ᠰᠦᠨ ᠱᠣᠣ ᠴᠧᠩ ᠳᠤᠮᠳᠠᠳᠤ ᠤᠯᠤᠰ ᠤᠨ ᠡᠳᠦᠷ ᠤᠨ ᠰᠣᠨᠢᠨ ᠤ ᠬᠤᠷᠢᠶ᠎ᠠ ᠶᠢᠨ ᠳᠠᠷᠤᠭ᠎ᠠ ᠪᠥᠭᠡᠳ ᠶᠡᠷᠦᠩᠬᠡᠢ ᠨᠠᠶᠢᠷᠠᠭᠤᠯᠤᠭᠴᠢ ᠴᠢᠦᠢ ᠶᠢᠩ ᠫᠦ᠋ ᠲᠠᠢ ᠠᠭᠤᠯᠵᠠᠪᠠ
ᠨᠡᠶᠢᠲᠡᠯᠡᠭᠰᠡᠨ ᠴᠠᠭ᠄
2024/5/15
    5 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠣ ᠴᠧᠩ ᠬᠥᠬᠡᠬᠤᠲᠠ ᠳᠤ ᠳᠤᠮᠳᠠᠳᠤ ᠤᠯᠤᠰ ᠤᠨ ᠡᠳᠦᠷ ᠤᠨ ᠰᠣᠨᠢᠨ ᠤ ᠬᠤᠷᠢᠶ᠎ᠠ ᠶᠢᠨ ᠳᠠᠷᠤᠭ᠎ᠠ ᠪᠥᠭᠡᠳ ᠶᠡᠷᠦᠩᠬᠡᠢ ᠨᠠᠶᠢᠷᠠᠭᠤᠯᠤᠭᠴᠢ ᠴᠢᠦᠢ ᠶᠢᠩ ᠫᠦ᠋ ᠲᠠᠢ ᠠᠭᠤᠯᠵᠠᠪᠠ᠃
中国日报.jpg
    ᠰᠦᠨ ᠱᠣᠣ ᠴᠧᠩ ᠡᠩ ᠲᠡᠷᠢᠭᠦᠨ ᠳᠤ ᠴᠢᠦᠢ ᠶᠢᠩ ᠫᠦ᠋ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠡᠷᠦᠩᠬᠡᠢ ᠰᠡᠳᠬᠢᠮᠵᠢ ᠪᠣᠯᠣᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠵᠢᠴᠢ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠥᠪᠥᠷ ᠮᠣᠩᠭᠤᠯ ᠪᠣᠯ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠮᠥᠨ᠂ ᠨᠠᠮ ᠤᠨ ᠲᠥᠪ ᠬᠤᠷᠢᠶ᠎ᠠ ᠶᠢᠨ ᠬᠠᠯᠠᠮᠵᠢᠯᠠᠯ ᠳᠣᠣᠷ᠎ᠠ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠣᠯᠠᠨ ᠲᠠᠯ᠎ᠠ ᠪᠠᠷ ᠡᠳ᠋ᠯᠡᠵᠦ ᠪᠠᠶᠢᠨ᠎ᠠ᠃ ᠣᠳᠣᠬᠠᠨ ᠳᠤ ᠣᠷᠣᠨ ᠳᠠᠶᠠᠭᠠᠷ ᠶᠠᠭ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠲᠡᠰᠪᠦᠷᠢ ᠬᠠᠲᠠᠭᠤᠵᠢᠯᠲᠠᠢ ᠲᠡᠮᠡᠴᠡᠨ ᠰᠢᠨ᠎ᠡ ᠵᠠᠮ ᠨᠡᠭᠡᠭᠡᠵᠦ᠂ ᠴᠤᠴᠠᠯᠲᠠ ᠦᠭᠡᠢ ᠤᠷᠤᠭᠰᠢᠯᠠᠨ ᠳᠤᠮᠳᠠ ᠲᠦᠪᠰᠢᠨ ᠳᠤ ᠣᠷᠣᠬᠤ ᠪᠠᠷ ᠴᠢᠷᠮᠠᠶᠢᠵᠤ ᠪᠠᠶᠢᠨ᠎ᠠ᠃ ᠳᠤᠮᠳᠠᠳᠤ ᠤᠯᠤᠰ ᠤᠨ ᠡᠳᠦᠷ ᠤᠨ ᠰᠣᠨᠢᠨ ᠤ ᠬᠤᠷᠢᠶ᠎ᠠ ᠪᠣᠯ ᠮᠠᠨ ᠤ ᠤᠯᠤᠰ ᠤᠨ ᠳᠡᠯᠡᠬᠡᠢ ᠳᠡᠭᠡᠷᠡᠬᠢ ᠳᠠᠮᠵᠢᠭᠤᠯᠭ᠎ᠠ ᠶᠢᠨ ᠭᠤᠣᠯ ᠬᠦᠴᠦᠨ ᠮᠥᠨ᠂ ᠡᠷᠬᠢᠮ ᠬᠤᠷᠢᠶ᠎ᠠ ᠶᠢᠨ ᠬᠢᠨ ᠥᠪᠥᠷ ᠮᠣᠩᠭᠤᠯ ᠤᠨ ᠲᠤᠬᠠᠢ ᠮᠡᠳᠡᠭᠡᠯᠡᠯ ᠤᠨ ᠡᠷᠴᠢᠮ ᠢᠶᠠᠨ ᠴᠢᠩᠭᠠᠷᠠᠭᠤᠯᠵᠤ᠂ ᠪᠢᠳᠡᠨ ᠢ ᠬᠠᠪᠰᠤᠷᠤᠨ ᠥᠪᠥᠷ ᠮᠣᠩᠭᠤᠯ ᠤᠨ ᠰᠦᠷᠯᠢᠭ ᠰᠠᠶᠢᠬᠠᠨ ᠥᠩᠭᠡ ᠦᠵᠡᠮᠵᠢ᠂ ᠲᠠᠩᠰᠤᠭ ᠰᠠᠶᠢᠬᠠᠨ ᠰᠣᠶᠣᠯ ᠪᠠ ᠬᠥᠭᠵᠢᠯᠲᠡ ᠶᠢᠨ ᠦᠷ᠎ᠡ ᠪᠦᠲᠦᠭᠡᠯ᠂ ᠰᠠᠶᠢᠨ ᠰᠠᠶᠢᠬᠠᠨ ᠠᠯᠤᠰ ᠢᠷᠡᠭᠡᠳᠦᠢ ᠶᠢ ᠰᠠᠶᠢᠲᠤᠷ       ᠤᠬᠠᠭᠤᠯᠵᠤ᠂ ᠥᠪᠥᠷ ᠮᠣᠩᠭᠤᠯ ᠤᠨ ᠪᠥᠬᠦ ᠲᠠᠯ᠎ᠠ ᠪᠠᠷ ᠨᠡᠭᠡᠭᠡᠯᠲᠡ ᠬᠢᠬᠦ ᠢᠳᠡᠪᠬᠢᠲᠡᠢ ᠳᠦᠷᠰᠦ ᠪᠠᠶᠢᠳᠠᠯ ᠢ ᠰᠠᠶᠢᠲᠤᠷ ᠢᠯᠡᠷᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠡᠩ ᠣᠯᠠᠨ ᠬᠥᠮᠥᠰ ᠲᠤ ᠥᠪᠥᠷ ᠮᠣᠩᠭᠤᠯ ᠢ ᠣᠶᠢᠯᠠᠭᠠᠭᠤᠯᠵᠤ᠂ ᠥᠪᠥᠷ ᠮᠣᠩᠭᠤᠯ ᠢ ᠠᠩᠬᠠᠷᠤᠭᠤᠯᠵᠤ᠂ ᠥᠪᠥᠷ ᠮᠣᠩᠭᠤᠯ ᠢ ᠪᠠᠭ᠋ᠠᠷᠬᠠᠭᠤᠯᠬᠤ ᠶᠢ ᠬᠦᠰᠡᠵᠦ ᠪᠠᠶᠢᠨ᠎ᠠ ᠭᠡᠵᠡᠢ᠃    ᠴᠢᠦᠢ ᠶᠢᠩ ᠫᠦ᠋ ᠥᠪᠥᠷ ᠮᠣᠩᠭᠤᠯ ᠤᠨ ᠬᠢᠨ ᠤ ᠳᠤᠮᠳᠠᠳᠤ ᠤᠯᠤᠰ ᠤᠨ ᠡᠳᠦᠷ ᠤᠨ ᠰᠣᠨᠢᠨ ᠤ ᠬᠤᠷᠢᠶ᠎ᠠ ᠳᠤ ᠦᠵᠡᠭᠦᠯᠦᠭᠰᠡᠨ ᠬᠠᠯᠠᠮᠵᠢᠯᠠᠯ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠣᠭᠰᠠᠨ ᠠᠮᠵᠢᠯᠲᠠ ᠶᠢ ᠪᠢᠰᠢᠷᠡᠵᠦ ᠪᠠᠶᠢᠬᠤ ᠪᠠᠨ ᠢᠯᠡᠳᠬᠡᠪᠡ᠃ ᠲᠡᠷᠡ᠂ ᠪᠢᠳᠡ ᠥᠪᠥᠷ ᠮᠣᠩᠭᠤᠯ ᠤᠨ ᠬᠤᠶᠠᠷ ᠶᠡᠭᠡ ᠶᠠᠪᠤᠳᠠᠯ ᠢᠶᠠᠨ ᠰᠠᠶᠢᠲᠤᠷ ᠬᠢᠵᠦ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠢᠲᠡᠭᠡᠯ ᠳᠦᠭᠦᠷᠡᠩ ᠪᠠᠶᠢᠨ᠎ᠠ᠃ ᠳᠤᠮᠳᠠᠳᠤ ᠤᠯᠤᠰ ᠤᠨ ᠡᠳᠦᠷ ᠤᠨ ᠰᠣᠨᠢᠨ ᠤ ᠬᠤᠷᠢᠶ᠎ᠠ ᠲᠣᠰ ᠪᠡᠶ᠎ᠡ ᠶᠢᠨ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ ᠥᠷᠭᠡᠳᠬᠡᠵᠦ᠂ ᠥᠪᠥᠷ ᠮᠣᠩᠭᠤᠯ ᠤᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠣᠭᠤᠷᠢᠨ ᠳᠤ ᠰᠢᠨ᠎ᠡ ᠰᠡᠪᠡᠭᠦᠨ ᠪᠣᠷᠣ ᠮᠠᠲ᠋ᠧᠷᠢᠶᠠᠯ ᠢ ᠭᠦᠨᠵᠡᠭᠡᠢ      ᠠᠭᠤᠳᠠᠯᠵᠤ᠂ ᠳᠣᠲᠣᠭᠠᠳᠤ ᠭᠠᠳᠠᠭᠠᠳᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠥᠪᠥᠷ ᠮᠣᠩᠭᠤᠯ ᠤᠨ ᠦᠯᠢᠭᠡᠷ ᠢ ᠰᠠᠶᠢᠲᠤᠷ ᠶᠠᠷᠢᠵᠤ᠂ ᠥᠪᠥᠷ ᠮᠣᠩᠭᠤᠯ ᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠭᠰᠠᠨ ᠠᠴᠠ ᠪᠣᠯᠵᠤ ᠣᠯᠣᠭᠰᠠᠨ ᠠᠤᠭ᠎ᠠ ᠶᠡᠭᠡ ᠬᠤᠪᠢᠷᠠᠯᠲᠠ ᠶᠢ ᠰᠠᠶᠢᠲᠤᠷ ᠤᠬᠠᠭᠤᠯᠵᠤ᠂ ᠳᠡᠯᠡᠬᠡᠢ ᠳ᠋ᠠᠬᠢᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠰᠠᠶᠢᠲᠤᠷ ᠳᠡᠯᠭᠡᠨ ᠦᠵᠡᠭᠦᠯᠦᠨ᠎ᠡ ᠭᠡᠵᠡᠢ᠃  ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠧᠩ ᠬᠤᠩ ᠹᠠᠨ᠂ ᠢᠦᠢ ᠯᠢ ᠰᠢᠨ ᠠᠭᠤᠯᠵᠠᠯᠲᠠ ᠳᠤ ᠣᠷᠣᠯᠴᠠᠵᠠᠢ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号