠵᠢ ᠳᠡᠭᠡᠨ ᠡᠮ ᠠᠪᠴᠤ  ᠥᠭᠴᠦ ᠪᠣᠯᠣᠨ᠎ᠠ ᠦᠦ︖
ᠨᠡᠶᠢᠲᠡᠯᠡᠭᠰᠡᠨ ᠴᠠᠭ᠄
2024/5/11
  ᠵᠠᠯᠠᠭᠤᠴᠤᠳ ᠪᠡᠶ᠎ᠡ ᠴᠢᠭᠢᠷᠠᠭ ᠂ ᠡᠪᠡᠳᠴᠢᠨ ᠡᠮᠭᠡᠭ ᠬᠦᠷᠬᠦ ᠨᠢ ᠪᠠᠭ᠎ᠠ ᠂ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠳᠤ ᠪᠠᠭ᠎ᠠ ᠪᠤᠰᠤ ᠵᠣᠭᠤᠰ ᠬᠠᠳᠠᠭᠠᠯᠠᠭᠳᠠᠵᠤ ᠪᠠᠶᠢᠳᠠᠭ ᠂ ᠡᠳᠡᠭᠡᠷ ᠵᠣᠭᠤᠰ ᠢ ᠭᠡᠷ ᠤᠨ ᠬᠥᠮᠦᠰ ᠳᠡᠭᠡᠨ ᠬᠡᠷᠡᠭᠯᠡᠭᠦᠯᠵᠦ ᠪᠣᠯᠣᠨ᠎ᠠ ᠤᠤ︖ ᠶᠠᠭᠠᠬᠢᠵᠤ ᠬᠡᠷᠡᠭᠯᠡᠭᠦᠯᠬᠦ ᠪᠤᠢ︖ ᠣᠶᠢᠷ᠎ᠠ ᠳᠤ ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠣᠯᠠᠨ ᠨᠡᠶᠢᠲᠡ ᠶᠢᠨ ᠸᠢᠴᠠᠲ ᠳ᠋ᠤᠭᠠᠷ ᠵᠣᠬᠢᠶᠠᠯ ᠨᠡᠶᠢᠲᠡᠯᠡᠵᠦ ᠂ ᠳᠠᠭᠠᠳᠬᠠᠯ ᠳᠤ ᠣᠷᠣᠯᠴᠠᠭᠰᠠᠳ ᠤᠨ ᠠᠩᠬᠠᠷᠴᠤ ᠪᠠᠶᠢᠭ᠎ᠠ ︽ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ ᠠᠰᠠᠭᠤᠳᠠᠯ ᠳᠤ ᠲᠥᠪᠯᠡᠷᠡᠭᠦᠯᠦᠨ ᠲᠠᠶᠢᠯᠤᠮᠵᠢ ᠬᠢᠪᠡ ᠃  ᠠᠰᠠᠭᠤᠯᠲᠠ᠄ ᠮᠢᠨᠤ ᠡᠮᠴᠢᠯᠡᠭᠡᠨ ᠤ ᠳᠠᠭᠠᠳᠬᠠᠯ ᠤᠨ ᠺᠠᠷᠲ ᠲᠠᠬᠢ ᠵᠣᠭᠤᠰ ᠢ ᠭᠡᠷ ᠤᠨ ᠬᠥᠮᠦᠰ ᠲᠡᠭᠡᠨ ᠬᠡᠷᠡᠭᠯᠡᠭᠦᠯᠵᠦ ᠪᠣᠯᠣᠨ᠎ᠠ ᠦᠦ︖  ᠬᠠᠷᠢᠭᠤᠯᠲᠠ᠄ ᠬᠡᠷᠪᠡ ᠲᠠᠨ ᠤ ᠬᠡᠯᠡᠵᠦ ᠪᠠᠶᠢᠭ᠎ᠠ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠺᠠᠷᠲ ᠲᠠᠬᠢ ᠵᠣᠭᠤᠰ ᠨᠢ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠶᠢᠨ ᠦᠯᠡᠳᠡᠪᠦᠷᠢ ᠶᠢ ᠵᠢᠭᠠᠵᠤ ᠪᠠᠶᠢᠪᠠᠯ ᠂ ᠪᠣᠯᠣᠨ᠎ᠠ ᠃ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠤ ᠳᠠᠷᠠᠭ᠎ᠠ ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ︽ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ ᠶᠢ ᠭᠦᠢᠴᠡᠳᠭᠡᠬᠦ ᠪᠠᠷ ᠳᠠᠮᠵᠢᠭᠤᠯᠤᠨ ᠂ ᠬᠤᠪᠢ ᠬᠥᠮᠦᠨ ᠤ ᠲᠠᠩᠰᠠᠨ ᠡᠷᠦᠬᠡ ᠨᠢ ᠨᠢᠭᠡᠨᠲᠡ ᠳᠠᠭᠠᠳᠬᠠᠯ ᠳᠤ ᠣᠷᠣᠯᠴᠠᠭᠰᠠᠨ ᠠᠪᠤ ᠡᠵᠢ ᠂ ᠬᠠᠨᠢ ᠨᠥᠬᠦᠷ ᠪᠠ ᠦᠷ᠎ᠡ ᠬᠡᠤᠬᠡᠳ ᠲᠡᠭᠡᠨ ᠡᠷᠬᠡ ᠣᠯᠭᠤᠵᠤ ᠪᠣᠯᠤᠨ᠎ᠠ ᠂ ᠵᠢᠱᠢᠶᠡᠯᠡᠪᠡᠯ ᠲᠣᠭᠲᠠᠭᠠᠯ ᠳᠤ ᠨᠡᠶᠢᠴᠡᠬᠦ ᠡᠮ ᠡᠮᠨᠡᠯᠭᠡ ᠶᠢᠨ ᠵᠠᠷᠤᠳᠠᠯ ᠳᠠᠬᠢ ᠬᠤᠪᠢ ᠬᠥᠮᠦᠨ ᠤ ᠥᠪᠡᠰᠦᠪᠡᠨ ᠥᠭᠬᠦ ᠬᠡᠰᠡᠭ ᠢ ᠥᠭᠬᠦ ᠳᠤ ᠬᠡᠷᠡᠭᠯᠡᠵᠦ ᠪᠣᠯᠣᠨ᠎ᠠ ᠃   ᠵᠢᠱᠢᠶᠡᠯᠡᠪᠡᠯ ᠂ ᠯᠢ ᠮᠢᠩ ᠤᠨ ᠬᠦᠦ ᠯᠢ ᠰᠢᠶᠤᠤ ᠮᠢᠩ ᠡᠪᠡᠳᠴᠢᠯᠡᠵᠦ ᠂ ᠯᠢ ᠰᠢᠶᠤᠤ ᠮᠢᠩ ᠡᠮ ᠬᠤᠳᠠᠯᠳᠤᠨ ᠠᠪᠬᠤ ᠳᠤ ᠬᠤᠪᠢ ᠬᠥᠮᠦᠨ 100 ᠲᠥᠭᠦᠷᠢᠭ ᠲᠤᠰᠢᠶᠠᠬᠤ ᠬᠡᠷᠡᠭᠲᠡᠢ ᠃ ᠯᠢ ᠮᠢᠩ ᠤᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠳᠤ ᠪᠠᠰᠠ ᠦᠯᠡᠳᠡᠪᠦᠷᠢ ᠲᠠᠢ ᠪᠠᠶᠢᠵᠤ ᠂ ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠶᠢ ᠭᠦᠢᠴᠡᠳᠬᠡᠭᠰᠡᠨ ᠤ ᠳᠠᠷᠠᠭ᠎ᠠ ᠂ ᠯᠢ ᠰᠢᠶᠤᠤ ᠮᠢᠩ ᠯᠢ ᠮᠢᠩ ᠤᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠵᠣᠭᠤᠰ ᠢᠶᠠᠷ ᠡᠨᠡ 100 ᠲᠥᠭᠦᠷᠢᠭ ᠥᠭᠴᠦ ᠪᠣᠯᠤᠨ᠎ᠠ ᠂ ᠡᠨᠡ ᠪᠣᠯ ᠳᠠᠷᠤᠶ ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠶᠠᠪᠤᠳᠠᠯ ᠪᠣᠯᠤᠨ᠎ᠠ ᠃  ᠠᠰᠠᠭᠤᠯᠲᠠ᠄ ︽ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ ᠶᠢ ᠬᠡᠷᠬᠢᠨ ᠭᠦᠢᠴᠡᠳᠬᠡᠬᠦ ᠪᠤᠢ︖  ᠬᠠᠷᠢᠭᠤᠯᠲᠠ᠄ ᠳᠠᠭᠠᠳᠬᠠᠯ ᠳᠤ ᠣᠷᠣᠯᠴᠠᠭᠴᠢ ︵ᠡᠩ ᠤᠨ ᠪᠠᠶᠢᠳᠠᠯ ᠳᠤ ᠬᠠᠷᠢᠯᠴᠠᠨ ᠲᠤᠰᠠᠯᠠᠭᠴᠢ ᠶᠢ ᠵᠢᠭᠠᠨ᠎ᠠ︶ ᠤᠯᠤᠰ ᠤᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ APP ᠶᠢᠨ ᠣᠷᠣᠨ ᠨᠤᠲᠤᠭ ᠤᠨ ᠲᠤᠰᠬᠠᠶ ᠲᠣᠭᠤᠷᠢᠭ ᠂ ᠲᠤᠬᠠᠶ ᠶᠢᠨ ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠨ ᠣᠯᠠᠨ ᠨᠡᠶᠢᠲᠡ ᠶᠢᠨ ᠸᠢᠴᠠᠲ ᠲᠠᠪᠴᠠᠩ ᠂ ᠠᠯᠪᠠᠨ ᠤ ᠰᠦᠯᠵᠢᠶ᠎ᠡ ᠵᠡᠷᠭᠡ ᠶᠢᠨ ︽ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ ᠴᠢᠳᠠᠮᠵᠢ ᠶᠢᠨ ᠬᠡᠰᠡᠭ ᠢᠶᠠᠷ ᠳᠠᠮᠵᠢᠭᠤᠯᠤᠨ ᠂ ᠰᠦᠯᠵᠢᠶᠡᠨ ᠳᠡᠭᠡᠷ᠎ᠡ ᠭᠦᠢᠴᠡᠳᠬᠡᠵᠦ ᠂ ᠪᠣᠳᠠᠲᠠᠶ ᠠᠷᠭ᠎ᠠ ᠵᠠᠮ ᠢ ᠡᠯ᠎ᠡ ᠨᠢᠭᠡᠳᠦᠯᠲᠡᠶ ᠲᠥᠯᠥᠪᠯᠡᠬᠦ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠠᠴᠠ ᠨᠡᠶᠢᠭᠡᠮ ᠳᠤ ᠢᠯᠡ ᠪᠣᠯᠭᠠᠨ᠎ᠠ ᠃ ᠣᠶᠤᠨᠴᠢ ᠲᠥᠬᠦᠭᠡᠷᠦᠮᠵᠢ ᠶᠢ ᠠᠵᠢᠯᠯᠠᠭᠤᠯᠬᠤ ᠳᠤ ᠬᠦᠴᠢᠷᠲᠡᠶ ᠨᠠᠰᠤᠲᠠᠶᠢᠴᠤᠳ ᠵᠡᠷᠭᠡ ᠣᠨᠴᠠᠭᠠᠶ ᠬᠠᠮᠲᠤᠯᠢᠭ ᠨᠢ ᠰᠦᠯᠵᠢᠶᠡᠨ ᠭᠠᠳᠠᠨᠠᠬᠢ ᠡᠮᠴᠢᠯᠡᠭᠡᠨ ᠤ ᠳᠠᠭᠠᠳᠬᠠᠯ ᠤᠨ ᠶᠡᠭᠡ ᠲᠢᠩᠬᠢᠮ ᠳᠤ ᠭᠦᠢᠴᠡᠳᠭᠡᠵᠦ ᠪᠣᠯᠤᠨ᠎ᠠ ᠃  ᠠᠰᠠᠭᠤᠯᠲᠠ᠄ ᠭᠡᠷ ᠪᠦᠯᠢ ᠶᠢᠨ ᠪᠦᠷᠢᠯᠳᠦᠬᠦᠨ ᠯᠡ ᠶᠤᠮ ᠪᠣᠯ ︽ᠭᠡᠷ ᠪᠦᠯᠢ ᠶᠢᠨ ᠬᠠᠷᠢᠯᠴᠠᠨ       ᠲᠤᠰᠠᠯᠠᠯᠴᠠᠬᠤ︾ ᠶᠢ ᠬᠡᠷᠡᠭᠯᠡᠵᠦ ᠪᠣᠯᠤᠨ᠎ᠠ ᠦᠦ︖  ᠬᠠᠷᠢᠭᠤᠯᠲᠠ᠄ ᠪᠢᠰᠢ ᠃ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢᠨ ᠬᠠᠷᠢᠯᠴᠠᠨ ᠲᠤᠰᠠᠯᠠᠯᠴᠠᠬᠤ ᠶᠢ ᠭᠦᠢᠴᠡᠳᠬᠡᠭᠰᠡᠨ ᠭᠡᠷ ᠪᠦᠯᠢ ᠶᠢᠨ ᠪᠦᠷᠢᠯᠳᠦᠬᠦᠨ ᠰᠠᠶ᠋ᠢ ᠡᠨᠡ ᠬᠦ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ ᠃  ᠵᠢᠱᠢᠶᠡᠯᠡᠪᠡᠯ ᠂ ᠯᠢ ᠮᠢᠩ ᠤᠨ ᠡᠵᠢ ᠂ ᠬᠦᠦ ᠪᠣᠯᠤᠨ ᠬᠠᠳᠠᠮ ᠠᠪᠤ ᠨᠢ ᠴᠥᠮ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠥᠭᠡᠳ ᠬᠤᠪᠢ ᠬᠥᠮᠦᠨ ᠤ ᠳᠠᠩᠰᠠᠨ ᠡᠷᠦᠬᠡ ᠳᠤ ᠴᠥᠮ ᠦᠯᠡᠳᠡᠪᠦᠷᠢ ᠲᠠᠢ ᠃ ᠡᠭᠦᠨ ᠤ ᠳᠣᠲᠣᠷ᠎ᠠ ᠵᠥᠪᠬᠡᠨ ᠲᠡᠭᠦᠨ ᠤ ᠬᠦᠦ ᠨᠢ ᠯᠢ ᠮᠢᠩ ᠲᠠᠢ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠶᠢ ᠭᠦᠢᠴᠡᠳᠬᠡᠵᠦ ᠂ ᠯᠢ ᠮᠢᠩ ᠵᠥᠪᠬᠡᠨ ᠬᠦᠦ ᠶᠢᠨ ᠢᠶᠠᠨ ᠬᠤᠪᠢ ᠶᠢᠨ ᠲᠠᠩᠰᠠᠨ ᠡᠷᠦᠬᠡ ᠶᠢᠨ ᠦᠯᠡᠳᠡᠪᠦᠷᠢ ᠲᠤᠭ᠎ᠠ ᠪᠠᠷ ᠵᠠᠷᠤᠳᠠᠯ ᠢ ᠲᠥᠯᠥᠵᠦ ᠪᠣᠯᠤᠨ᠎ᠠ ᠃ ᠡᠵᠢ ᠶᠢᠨ ᠬᠢᠨ ᠳᠠᠩᠰᠠᠨ ᠡᠷᠦᠬᠡ ᠨᠢ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠨᠢ ᠬᠤᠪᠢ ᠬᠥᠮᠦᠨ ᠤ ᠳᠠᠩᠰᠠᠨ ᠡᠷᠦᠬᠡ ᠶᠢᠨ ᠬᠠᠷᠢᠯᠴᠠᠨ ᠲᠤᠰᠠᠯᠠᠯᠴᠠᠬᠤ ᠶᠢ ᠭᠦᠢᠴᠡᠳᠬᠡᠭᠰᠡᠨ ᠦᠭᠡᠢ ᠲᠤᠯᠠ ᠬᠠᠷᠢᠯᠴᠠᠨ ᠲᠤᠰᠠᠯᠠᠯᠴᠠᠵᠤ ᠪᠣᠯᠬᠤ ᠥᠬᠡᠢ ᠃ ᠬᠠᠳᠠᠮ ᠠᠪᠤ ᠨᠢ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠪᠦᠷᠢᠯᠳᠦᠬᠦᠨ ᠳᠤ ᠲᠣᠭᠠᠴᠠᠭᠳᠠᠬᠤ ᠦᠭᠡᠶ ᠂ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ  ᠶᠢ ᠭᠦᠢᠴᠡᠳᠬᠡᠵᠦ ᠪᠣᠯᠬᠤ ᠦᠭᠡᠶ ᠃  ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠤᠨ ᠬᠤᠪᠢ ᠬᠥᠮᠥᠨ ᠤ ᠲᠠᠩᠰᠠᠨ ᠡᠷᠦᠬᠡ ᠶᠢᠨ ᠰᠠᠭᠤᠷᠢ ᠮᠥᠩᠭᠦ ᠶᠢ ᠠᠪᠤ ᠡᠵᠢ ᠂ ᠬᠠᠨᠢ ᠨᠥᠬᠦᠷ ᠂ ᠦᠷ᠎ᠡ ᠬᠡᠦᠬᠡᠳ ᠲᠤ ᠪᠠᠨ ᠬᠡᠷᠡᠭᠯᠡᠭᠦᠯᠵᠦ ᠪᠣᠯᠣᠨ᠎ᠠ ᠂ ᠭᠡᠪᠡᠴᠦ ᠡᠷᠬᠡᠪᠰᠢ ᠬᠤᠶᠠᠷ ᠤᠷᠢᠲᠠᠯ ᠪᠠᠶᠢᠬᠤ ᠬᠡᠷᠡᠭᠲᠡᠢ᠄ ᠨᠢᠭᠡ ᠳᠤ ᠲᠠᠨ ᠤ ᠠᠪᠤ ᠡᠵᠢ ᠂ ᠬᠠᠨᠢ ᠨᠥᠬᠦᠷ ᠂ ᠦᠷ᠎ᠡ ᠬᠡᠦᠬᠡᠳ ᠨᠢ ᠪᠠᠰᠠ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠠᠶᠢᠬᠤ ᠬᠡᠷᠡᠭᠲᠡᠢ ︵ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠪᠠ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠪᠠᠭᠲᠠᠨ᠎ᠠ︶︔  ᠬᠤᠶᠠᠷ ᠲᠤ ᠂ ᠲᠠ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠶᠢ ᠭᠦᠢᠴᠡᠳᠬᠡᠭᠰᠡᠨ ᠪᠠᠶᠢᠬᠤ ᠬᠡᠷᠡᠭᠲᠡᠢ ᠃ ᠡᠭᠦᠨ ᠤ ᠬᠠᠮᠲᠤ ᠠᠩᠬᠠᠷᠬᠤ ᠴᠢᠬᠤᠯᠠ ᠲᠠᠢ᠄ ᠨᠢᠭᠡ ᠳᠤ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠡᠲᠡᠭᠡᠳ ᠲᠤ ᠬᠠᠨᠢ ᠨᠥᠬᠦᠷ ᠤᠨ ᠬᠢᠨ ᠠᠪᠤ ᠡᠵᠢ ᠪᠠᠭᠲᠠᠬᠤ ᠦᠭᠡᠢ ᠃ ᠬᠤᠶᠠᠷ ᠲᠤ ᠬᠠᠷᠢᠯᠴᠠᠨ ᠲᠤᠰᠠᠯᠠᠯᠴᠠᠬᠤ ᠶᠢ ᠬᠦᠷᠲᠡᠬᠦ ᠡᠲᠡᠭᠡᠳ ᠨᠢ  ᠬᠠᠷᠢᠯᠴᠠᠨ ᠲᠤᠰᠠᠯᠠᠭᠴᠢ ᠶᠢᠨ ᠡᠮᠴᠢᠯᠡᠭᠡᠨ ᠤ ᠴᠠᠶᠢᠷᠠᠭᠤᠯᠬᠤ ᠶᠢ ᠬᠦᠷᠲᠡᠵᠦ ᠪᠣᠯᠬᠤ ᠦᠭᠡᠢ ᠂ ᠲᠤᠬᠠᠶᠢᠯᠠᠪᠠᠯ ᠲᠠ ᠬᠤᠪᠢ ᠬᠥᠮᠥᠨ ᠤ ᠳᠠᠩᠰᠠᠨ ᠡᠷᠦᠬᠡ ᠳᠠᠬᠢ ᠵᠣᠭᠤᠰ ᠢ ᠠᠪᠤ ᠡᠵᠢ ᠳᠤ ᠪᠠᠨ ᠬᠡᠷᠡᠭᠯᠡᠭᠦᠯᠵᠦ ᠪᠣᠯᠣᠨ᠎ᠠ ᠂ ᠭᠡᠪᠡᠴᠦ ᠲᠡᠳᠡᠨ ᠡᠪᠡᠳᠴᠢᠨ ᠦᠵᠡᠭᠦᠯᠦᠭᠡᠳ ᠬᠡᠳᠦᠢ ᠵᠣᠭᠤᠰ ᠢ ᠨᠢ ᠴᠠᠶᠢᠷᠠᠭᠤᠯᠬᠤ ᠪᠣᠯᠬᠤ ᠶᠢ ᠲᠡᠳᠡᠨ ᠤ ᠣᠷᠣᠯᠴᠠᠭᠰᠠᠨ ᠡᠮᠴᠢᠯᠡᠭᠡᠨ ᠤ ᠳᠠᠭᠠᠳᠬᠠᠯ ᠤᠨ ᠳᠦᠷᠢᠮ ᠢᠶᠠᠷ ᠲᠣᠭᠲᠠᠭᠠᠭᠳᠠᠨ᠎ᠠ ᠂  ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠠᠶᠢᠪᠠᠯ ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠵᠣᠬᠢᠴᠠᠩᠭᠤᠶ ᠬᠠᠷᠠᠭᠠᠯᠵᠠᠯ ᠢ ᠬᠦᠷᠲᠡᠨ᠎ᠡ︔  ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠠᠶᠢᠪᠠᠯ ᠂ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠵᠣᠬᠢᠴᠠᠩᠭᠤᠶ ᠬᠠᠷᠠᠭᠠᠯᠵᠠᠯ ᠢ ᠬᠦᠷᠲᠡᠨ᠎ᠡ ᠃  ᠠᠰᠠᠭᠤᠯᠲᠠ᠄ ︽ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ ᠶᠢ ᠭᠦᠢᠴᠡᠳᠬᠡᠭᠰᠡᠨ ᠤ ᠳᠠᠷᠠᠭ᠎ᠠ ᠂ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠬᠡᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠪᠡᠯ ᠲᠠᠭᠠᠷᠠᠬᠤ ᠪᠣᠶ︖  ᠬᠠᠷᠢᠭᠤᠯᠲᠠ᠄ ᠶᠠᠮᠠᠷ ᠪᠠᠶᠢᠳᠠᠯ ᠳᠣᠣᠷ᠎ᠠ ᠴᠤ ᠭᠡᠰᠡᠨ ᠂ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠡᠷᠬᠡᠪᠰᠢ ᠡᠪᠡᠳᠴᠢᠲᠡᠨ ᠤ ᠲᠤᠰ ᠪᠡᠶ᠎ᠡ ᠶᠢᠨ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠬᠦ ᠬᠡᠷᠡᠭᠲᠡᠢ ᠃ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠲᠥᠷᠥ ᠶᠢᠨ ᠪᠣᠳᠣᠯᠭ᠎ᠠ ᠨᠢ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠤᠨ ᠬᠤᠪᠢ ᠬᠥᠮᠦᠨ ᠤ ᠳᠠᠩᠰᠠᠨ ᠡᠷᠦᠬᠡ ᠶᠢᠨ ᠵᠣᠭᠤᠰ ᠢᠶᠠᠷ ︽ᠬᠠᠷᠢᠯᠴᠠᠨ ᠲᠤᠰᠠᠯᠠᠯᠴᠠᠬᠤ︾ ᠶᠢ ᠵᠢᠭᠠᠵᠤ ᠂ ᠬᠠᠷᠢᠨ ᠡᠮᠴᠢᠯᠡᠭᠡᠨ ᠤ ᠳᠠᠭᠠᠳᠬᠠᠯ ᠤᠨ ᠺᠠᠷᠲ ᠶᠢ ᠵᠢᠭᠠᠵᠤ ᠪᠠᠶᠢᠬᠤ ᠦᠭᠡᠢ ᠃  ᠡᠮᠴᠢᠯᠡᠭᠡᠨ ᠤ ᠳᠠᠭᠠᠳᠬᠠᠯ ᠤᠨ ᠵᠢᠷᠤᠮᠯᠠᠬᠤ ᠵᠠᠷᠴᠢᠮ ᠪᠣᠯ ︽ᠲᠣᠰ ᠬᠥᠮᠦᠨ ᠨᠢ ᠳᠠᠭᠠᠳᠬᠠᠯ ᠳᠤ ᠣᠷᠣᠯᠴᠠᠵᠤ ᠂ ᠲᠣᠰ ᠬᠥᠮᠦᠨ ᠨᠢ ᠣᠯᠭᠤᠮᠵᠢ ᠭᠥᠷᠳᠡᠬᠦ︾ ᠪᠣᠯᠤᠨ᠎ᠠ ᠃ ᠭᠡᠷ ᠪᠦᠯᠢ ᠶᠢᠨ ᠬᠢᠨ ᠬᠠᠷᠢᠯᠴᠠᠨ ᠲᠤᠰᠠᠯᠠᠯᠴᠠᠭᠰᠠᠨ ᠤ ᠳᠠᠷᠠᠭ᠎ᠠ ᠲᠤᠰ ᠵᠠᠷᠴᠢᠮ ᠢ ᠦᠯᠦ ᠬᠤᠪᠢᠷᠠᠭᠤᠯᠵᠤ ᠂ ᠳᠠᠭᠠᠳᠬᠠᠯ ᠳᠤ ᠣᠷᠣᠯᠴᠠᠭᠰᠠᠳ ᠮᠥᠨ ᠬᠦ ᠥᠪᠡᠷ ᠤᠨ ᠡᠮᠴᠢᠯᠡᠭᠡᠨ ᠤ ᠳᠠᠭᠠᠳᠬᠠᠯ ᠤᠨ ᠺᠠᠷᠲ ᠢᠶᠠᠷ ᠢᠶᠠᠨ ᠡᠪᠡᠳᠴᠢᠨ ᠦᠵᠡᠭᠦᠯᠵᠦ ᠂ ᠲᠣᠭᠲᠠᠭᠠᠯ ᠶᠣᠰᠣᠭᠠᠷ ᠲᠤᠰ ᠬᠥᠮᠦᠨ ᠤ ᠡᠮᠴᠢᠯᠡᠭᠡᠨ ᠤ ᠳᠠᠭᠠᠳᠬᠠᠯ ᠤᠨ ᠣᠯᠭᠤᠮᠵᠢ ᠶᠢ ᠬᠦᠷᠲᠡᠨ᠎ᠡ ᠃  ᠶᠡᠷᠦ ᠶᠢᠨ ᠣᠶᠢᠯᠠᠭᠠᠯᠲᠠ ᠪᠠᠷ ᠵᠣᠭᠤᠰ ᠢ ᠬᠠᠷᠢᠯᠴᠠᠨ ᠲᠤᠰᠠᠯᠠᠯᠴᠠᠵᠤ ᠪᠣᠯᠣᠨ᠎ᠠ ᠂ ᠺᠠᠷᠲ ᠢ ᠬᠠᠮᠲᠤ ᠪᠠᠷ ᠬᠡᠷᠡᠭᠯᠡᠵᠦ ᠪᠣᠯᠬᠤ ᠦᠭᠡᠢ ᠃ ᠢᠩᠭᠢᠪᠡᠯ ᠣᠯᠠᠨ ᠤ ᠠᠳᠡᠭᠦᠷᠡᠯ ᠢ ᠪᠠᠭᠠᠰᠬᠠᠵᠤ ᠳᠡᠶᠢᠯᠦᠨ᠎ᠡ ᠃  ᠠᠰᠠᠭᠤᠯᠲᠠ᠄ ᠲᠤᠰ ᠬᠥᠮᠥᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠬᠦ ᠦᠭᠡᠢ ᠪᠠᠷ ᠡᠮᠨᠡᠭᠦᠯᠪᠡᠯ ᠶᠠᠮᠠᠷ ᠦᠷ᠎ᠡ ᠳ᠋ᠦᠩ ᠭᠠᠷᠬᠤ ᠪᠣᠢ︖  ᠬᠠᠷᠢᠭᠤᠯᠲᠠ᠄ ᠬᠤᠪᠢ ᠬᠥᠮᠥᠨ ᠤ ᠡᠮᠴᠢᠯᠡᠭᠡᠨ ᠤ ᠳᠠᠭᠠᠳᠬᠠᠯ ᠤᠨ ᠺᠠᠷᠲ ᠢᠶᠠᠷ ᠳ᠋ᠤᠭᠠᠷᠯᠠᠵᠤ ᠡᠮᠨᠡᠭᠦᠯᠬᠦ ᠦᠭᠡᠢ ᠪᠣᠯ ︽ᠪᠤᠰᠤᠳ ᠤᠨ ᠨᠡᠷ᠎ᠡ ᠪᠠᠷ ᠡᠮᠨᠡᠭᠦᠯᠬᠦ︾ ᠶᠠᠪᠤᠳᠠᠯ ᠪᠣᠯᠣᠨ᠎ᠠ ᠂ ᠬᠥᠩᠭᠡᠨ ᠪᠣᠯ ᠡᠮᠴᠢᠯᠡᠭᠡᠨ ᠤ ᠵᠠᠷᠤᠳᠠᠯ ᠢ ᠰᠦᠯᠵᠢᠶ᠎ᠡ ᠪᠠᠷ ᠳ᠋ᠦᠩᠨᠡᠨ ᠪᠤᠳᠤᠬᠤ ᠶᠢ ᠨᠢ ᠲᠦᠷ ᠵᠣᠭᠰᠣᠭᠠᠵᠤ ᠂ ᠬᠦᠨᠳᠦ ᠪᠣᠯ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠪᠣᠯᠣᠨ᠎ᠠ ᠃  ︽ᠪᠤᠰᠤᠳ ᠤᠨ ᠨᠡᠷ᠎ᠡ ᠪᠠᠷ ᠡᠮᠨᠡᠭᠦᠯᠬᠦ︾ ᠭᠡᠳᠡᠭ ᠨᠢ ᠳᠠᠷᠤᠶ ᠬᠠᠤᠯᠢ ᠪᠤᠰᠤ ᠪᠠᠷ ᠡᠵᠡᠯᠡᠬᠦ ᠪᠠᠷ ᠵᠣᠷᠢᠯᠭ᠎ᠠ ᠪᠣᠯᠭᠠᠵᠤ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠭᠡᠷᠡᠴᠢ ᠪᠠᠷᠢᠮᠲᠠ ᠶᠢ ᠬᠠᠭᠤᠷᠮᠠᠭᠯᠠᠨ ᠬᠡᠷᠡᠭᠯᠡᠵᠦ ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠳ᠋ᠤᠭᠠᠷᠯᠠᠨ ᠡᠮᠨᠡᠭᠦᠯᠬᠦ ᠶᠢᠨ ᠬᠠᠮᠲᠤ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠤᠳᠤᠬᠤ ᠬᠠᠷᠠᠭᠠᠯᠵᠠᠯ ᠢ ᠬᠦᠷᠲᠡᠵᠦ ᠂ ᠡᠭᠦᠨ ᠢᠶᠠᠷ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠬᠤ ᠦᠢᠯᠡ ᠠᠵᠢᠯᠯᠠᠭ᠎ᠠ ᠪᠣᠯᠤᠨ᠎ᠠ ᠃ ᠠᠳᠡᠬᠢ ︽ᠪᠤᠰᠤᠳ ᠬᠥᠮᠥᠨ︾ ᠭᠡᠳᠡᠭ ᠨᠢ ᠳᠠᠭᠠᠳᠬᠠᠯ ᠳᠤ ᠣᠷᠣᠯᠴᠠᠭᠰᠠᠳ ᠠᠴᠠ ᠪᠤᠰᠤᠳ ᠶᠠᠮᠠᠷᠪᠠ ᠬᠥᠮᠦᠨ ᠢ ᠵᠢᠭᠠᠵᠤ ᠪᠠᠶᠢᠨ᠎ᠠ ᠂ ᠡᠭᠦᠨ ᠳᠤ ᠱᠠᠭᠠᠷᠳᠠᠯᠭ᠎ᠠ ᠶᠣᠰᠣᠭᠠᠷ ︽ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ ᠶᠢ ᠭᠦᠢᠴᠡᠳᠬᠡᠭᠰᠡᠨ ᠦᠭᠡᠢ ᠭᠡᠷ ᠪᠦᠯᠢ ᠶᠢᠨ ᠪᠦᠷᠢᠯᠳᠦᠬᠦᠨ ᠪᠠᠭᠲᠠᠨ᠎ᠠ ᠃  ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠲᠦᠷᠢᠮ︾ ᠤᠨ ᠠᠷᠪᠠᠨ ᠳᠣᠯᠣᠳᠤᠭᠠᠷ ᠵᠦᠢᠯ ᠳᠤ ᠂ ︽ᠳᠠᠭᠠᠳᠬᠠᠯ ᠳᠤ ᠣᠷᠣᠯᠴᠠᠭᠰᠠᠳ ᠲᠣᠰ ᠬᠥᠮᠦᠨ ᠤ ᠡᠮᠴᠢᠯᠡᠭᠡᠨ ᠤ ᠪᠠᠲᠤᠯᠠᠭ᠎ᠠ ᠶᠢᠨ ᠭᠡᠷᠡᠴᠢ ᠪᠠᠷᠢᠮᠲᠠ ᠪᠠᠨ ᠠᠪᠴᠤ ᠡᠮᠨᠡᠭᠦᠯᠬᠦ ᠂ ᠡᠮ ᠬᠤᠳᠠᠯᠳᠤᠨ ᠠᠪᠬᠤ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠰᠢᠯᠭᠠᠯᠲᠠ ᠶᠢ ᠬᠦᠯᠢᠶᠡᠬᠦ︾ ᠬᠡᠷᠡᠭᠲᠡᠶ ᠭᠡᠵᠦ ᠲᠣᠳᠣᠷᠬᠠᠶ ᠲᠣᠭᠲᠠᠭᠠᠪᠠ ᠃ ᠳᠥᠴᠢᠨ ᠨᠢᠭᠡᠳᠦᠭᠡᠷ ᠵᠦᠢᠯ ᠳᠤ ︽ᠬᠤᠪᠢ ᠬᠥᠮᠦᠨ ᠤ ᠡᠮᠴᠢᠯᠡᠭᠡᠨ ᠤ ᠪᠠᠲᠤᠯᠠᠭ᠎ᠠ ᠶᠢᠨ ᠭᠡᠷᠡᠴᠢ ᠪᠠᠷᠢᠮᠲᠠ ᠶᠢ ᠪᠤᠰᠤᠳ ᠬᠥᠮᠦᠨ ᠳᠤ ᠲᠤᠰᠢᠶᠠᠨ ᠬᠡᠷᠡᠭᠯᠡᠭᠦᠯᠵᠦ ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠂ ᠵᠠᠷᠯᠢᠭᠳᠠᠵᠤ ᠪᠠᠶᠢᠭᠠᠳ ᠪᠤᠴᠠᠭᠠᠯᠭᠠᠨ᠎ᠠ︔ ᠳᠠᠭᠠᠳᠬᠠᠯ ᠳᠤ ᠣᠷᠣᠯᠴᠠᠭᠴᠢ ᠳᠤ ᠬᠠᠷᠢᠶᠠᠯᠠᠭᠳᠠᠪᠠᠯ ᠂ ᠡᠮᠴᠢᠯᠡᠭᠡᠨ ᠤ ᠵᠠᠷᠤᠳᠠᠯ ᠢ ᠰᠦᠯᠵᠢᠶ᠎ᠡ ᠪᠠᠷ ᠳ᠋ᠦᠩᠨᠡᠨ ᠪᠤᠳᠤᠬᠤ ᠶᠢ 3 ᠰᠠᠷ᠎ᠠ ᠠᠴᠠ 12 ᠰᠠᠷ᠎ᠠ ᠲᠦᠷ ᠵᠣᠭᠰᠣᠭᠠᠨ᠎ᠠ︔  ᠪᠤᠰᠤᠳ ᠤᠨ ᠡᠮᠴᠢᠯᠡᠭᠡᠨ ᠤ ᠪᠠᠲᠤᠯᠠᠭ᠎ᠠ ᠶᠢᠨ ᠭᠡᠷᠡᠴᠢ ᠪᠠᠷᠢᠮᠲᠠ ᠶᠢ ᠬᠡᠷᠡᠭᠯᠡᠨ ᠬᠥᠮᠦᠨ ᠤ ᠨᠡᠷ᠎ᠡ ᠪᠠᠷ ᠡᠮᠨᠡᠭᠦᠯᠬᠦ ᠪᠠ ᠡᠮ ᠬᠤᠳᠠᠯᠳᠤᠨ ᠠᠪᠤᠭᠠᠳ ᠡᠮᠴᠢᠯᠡᠭᠡᠨ ᠤ ᠰᠠᠭᠤᠷᠢ ᠮᠥᠩᠭᠦ ᠳᠤ ᠬᠤᠬᠢᠷᠠᠯ ᠤᠴᠠᠷᠠᠭᠤᠯᠤᠭᠰᠠᠨ ᠪᠣᠯ ᠪᠠᠰᠠ ᠮᠡᠬᠡᠯᠡᠨ ᠠᠪᠤᠭᠰᠠᠨ ᠵᠣᠭᠤᠰ ᠤᠨ ᠲᠤᠭ᠎ᠠ ᠶᠢᠨ 2 ᠳᠠᠬᠢᠨ ᠠᠴᠠ ᠳᠡᠭᠡᠭᠰᠢ 5 ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠬᠤ ᠬᠡᠷᠡᠭᠲᠡᠶ ᠃ ︾ ᠭᠡᠵᠦ ᠲᠣᠳᠣᠷᠬᠠᠢ ᠵᠢᠭᠠᠵᠤ ᠭᠠᠷᠭᠠᠪᠠ ᠃ ᠬᠡᠷᠪᠡ ᠵᠣᠭᠤᠰ ᠤᠨ ᠲᠤᠭ᠎ᠠ ᠨᠢ ᠨᠡᠯᠢᠶᠡᠳ ᠶᠡᠭᠡ ᠂ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠪᠠᠰᠠ ᠮᠡᠬᠡᠯᠡᠭᠰᠡᠨ ᠶᠠᠯ᠎ᠠ ᠪᠣᠯᠤᠨ᠎ᠠ ᠃  ᠵᠢᠱᠢᠶᠠᠯᠡᠪᠡᠯ ᠂ ︽ᠡᠶᠢᠮᠦ ᠪᠠᠭ᠎ᠠ ᠬᠡᠷᠡᠭ ᠢ ᠬᠠᠪᠰᠤᠷᠴᠤ ᠪᠣᠯᠬᠤ ᠦᠭᠡᠢ ᠂ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠢ ᠬᠠᠭᠤᠷᠮᠠᠭᠯᠠᠨ ᠬᠡᠷᠡᠭᠯᠡᠪᠡᠯ ᠰᠢᠢᠳᠭᠡᠭᠳᠡᠨ᠎ᠡ ᠃ ︾ ᠭᠡᠳᠡᠭ ᠵᠣᠬᠢᠶᠠᠯ ᠳᠤ ᠳᠤᠷᠠᠳᠤᠭᠰᠠᠨ ᠰᠢᠶᠣᠥ ᠴᠢᠩ ᠂ ᠲᠡᠷᠡ ᠰᠢᠭᠤᠳ ᠪᠦᠯᠦ ᠥᠬᠢᠨ ᠳᠡᠭᠦᠦ ᠰᠢᠶᠣᠥ ᠯᠠᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠨ ᠳ᠋ᠤᠭᠠᠷᠯᠠᠵᠤ ᠡᠮᠨᠡᠭᠦᠯᠦᠭᠰᠡᠨ ᠨᠢ ᠳᠠᠷᠤᠢ ᠪᠤᠰᠤᠳ ᠤᠨ ᠨᠡᠷ᠎ᠡ ᠪᠠᠷ ᠡᠮᠨᠡᠭᠦᠯᠦᠭᠰᠡᠨ ᠳᠤ ᠬᠠᠷᠢᠶᠠᠯᠠᠭᠳᠠᠨ᠎ᠠ ᠃ ᠪᠠᠰᠠ ᠵᠢᠱᠢᠶᠡᠯᠡᠪᠡᠯ ᠂ ᠠᠨᠾᠦ᠋ᠢ ᠶᠢᠨ ᠰᠢᠤᠢ ᠣᠪᠣᠭᠲᠤ ᠂ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠢᠶᠠᠷ ᠨᠢᠭᠡᠨ ᠡᠮᠨᠡᠯᠭᠡ ᠶᠢᠨ ᠬᠤᠷᠢᠶᠠᠨ ᠳᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠤᠭᠰᠠᠨ ᠪᠥᠭᠡᠳ ᠪᠤᠰᠤᠳ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ ᠲᠠᠩᠰᠠ ᠴᠠᠶᠢᠷᠠᠭᠤᠯᠬᠤ ᠬᠠᠷᠠᠭᠠᠯᠵᠠᠯ ᠢ ᠬᠦᠷᠲᠡᠵᠦ ᠂ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢ 12 ᠲᠦᠮᠡ ᠭᠠᠷᠤᠶ ᠲᠥᠭᠦᠷᠢᠭ ᠮᠡᠬᠡᠯᠡᠨ ᠤᠯᠤᠭᠰᠠᠨ ᠤ ᠬᠠᠮᠲᠤ ᠡᠮ ᠤᠨ ᠵᠦᠢᠯ ᠢ ᠬᠤᠶᠠᠳᠠᠬᠢ ᠤᠳᠠᠭ᠎ᠠ ᠪᠣᠷᠣᠯᠠᠭᠤᠯᠵᠤ ᠬᠠᠤᠯᠢ ᠠᠴᠠ ᠵᠥᠷᠢᠴᠡᠭᠰᠡᠨ ᠣᠯᠵᠠᠪᠤᠷᠢ 1.5 ᠲᠦᠮᠡᠨ ᠲᠥᠭᠦᠷᠢᠭ ᠣᠯᠵᠤ ᠂ ᠡᠴᠦᠰ ᠲᠡᠭᠡᠨ ᠬᠤᠶᠠᠷ ᠵᠢᠯ ᠵᠢᠷᠭᠤᠭᠠᠨ ᠰᠠᠷ᠎ᠠ ᠶᠢᠨ ᠬᠤᠭᠤᠴᠠᠭ᠎ᠠ ᠲᠠᠢ ᠬᠤᠷᠢᠬᠤ ᠪᠠᠷ ᠰᠢᠢᠳᠭᠡᠭᠳᠡᠭᠰᠡᠨ ᠪᠥᠭᠡᠳ ᠲᠠᠪᠤᠨ ᠮᠢᠩᠭᠠᠨ ᠲᠥᠭᠦᠷᠢᠭ ᠵᠣᠭᠤᠰ ᠢᠶᠠᠷ ᠲᠣᠷᠭᠠᠭᠳᠠᠪᠠ ᠃ ᠰᠢᠤᠢ ᠣᠪᠣᠭᠲᠤ ᠶᠢᠨ ᠦᠢᠯᠡ ᠠᠵᠢᠯᠯᠠᠭ᠎ᠠ ᠨᠢ ︽ᠪᠤᠰᠤᠳ ᠤᠨ ᠨᠡᠷ᠎ᠡ ᠪᠠᠷ ᠡᠮᠨᠡᠭᠦᠯᠬᠦ︾ ᠳᠤ ᠲᠣᠭᠠᠴᠢᠭᠳᠠᠬᠤ ᠪᠠᠷ ᠪᠠᠷᠠᠬᠤ ᠦᠭᠡᠢ ᠪᠠᠰᠠ ᠶᠠᠯᠠᠲᠤ ᠠᠵᠢᠯᠯᠠᠭ᠎ᠠ ᠪᠣᠯᠵᠤ ᠂ ᠰᠢᠭᠦᠬᠦ ᠬᠤᠷᠢᠶ᠎ᠠ ︽ᠡᠷᠡᠭᠦᠦ ᠶᠢᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠲᠡᠭᠦᠨ ᠳᠤ ᠰᠢᠭᠦᠨ ᠲᠠᠰᠤᠯᠤᠯᠲᠠ ᠭᠠᠷᠭᠠᠪᠠ ᠃  ᠠᠰᠠᠭᠤᠯᠲᠠ᠄ ᠭᠡᠷ ᠤᠨ ᠨᠠᠰᠤᠲᠠᠨ ᠬᠥᠳᠡᠯᠵᠦ ᠪᠠᠷᠢᠬᠤ ᠳᠤ ᠳᠥᠭᠦᠮ ᠦᠭᠡᠢ ᠂ ᠦᠷ᠎ᠡ ᠬᠡᠦᠬᠡᠳ ᠨᠢ ᠲᠡᠳᠡᠨ ᠢ ᠬᠠᠪᠰᠤᠷᠤᠨ ᠡᠮ ᠬᠤᠳᠠᠯᠳᠤᠨ ᠠᠪᠴᠤ ᠪᠣᠯᠣᠨ᠎ᠠ ᠤᠤ︖  ᠬᠠᠷᠢᠭᠤᠯᠲᠠ᠄ ᠪᠣᠯᠣᠨ᠎ᠠ ᠃ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠲᠦᠷᠢᠮ︾ ᠤᠨ ᠠᠷᠪᠠᠨ ᠳᠣᠯᠣᠳᠤᠭᠠᠷ ᠵᠦᠢᠯ ᠤᠨ ᠬᠤᠶᠠᠳᠤᠭᠠᠷ ᠵᠤᠷᠪᠤᠰ ᠲᠤ᠄ ︽ᠣᠨᠴᠠᠭᠠᠶ ᠰᠢᠯᠲᠠᠭᠠᠨ ᠠᠴᠠ ᠪᠣᠯᠵᠣ ᠪᠤᠰᠤᠳ ᠲᠤ ᠨᠠᠶᠢᠳᠠᠵᠤ ᠡᠮ ᠣᠷᠣᠯᠠᠨ ᠬᠤᠳᠠᠯᠳᠤᠨ ᠠᠪᠤᠭᠤᠯᠬᠤ ᠴᠢᠬᠤᠯᠠᠲᠠᠶ ᠪᠠᠶᠢᠪᠠᠯ ᠂ ᠨᠠᠶᠢᠳᠠᠭᠴᠢ ᠪᠠ ᠨᠠᠶᠢᠳᠠᠯᠭ᠎ᠠ ᠬᠦᠯᠢᠶᠡᠭᠴᠢ ᠶᠢᠨ ᠪᠡᠶ᠎ᠡ ᠶᠢᠨ ᠭᠡᠷᠡᠴᠢ ᠶᠢ ᠬᠠᠩᠭᠠᠬᠤ ᠬᠡᠷᠡᠭᠲᠡᠶ︾ ᠭᠡᠵᠦ ᠲᠣᠳᠣᠷᠬᠠᠶ ᠲᠣᠭᠲᠠᠭᠠᠪᠠ ᠃  ᠡᠶᠢᠮᠦ ᠠᠴᠠ ᠂ ᠨᠠᠰᠤᠲᠠᠨ ᠬᠥᠳᠡᠯᠵᠦ ᠪᠠᠷᠢᠬᠤ ᠳᠤ ᠳᠥᠭᠦᠮ ᠦᠭᠡᠢ ᠵᠡᠷᠭᠡ ᠣᠨᠴᠠᠭᠠᠢ ᠪᠠᠶᠢᠳᠠᠯ ᠳᠣᠣᠷ᠎ᠠ ᠂ ᠦᠷ᠎ᠡ ᠬᠡᠦᠬᠡᠳ ᠨᠢ ᠣᠷᠣᠯᠠᠨ ᠡᠮ ᠬᠤᠳᠠᠯᠳᠤᠨ ᠠᠪᠴᠤ ᠪᠣᠯᠤᠨ᠎ᠠ ᠃ ᠭᠡᠪᠡᠴᠦ ᠡᠮ ᠬᠤᠳᠠᠯᠳᠤᠨ ᠠᠪᠬᠤ ᠳᠠᠭᠠᠨ ᠡᠮ ᠤᠤᠭᠤᠬᠤ ᠲᠤᠰ ᠬᠥᠮᠦᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠬᠦ ᠬᠡᠷᠡᠭᠲᠡᠶ ᠪᠥᠭᠡᠳ ᠨᠠᠶᠢᠳᠠᠭᠴᠢ ᠪᠠ ᠨᠠᠶᠢᠳᠠᠯᠭ᠎ᠠ ᠬᠦᠯᠢᠶᠡᠭᠴᠢ ᠶᠢᠨ ᠪᠡᠶ᠎ᠡ ᠶᠢᠨ ᠭᠡᠷᠡᠴᠢ ᠪᠠᠨ ᠭᠠᠷᠭᠠᠵᠤ ᠦᠵᠡᠭᠦᠯᠬᠦ ᠬᠡᠷᠡᠭᠲᠡᠶ ᠃  ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢᠨ ᠵᠣᠭᠤᠰ ᠢ ᠬᠠᠷᠢᠯᠴᠠᠨ ᠲᠤᠰᠠᠯᠠᠯᠴᠠᠵᠤ ᠪᠣᠯᠤᠨ᠎ᠠ ᠂ ᠭᠡᠪᠡᠴᠦ ᠶᠠᠮᠠᠷᠪᠠ ᠬᠥᠮᠦᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠴᠥᠮ ᠬᠠᠮᠲᠤᠪᠠᠷ ᠬᠡᠷᠡᠭᠯᠡᠵᠦ ᠪᠣᠯᠬᠤ ᠦᠭᠡᠶ ᠭᠡᠳᠡᠭ ᠢ ᠪᠠᠲᠤ ᠴᠡᠭᠡᠵᠢᠯᠡᠭᠡᠷᠡᠢ︕ 
 
ᠢᠷᠡᠯᠲᠡ᠄ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号