ᠬᠢᠲᠠᠳ ᠡᠮ ᠤᠨ ᠨᠠᠶᠢᠷᠠᠯᠭ᠎ᠠ ᠲᠠᠢ ᠮᠥᠬᠦᠯᠢᠭ ᠢ ᠲᠥᠪᠯᠡᠷᠡᠭᠦᠯᠦᠨ ᠬᠤᠳᠠᠯᠳᠤᠨ ᠠᠪᠤᠭᠰᠠᠨ ᠦᠷ᠎ᠡ ᠳ᠋ᠦᠩ ᠢ ᠥᠪᠥᠷ ᠮᠣᠩᠭᠤᠯ ᠳᠤ ᠪᠣᠳᠠᠲᠠᠶᠢᠵᠢᠭᠤᠯᠤᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/5/15
  2024 ᠣᠨ ᠤ 4 ᠳ᠋ᠦ᠋ᠭᠡᠷ ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠬᠢᠲᠠᠳ ᠡᠮ ᠤᠨ ᠨᠠᠶᠢᠷᠠᠯᠭ᠎ᠠ ᠲᠠᠢ ᠮᠥᠬᠦᠯᠢᠭ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠳᠤ ᠰᠣᠩᠭᠤᠭᠳᠠᠭᠰᠠᠨ ᠦᠷ᠎ᠡ ᠳ᠋ᠦᠩ ᠢ ᠬᠡᠷᠡᠭᠵᠢᠭᠦᠯᠬᠦ ᠲᠤᠬᠠᠶ ᠮᠡᠳᠡᠭᠳᠡᠯ︾ ᠢ ᠨᠡᠶᠢᠲᠡᠯᠡᠵᠦ᠂ 2024 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠬᠢᠲᠠᠳ ᠡᠮ ᠤᠨ ᠨᠠᠶᠢᠷᠠᠯᠭ᠎ᠠ ᠲᠠᠢ ᠮᠥᠬᠦᠯᠢᠭ ᠤᠨ ᠮᠤᠵᠢ ᠶᠢᠨ ᠬᠤᠭᠤᠷᠣᠨᠳᠣᠬᠢ ᠬᠤᠯᠪᠣᠭᠠᠨ ᠤ ᠲᠥᠪᠯᠡᠷᠡᠭᠦᠯᠦᠨ ᠬᠤᠳᠠᠯᠳᠤᠨ ᠠᠪᠬᠤ ᠳᠤ ᠰᠣᠩᠭᠤᠭᠳᠠᠭᠰᠠᠨ ᠦᠷ᠎ᠡ ᠳ᠋ᠦᠩ ᠢ ᠬᠡᠷᠡᠭᠵᠢᠭᠦᠯᠬᠦ ᠪᠣᠯᠣᠨ᠎ᠠ᠃  2021 ᠣᠨ ᠳᠤ ᠡᠮ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠢᠲᠠᠳ ᠡᠮ ᠤᠨ ᠨᠠᠶᠢᠷᠠᠯᠭ᠎ᠠ ᠲᠠᠢ ᠮᠥᠬᠦᠯᠢᠭ ᠤᠨ ᠤᠯᠤᠰ ᠪᠠ ᠮᠤᠵᠢ ᠶᠢᠨ ᠱᠠᠲᠤᠨ ᠤ ᠡᠮ ᠤᠨ ᠵᠦᠢᠯ ᠤᠨ ᠪᠠᠷᠢᠮᠵᠢᠶ᠎ᠠ ᠶᠢ ᠲᠣᠭᠲᠠᠭᠠᠬᠤ ᠶᠢ ᠠᠬᠢᠭᠤᠯᠵᠤ᠂ ᠬᠢᠲᠠᠳ ᠡᠮ ᠤᠨ ᠨᠠᠶᠢᠷᠠᠯᠭ᠎ᠠ ᠲᠠᠢ ᠮᠥᠬᠦᠯᠢᠭ ᠨᠢ ᠶᠠᠰᠤ ᠴᠢᠨᠠᠷ ᠤᠨ ᠪᠠᠷᠢᠮᠵᠢᠶ᠎ᠠ ᠶᠢᠨ ᠵᠢᠷᠤᠮᠯᠠᠯ ᠲᠠᠢ ᠪᠣᠯᠵᠣ᠂ ᠥᠪᠥᠷ ᠮᠣᠩᠭᠤᠯ ᠬᠢᠲᠠᠳ ᠡᠮ ᠤᠨ ᠨᠠᠶᠢᠷᠠᠯᠭ᠎ᠠ ᠲᠠᠢ ᠮᠥᠬᠦᠯᠢᠭ ᠢ ᠰᠦᠯᠵᠢᠶᠡᠨ ᠳᠤ ᠣᠷᠣᠭᠤᠯᠬᠤ ᠠᠵᠢᠯ ᠢ ᠤᠷᠢᠳᠠᠪᠠᠷ ᠪᠡᠶᠡᠯᠡᠭᠦᠯᠵᠦ᠂ ᠤᠯᠤᠰ ᠵᠢᠴᠢ ᠮᠤᠵᠢ ᠶᠢᠨ ᠱᠠᠲᠤᠨ ᠤ ᠪᠠᠷᠢᠮᠵᠢᠶ᠎ᠠ ᠳᠤ ᠨᠡᠶᠢᠴᠡᠬᠦ ᠦᠢᠯᠡᠳᠬᠦᠨ ᠢ ᠰᠦᠯᠵᠢᠶᠡᠨ ᠳᠤ ᠣᠷᠣᠭᠤᠯᠤᠨ ᠠᠷᠠᠯᠵᠢᠶᠠᠯᠠᠬᠤ ᠶᠢ ᠬᠥᠲᠥᠯᠦᠨ ᠵᠢᠯᠣᠭᠤᠳᠴᠤ᠂ ᠨᠠᠩ       ᠵᠢᠷᠤᠮᠵᠢᠭᠰᠠᠨ᠂ ᠢᠯᠡ ᠲᠣᠳᠣ ᠬᠤᠳᠠᠯᠳᠤᠨ ᠠᠪᠬᠤ ᠠᠷᠠᠯᠵᠢᠶ᠎ᠠ ᠳᠤ ᠰᠠᠭᠤᠷᠢ ᠲᠠᠯᠪᠢᠪᠠ᠃ ᠡᠭᠦᠨ ᠤ ᠬᠠᠮᠲᠤ ᠥᠪᠥᠷ ᠮᠣᠩᠭᠤᠯ ᠪᠥᠬᠦ ᠤᠯᠤᠰ ᠤᠨ ᠠᠩᠬᠠᠳᠤᠭᠠᠷ ᠤᠳᠠᠭᠠᠨ ᠤ ᠬᠢᠲᠠᠳ ᠡᠮ ᠤᠨ ᠨᠠᠶᠢᠷᠠᠯᠭ᠎ᠠ ᠲᠠᠢ ᠮᠥᠬᠦᠯᠢᠭ ᠢ ᠮᠤᠵᠢ ᠶᠢᠨ ᠬᠤᠭᠤᠷᠣᠨᠳᠣᠬᠢ ᠬᠤᠯᠪᠣᠭᠠᠨ ᠤ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠳᠤ ᠢᠳᠡᠪᠬᠢᠲᠡᠶ ᠣᠷᠣᠯᠴᠠᠵᠤ᠂ ᠤᠯᠤᠰ ᠤᠨ ᠡᠮ ᠤᠨ ᠵᠦᠢᠯᠡᠰ ᠤᠨ ᠪᠠᠷᠢᠮᠵᠢᠶ᠎ᠠ ᠲᠠᠢ 200 ᠬᠢᠲᠠᠳ ᠡᠮ ᠤᠨ ᠨᠠᠶᠢᠷᠠᠯᠭ᠎ᠠ ᠲᠠᠢ ᠮᠥᠬᠦᠯᠢᠭ ᠤᠨ ᠲᠥᠷᠥᠯ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠬᠡᠪᠴᠢᠶᠡᠨ ᠳᠤ ᠣᠷᠣᠭᠤᠯᠵᠤ᠂ ᠲᠥᠪᠯᠡᠷᠡᠭᠦᠯᠦᠨ ᠬᠤᠳᠠᠯᠳᠤᠨ ᠠᠪᠬᠤ ᠪᠠᠷ ᠳᠠᠮᠵᠢᠭᠤᠯᠤᠨ ᠦᠨ᠎ᠡ ᠬᠠᠩᠰᠢ ᠶᠢᠨ ᠵᠦᠶ ᠵᠣᠬᠢᠰᠲᠠᠶ ᠬᠢᠷᠢ ᠲᠦᠪᠰᠢᠨ ᠳᠤ ᠪᠤᠴᠠᠬᠤ ᠶᠢ ᠠᠬᠢᠭᠤᠯᠵᠤ᠂ ᠣᠯᠠᠨ ᠲᠦᠮᠡᠨ ᠤ ᠳᠠᠷᠤᠭᠠᠰᠤ ᠶᠢ ᠬᠥᠩᠭᠡᠷᠡᠭᠦᠯᠵᠦ᠂ ᠣᠯᠠᠨ ᠲᠦᠮᠡᠨ ᠤ ᠡᠮ ᠬᠡᠷᠡᠭᠯᠡᠬᠦ ᠨᠠᠩ ᠣᠯᠠᠨ ᠬᠡᠷᠡᠭᠴᠡᠭᠡ ᠶᠢ ᠬᠠᠩᠭᠠᠬᠤ ᠶᠢᠨ ᠲᠥᠯᠥᠭᠡ ᠶᠤᠮ᠂ ᠲᠣᠰ ᠤᠳᠠᠭᠠᠨ ᠤ ᠲᠥᠪᠯᠡᠷᠡᠭᠦᠯᠦᠨ ᠬᠤᠳᠠᠯᠳᠤᠨ ᠠᠪᠬᠤ ᠳᠤ ᠰᠣᠩᠭᠤᠭᠳᠠᠭᠰᠠᠨ 29 ᠠᠵᠤ ᠠᠬᠤᠶᠢᠯᠠᠯ ᠨᠢ ᠥᠪᠥᠷ ᠮᠣᠩᠭᠤᠯ ᠳᠤ ᠬᠠᠩᠭᠠᠨ᠂ ᠦᠨ᠎ᠡ ᠨᠢ ᠳᠤᠮᠳᠠᠴᠢ ᠪᠠᠷ 44.62% ᠢᠶᠠᠷ ᠪᠠᠭᠤᠷᠠᠵᠤ᠂ ᠬᠠᠮᠤᠭ ᠤᠨ ᠥᠨᠳᠥᠷ ᠲᠡᠭᠡᠨ 93.57% ᠪᠠᠷ ᠪᠠᠭᠤᠷᠠᠵᠤ᠂ ᠰᠣᠩᠭᠤᠭᠳᠠᠭᠰᠠᠨ ᠦᠢᠯᠡᠳᠬᠦᠨ ᠨᠢ ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠯᠡᠬᠦ ᠬᠡᠮᠵᠢᠶ᠎ᠡ ᠪᠠᠷ ᠶᠡᠭᠡ᠂ ᠡᠪᠡᠳᠴᠢᠲᠡᠨ ᠤ ᠭᠥᠯᠢᠶᠡᠨ ᠠᠪᠬᠤ ᠬᠡᠪᠴᠢᠶ᠎ᠡ ᠪᠠᠷ ᠥᠷᠭᠡᠨ ᠬᠤᠨᠴᠢᠷ᠂ ᠰᠦᠨ ᠣᠷᠬᠤᠳᠠᠢ᠂ ᠳ᠋ᠠᠩᠭᠦᠢ᠂ ᠴᠠᠭᠠᠨ ᠴᠢᠨ᠋ᠸ᠎ᠠ ᠶᠢᠨ ᠬᠠᠯᠲᠠᠷ ᠵᠡᠷᠭᠡ ᠪᠠᠶᠢᠩᠭᠤ ᠬᠡᠷᠡᠭᠯᠡᠬᠦ ᠨᠠᠶᠢᠷᠠᠯᠭ᠎ᠠ ᠲᠠᠢ ᠮᠥᠬᠦᠯᠢᠭ ᠤᠨ ᠲᠥᠷᠥᠯ ᠵᠦᠢᠯ ᠢ ᠬᠠᠮᠤᠷᠪᠠ᠃  ᠰᠣᠩᠭᠤᠭᠳᠠᠭᠰᠠᠨ ᠦᠷ᠎ᠡ ᠳ᠋ᠦᠩ ᠢ ᠨᠠᠶᠢᠳᠠᠪᠤᠷᠢᠵᠢᠭᠤᠯᠬᠤ ᠪᠣᠯ ᠣᠯᠠᠨ ᠲᠦᠮᠡᠨ ᠤ ᠲᠥᠪᠯᠡᠷᠡᠭᠦᠯᠦᠨ ᠬᠤᠳᠠᠯᠳᠤᠨ ᠠᠪᠤᠭᠰᠠᠨ ᠦᠷ᠎ᠡ ᠪᠦᠲᠦᠮᠵᠢ ᠶᠢ ᠡᠳ᠋ᠯᠡᠬᠦ ᠶᠢ ᠪᠠᠲᠤᠯᠠᠬᠤ ᠵᠠᠩᠭᠢᠯᠠᠭ᠎ᠠ ᠶᠢᠨ ᠭᠤᠭᠴᠤᠭ᠎ᠠ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠬᠠᠩᠭᠠᠯᠭ᠎ᠠ ᠶᠢᠨ ᠬᠢᠨᠠᠯᠲᠠ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠣᠩᠭᠤᠭᠳᠠᠭᠰᠠᠨ ᠠᠵᠤ ᠠᠬᠤᠶᠢᠯᠠᠯ ᠤᠨ ᠬᠠᠩᠭᠠᠯᠭ᠎ᠠ ᠶᠢᠨ ᠪᠠᠶᠢᠳᠠᠯ ᠢ ᠨᠢᠭᠲᠠ ᠬᠢᠨᠠᠨ ᠬᠡᠮᠵᠢᠵᠦ᠂ ᠡᠮᠴᠢᠯᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠰᠣᠩᠭᠤᠭᠳᠠᠭᠰᠠᠨ ᠦᠢᠯᠡᠳᠭᠦᠨ ᠢ ᠤᠷᠢᠳᠠᠪᠠᠷ ᠬᠡᠷᠡᠭᠯᠡᠭᠦᠯᠵᠦ᠂ ᠰᠣᠩᠭᠤᠭᠳᠠᠭᠰᠠᠨ ᠦᠷ᠎ᠡ ᠳ᠋ᠦᠩ ᠢ ᠲᠣᠭᠲᠠᠭᠤᠨ ᠢᠶᠠᠷ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠦᠨᠡᠨ ᠬᠦ ᠪᠠᠲᠤᠯᠠᠵᠤ᠂ ᠠᠷᠠᠳ ᠣᠯᠠᠨ ᠳᠤ ᠴᠢᠨᠠᠷ ᠰᠠᠶᠢᠲᠠᠶ ᠦᠨ᠎ᠡ ᠲᠣᠬᠢᠷᠠᠮᠵᠢᠲᠠᠢ ᠬᠢᠲᠠᠳ ᠡᠮ ᠤᠨ ᠨᠠᠶᠢᠷᠠᠯᠭ᠎ᠠ ᠲᠠᠢ ᠮᠥᠬᠦᠯᠢᠭ ᠤᠨ ᠦᠢᠯᠡᠳᠭᠦᠨ ᠢ ᠬᠡᠷᠡᠭᠯᠡᠭᠦᠯᠦᠨ᠎ᠡ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号