5 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤᠤ ᠴᠧᠩ ᠭᠦᠭᠡᠬᠤᠲᠠ ᠳᠤ ᠵᠢᠨᠹᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠲᠤ ᠬᠢᠵᠠᠭᠠᠷᠲᠤ | ᠺᠤᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠦ᠋ ᠭᠠᠩ ᠲᠠᠢ ᠠᠭᠤᠯᠵᠠᠪᠠ᠃ | | | | | | ᠰᠦᠨ ᠱᠤᠤ ᠴᠧᠩ ᠡᠩ ᠲᠡᠷᠢᠭᠦᠨ ᠳᠤ ᠦ᠋ ᠭᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ | ᠲᠡᠷᠡ᠂ ᠥᠪᠥᠷ ᠮᠣᠩᠭᠤᠯ ᠶᠠᠭ ᠡᠨᠧᠷᠭᠢ ᠨᠥᠭᠡᠴᠡᠯᠡᠬᠦ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠨ | ᠰᠢᠨ᠎ᠡ ᠡᠨᠧᠷᠭᠢ ᠶᠢ ᠲᠦᠷᠭᠡᠳᠬᠡᠨ ᠬᠥᠭᠵᠢᠭᠦᠯᠵᠦ᠂ ᠠᠷᠭ᠎ᠠ ᠪᠦᠭᠦᠨ ᠢ ᠰᠦᠪᠡᠭᠴᠢᠯᠡᠨ ᠪᠣᠬᠢᠷᠳᠤᠯ ᠦᠭᠡᠢ | ᠴᠠᠭᠢᠯᠭᠠᠨ ᠢᠶᠠᠷ ᠣᠷᠣᠯᠠᠭᠤᠯᠬᠤ ᠠᠵᠢᠯ ᠢ ᠠᠬᠢᠭᠤᠯᠵᠤ᠂ ᠲᠤᠬᠠᠢ ᠶᠢᠨ ᠭᠠᠵᠠᠷ ᠲᠤᠨᠢ ᠰᠢᠩᠭᠡᠬᠡᠨ ᠬᠡᠷᠡᠭᠯᠡᠬᠦ ᠶᠢ | ᠥᠷᠭᠡᠳᠬᠡᠵᠦ ᠪᠤᠶ᠃ ᠥᠪᠥᠷ ᠮᠣᠩᠭᠤᠯ ᠪᠣᠯᠣᠨ ᠵᠢᠨᠹᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠪᠢᠴᠠᠭᠠᠲᠤ ᠬᠢᠵᠠᠭᠠᠷᠲᠤ ᠺᠤᠮᠫᠠᠨᠢ ᠲᠠᠢ ᠰᠠᠶᠢᠨ ᠰᠠᠶᠢᠬᠠᠨ ᠬᠠᠮᠲᠤᠷᠠᠯᠴᠠᠭᠠᠨ ᠤ ᠰᠠᠭᠤᠷᠢ ᠲᠠᠢ ᠪᠥᠭᠡᠳ ᠪᠠᠰᠠ ᠮᠠᠰᠢ | ᠣᠯᠠᠨ ᠬᠠᠮᠲᠤ ᠶᠢᠨ ᠲᠠᠨᠢᠯᠲᠠ ᠲᠠᠢ ᠶᠤᠮ᠂ ᠬᠤᠶᠠᠷ ᠲᠠᠯ᠎ᠠ ᠪᠠᠷ ᠢᠶᠠᠨ ᠣᠯᠣᠯᠴᠠᠭ᠎ᠠ ᠵᠣᠯᠭᠠᠯᠴᠠᠭ᠎ᠠ ᠪᠠᠨ ᠴᠢᠨᠠᠭᠰᠢᠳᠠ | ᠴᠢᠩᠭᠠᠳᠬᠠᠵᠤ᠂ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ᠂ ᠲᠣᠨᠣᠭᠯᠠᠯ ᠦᠢᠯᠡᠳᠬᠦ᠂ ᠰᠢᠨ᠎ᠡ ᠭᠡᠯᠪᠡᠷᠢ ᠶᠢᠨ | ᠡᠨᠧᠷᠭᠢ ᠨᠥᠭᠡᠴᠡᠯᠡᠬᠦ᠂ ᠪᠣᠬᠢᠷᠳᠤᠯ ᠦᠭᠡᠢ ᠴᠠᠭᠢᠯᠭᠠᠨ ᠢ ᠰᠢᠩᠭᠡᠭᠡᠬᠦ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠤᠳᠤᠯᠤᠨ ᠨᠡᠭᠡᠭᠡᠯᠲᠡ ᠵᠡᠷᠭᠡ ᠲᠠᠯ᠎ᠠ ᠶᠢᠨ ᠲᠣᠭᠤᠷᠢᠨ ᠳᠤ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠠᠩ ᠣᠯᠠᠨ ᠦᠷ᠎ᠡ ᠪᠦᠲᠦᠭᠡᠯ ᠣᠯᠬᠤ ᠶᠢ ᠬᠦᠰᠡᠵᠦ ᠪᠠᠶᠢᠨ᠎ᠠ᠃ | ᠥᠪᠥᠷ ᠮᠣᠩᠭᠤᠯ ᠤᠨ ᠴᠠᠭᠢᠯᠭᠠᠨ ᠬᠦᠴᠦᠨ ᠤ ᠪᠦᠯᠦᠭᠯᠡᠯ ᠤᠨ ᠬᠢᠨ ᠦᠵᠡᠯ ᠰᠠᠨᠠᠭ᠎ᠠ ᠪᠠᠨ ᠴᠢᠯᠦᠭᠡᠯᠡᠵᠦ᠂ ᠵᠣᠷᠢᠭᠲᠠᠢ | ᠠᠵᠢᠯᠯᠠᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠭᠢᠯᠭᠠᠨ ᠲᠣᠣᠷ ᠢ ᠦᠨᠡᠨ ᠬᠦ ᠬᠦᠴᠦᠷᠬᠡᠭᠵᠢᠭᠦᠯᠦᠨ | ᠰᠠᠶᠢᠲᠤᠷ ᠪᠠᠶᠢᠭᠤᠯᠵᠤ᠂ ᠨᠡᠩ ᠨᠡᠭᠡᠭᠡᠯᠲᠡᠲᠤ ᠣᠪᠣᠷ ᠪᠠᠶᠢᠳᠠᠯ ᠢᠶᠠᠷ ᠰᠢᠨ᠎ᠡ ᠡᠨᠧᠷᠭᠢ ᠶᠢᠨ ︽ᠬᠡᠯᠬᠢᠶ᠎ᠡ ᠶᠢᠨ | ᠭᠤᠣᠯᠯᠠᠭᠴᠢ︾ ᠠᠵᠤ ᠠᠬᠤᠶᠢᠯᠠᠯ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤ ᠪᠠᠷ ᠬᠥᠭᠵᠢᠬᠦ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠠᠯ᠎ᠠ ᠶᠢᠨ ᠬᠢᠨ ᠠᠵᠢᠯ ᠤᠨ ᠲᠣᠭᠲᠠᠴᠠ ᠶᠢ | ᠰᠤᠳᠤᠯᠤᠨ ᠪᠠᠶᠢᠭᠤᠯᠵᠤ᠂ ᠲᠤᠰᠬᠠᠢ ᠪᠠᠶᠢᠭᠤᠯᠤᠮᠵᠢ ᠶᠢ ᠲᠣᠭᠲᠠᠭᠠᠵᠤ᠂ ᠲᠥᠪ ᠤᠨ ᠠᠵᠤ ᠠᠬᠤᠶᠢᠯᠠᠯ ᠪᠣᠯᠣᠨ | ᠣᠷᠣᠨ ᠤ ᠭᠠᠳᠠᠨᠠᠬᠢ ᠤᠯᠤᠰ ᠤᠨ ᠦᠮᠴᠢᠯᠡᠯ ᠤᠨ ᠠᠵᠤ ᠠᠬᠤᠶᠢᠯᠠᠯ ᠯᠤᠭ᠎ᠠ ᠨᠡᠩ ᠰᠠᠶᠢᠲᠤᠷ ᠬᠠᠷᠢᠯᠴᠠᠵᠤ | ᠲᠡᠳᠡᠨ ᠳᠤ ᠦᠢᠯᠡᠴᠢᠯᠡᠬᠦ ᠬᠡᠷᠡᠭᠲᠡᠢ ᠭᠡᠵᠡᠢ᠃ | ᠦ᠋ ᠭᠠᠩ ᠠᠴᠠ ᠵᠢᠨᠹᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠲᠤ ᠬᠢᠵᠠᠭᠠᠷᠲᠤ | ᠺᠤᠮᠫᠠᠨᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠮᠡᠷᠭᠡᠵᠢᠯ ᠤᠨ ᠪᠣᠭᠤᠮᠲᠠ ᠰᠢᠪᠲᠤᠯᠤᠯᠲᠠ ᠵᠡᠷᠭᠡ | ᠬᠤᠯᠪᠣᠭᠳᠠᠯ ᠪᠦᠬᠦᠢ ᠪᠠᠶᠢᠳᠠᠯ ᠢᠶᠠᠨ ᠲᠠᠨᠢᠯᠴᠠᠭᠤᠯᠪᠠ᠃ ᠲᠡᠷᠡ᠂ ᠥᠪᠥᠷ ᠮᠣᠩᠭᠤᠯ ᠤᠨ ᠬᠢᠨ ᠰᠠᠯᠬᠢ ᠭᠡᠷᠡᠯ ᠤᠨ | ᠡᠬᠢ ᠪᠠᠶᠠᠯᠢᠭ ᠤᠨ ᠲᠠᠯ᠎ᠠ ᠪᠠᠷ ᠥᠪᠡᠷᠮᠢᠴᠡ ᠳᠠᠪᠠᠭᠤᠯᠢᠭ ᠲᠠᠢ ᠪᠠᠷ ᠪᠠᠷᠠᠬᠤ ᠦᠭᠡᠢ ᠰᠠᠯᠬᠢᠨ ᠬᠦᠴᠦᠨ ᠤ | ᠴᠠᠭᠢᠯᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠰᠠᠯᠬᠢᠨ ᠬᠦᠴᠦᠨ ᠤ | ᠴᠠᠭᠢᠯᠭᠠᠨ ᠤ ᠲᠤᠷᠰᠢᠯᠲᠠ ᠶᠢᠨ ᠲᠠᠯᠠᠪᠤᠷ᠂ ᠡᠨᠧᠷᠭᠢ ᠶᠢᠨ ᠢᠨᠲ᠋ᠧᠷ ᠰᠦᠯᠵᠢᠶ᠎ᠡ᠂ ᠨᠡᠭᠦᠷᠡᠰᠦᠲᠥ᠋ᠷᠥᠭᠴᠢ ᠥᠯᠥ | ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ᠂ ᠪᠣᠬᠢᠷᠳᠤᠯ ᠦᠭᠡᠢ ᠴᠠᠭᠢᠯᠭᠠᠨ ᠤ ᠡᠬᠢ ᠰᠤᠷᠪᠤᠯᠵᠢ ᠶᠢ ᠮᠥᠷᠳᠡᠬᠦ ᠪᠠ | ᠨᠡᠭᠦᠷᠡᠰᠦᠲᠥ᠋ᠷᠥᠭᠴᠢ ᠶᠢ ᠪᠠᠭᠠᠰᠬᠠᠬᠤ ᠭᠡᠷᠡᠴᠢᠯᠡᠯ ᠵᠡᠷᠭᠡ ᠶᠢ ᠠᠬᠢᠭᠤᠯᠬᠤ ᠲᠠᠯ᠎ᠠ ᠪᠠᠷ ᠮᠠᠰᠢ ᠣᠯᠠᠨ ᠳᠠᠪᠠᠭᠤᠯᠢᠭ | ᠨᠥᠬᠦᠴᠡᠯ ᠲᠠᠢ ᠶᠤᠮ᠃ ᠵᠢᠨᠹᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠲᠤ ᠬᠢᠵᠠᠭᠠᠷᠲᠤ | ᠺᠤᠮᠫᠠᠨᠢ ᠶᠢᠨ ᠬᠢᠨ ᠥᠪᠥᠷ ᠮᠣᠩᠭᠤᠯ ᠳᠤ ᠭᠦᠨ ᠦᠨᠳᠦᠰᠦᠯᠡᠵᠦ᠂ ᠬᠠᠮᠲᠤᠷᠠᠯᠴᠠᠭᠠᠨ ᠤ ᠳᠠᠯᠳᠠ ᠬᠦᠴᠦᠨ ᠢ ᠭᠦᠨ | ᠠᠭᠤᠳᠠᠯᠵᠤ᠂ ᠪᠡᠯᠡ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠮᠲᠤᠷᠠᠯᠴᠠᠭᠠᠨ ᠤ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠨᠡᠨ ᠪᠣᠳᠠᠲᠠᠢ ᠠᠬᠢᠭᠤᠯᠵᠤ᠂ ᠥᠪᠥᠷ ᠮᠣᠩᠭᠤᠯ ᠤᠨ ᠣᠲᠣ | ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠬᠥᠭᠵᠢᠯᠲᠡ ᠳᠤ ᠨᠠᠩ ᠰᠠᠶᠢᠲᠤᠷ ᠬᠦᠴᠦᠨ ᠨᠡᠮᠡᠷᠢᠯᠡᠨ᠎ᠡ ᠭᠡᠵᠡᠢ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠶᠣᠣ ᠶᠦᠩ ᠪᠦᠸᠧ ᠠᠭᠤᠯᠵᠠᠯᠲᠠ ᠳᠤ | ᠣᠷᠣᠯᠴᠠᠵᠠᠢ᠃ | | |