ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠡᠨᠡᠷᠢᠯ ᠳᠤ ᠨᠢ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾ ᠭᠡᠬᠦ ᠭᠤᠤᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/15
  ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠢ ᠪᠥᠬᠦ ᠲᠠᠯ᠎ᠠ ᠪᠠᠷ ᠲᠤᠭᠤᠰᠢᠯᠠᠭᠤᠯᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ᠂ ᠬᠠᠷᠢᠶ᠎ᠠ ᠡᠯ᠎ᠡ ᠨᠢᠭᠡᠴᠢ ᠶᠢᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠳᠤ ᠬᠦᠷᠴᠦ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠤᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠢ ᠲᠣᠭᠤᠷᠢᠨ ᠦᠵᠡᠪᠡ᠃
W020240515647253516948.png
  ᠣᠯᠠᠨ ᠢᠶᠠᠷ ᠢᠶᠠᠨ ᠲᠠᠶᠢᠯᠪᠤᠷᠢᠯᠠᠭᠴᠢ ᠶᠢᠨ ᠠᠯᠬᠤᠭ᠎ᠠ ᠶᠢ ᠳᠠᠭᠠᠵᠤ᠂ ᠦᠵᠡᠰᠬᠦᠯᠡᠩ ᠳᠤ ᠣᠷᠣᠯᠴᠠᠭᠰᠠᠨ ᠤᠷᠠᠨ ᠪᠢᠴᠢᠯᠭᠡ᠂ ᠭᠤᠷ ᠰᠡᠶᠢᠯᠦᠮᠡᠯ ᠵᠢᠴᠢ ᠳᠤᠮᠳᠠᠳᠤ ᠤᠯᠤᠰ ᠤᠨ ᠵᠢᠷᠤᠭ᠂ ᠲᠣᠰᠣᠨ ᠵᠢᠷᠤᠭ ᠵᠡᠷᠭᠡ ᠤᠷᠠᠯᠢᠭ ᠤᠨ ᠪᠦᠲᠦᠭᠡᠯ ᠢ ᠨᠠᠷᠢᠨ ᠬᠢᠨᠠᠮᠠᠭᠠᠶ ᠲᠣᠭᠤᠷᠢᠨ ᠦᠵᠡᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠤᠷᠲᠤ ᠬᠤᠭᠤᠴᠠᠭᠠᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠶᠠᠪᠤᠯᠴᠠᠵᠤ ᠰᠣᠯᠢᠯᠴᠠᠵᠤ ᠠᠭᠤᠰᠤᠯᠴᠠᠵᠤ᠂ ᠬᠠᠶᠢᠷ᠎ᠠ ᠰᠡᠳᠬᠢᠯᠭᠡ ᠪᠠᠷ ᠭᠦᠨ ᠵᠤᠵᠠᠭᠠᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠰᠣᠶᠣᠯ ᠤᠨ ᠲᠠᠯ᠎ᠠ ᠪᠠᠷ ᠬᠠᠷᠢᠯᠴᠠᠨ ᠰᠢᠩᠭᠡᠭᠡᠨ ᠠᠪᠴᠤ᠂ ᠠᠵᠤ ᠠᠬᠤᠢ ᠶᠢᠨ ᠲᠠᠯ᠎ᠠ ᠪᠠᠷ ᠬᠠᠷᠢᠯᠴᠠᠨ ᠨᠥᠬᠦᠴᠡᠯᠳᠦᠵᠦ᠂ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠬᠠᠷᠢᠯᠴᠠᠨ ᠣᠶᠢᠷᠠᠲᠤᠭᠰᠠᠨ ᠰᠠᠶᠢᠨ ᠰᠠᠶᠢᠬᠠᠨ ᠪᠠᠶᠢᠳᠠᠯ ᠢ ᠰᠡᠳᠬᠢᠯ ᠰᠠᠨᠠᠭ᠎ᠠ ᠪᠠᠷ ᠢᠶᠠᠨ ᠰᠡᠷᠡᠵᠦ ᠣᠶᠢᠯᠠᠭᠠᠪᠠ᠃ ᠣᠯᠠᠨ ᠢᠶᠠᠷ ᠢᠶᠠᠨ ᠪᠠᠶᠢᠨ ᠪᠠᠶᠢᠨ ᠵᠣᠭᠰᠣᠨ ᠰᠣᠨᠢᠷᠬᠠᠵᠤ᠂ ᠣᠶᠢᠯᠠᠭᠠᠯᠲᠠ ᠪᠠᠨ ᠰᠣᠯᠢᠯᠴᠠᠪᠠ᠃  ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠪᠠᠶᠠᠯᠢᠭ ᠠᠭᠤᠯᠤᠭᠳᠠᠬᠤᠨ ᠪᠠ ᠪᠣᠳᠠᠲᠤ ᠱᠠᠭᠠᠷᠳᠠᠯᠭ᠎ᠠ ᠶᠢ ᠤᠯᠠᠮ ᠨᠢᠭᠡ ᠠᠯᠬᠤᠮ ᠭᠦᠨᠵᠡᠭᠡᠶ ᠤᠶᠢᠯᠠᠭᠠᠨ ᠡᠵᠡᠮᠰᠢᠵᠦ᠂ ︽ᠭᠤᠷᠪᠠᠨ ᠰᠠᠯᠵᠤ ᠴᠢᠳᠠᠬᠤ ᠥᠬᠡᠶ︾ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ︽ᠲᠠᠪᠤᠨ ᠬᠠᠮᠲᠤ ᠶᠢᠨ ᠲᠠᠨᠢᠯᠲᠠ︾ ᠶᠢᠨ ᠤᠬᠠᠮᠰᠠᠷ ᠢ ᠴᠢᠩᠭᠠᠳᠬᠠᠪᠠ᠃ ᠤᠯᠠᠨ ᠢᠶᠠᠷ ᠢᠶᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠦᠢᠯᠡᠴᠢᠯᠡᠵᠦ ᠪᠠᠲᠤᠯᠠᠬᠤ ᠳᠤ ᠦᠵᠡᠭᠦᠯᠪᠡᠰᠦ ᠵᠣᠬᠢᠬᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃    
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号