ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠰᠠᠭᠤᠷᠢ ᠮᠥᠩᠭᠦ ᠶᠢᠨ ᠶᠡᠷᠦᠩᠬᠡᠶ ᠲᠤᠭ᠎ᠠ ᠶᠢᠨ ᠲᠥᠰᠦᠪ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/17
  2024 ᠣᠨ ᠤ 5 ᠳ᠋ᠤᠭᠠᠷ ᠰᠠᠷ᠎ᠠ ᠶᠢᠨ 9 ᠤ ᠡᠳᠦᠷ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠬᠡᠰᠡᠭ ᠭᠠᠵᠠᠷ ᠣᠷᠣᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠶ ᠲᠤᠭ᠎ᠠ ᠶᠢᠨ ᠲᠥᠰᠦᠪ ᠤᠨ ᠬᠠᠮᠢᠶᠠᠷᠤᠯᠲᠠ ᠶᠢᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠬᠤᠸᠠᠩ ᠬᠤᠸᠠ ᠪᠥᠸᠧ ᠣᠷᠣᠯᠴᠠᠵᠤ᠂ ᠡᠳ᠋ ᠤᠨ ᠵᠠᠰᠠᠭ ᠤᠨ ᠶᠠᠮᠤᠨ ᠵᠢᠴᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠣᠷᠣᠯᠴᠠᠪᠠ᠃  ᠪᠡᠭᠡᠵᠢᠩ᠂ ᠱᠠᠩᠬᠠᠶ᠂ ᠭᠤᠸᠠᠩᠳᠦ᠋ᠩ ᠵᠡᠷᠭᠡ 8 ᠣᠷᠣᠨ ᠨᠤᠲᠤᠭ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠲᠣᠰ ᠭᠠᠵᠠᠷ ᠣᠷᠣᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯᠯᠠᠭᠠᠨ ᠤ ᠪᠠᠶᠢᠳᠠᠯ ᠢ ᠵᠠᠳᠠᠯᠵᠤ᠂ ᠲᠣᠰ ᠭᠠᠵᠠᠷ ᠣᠷᠣᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠤᠨ ᠬᠠᠮᠢᠶᠠᠷᠤᠯᠲᠠ ᠶᠢᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠪᠠ᠃  ᠬᠤᠸᠠᠩ ᠬᠤᠸᠠ ᠪᠥᠸᠧ᠂ ᠰᠠᠭᠤᠷᠢ ᠮᠥᠩᠭᠦ ᠶᠢᠨ ᠬᠠᠮᠢᠶᠠᠷᠤᠯᠲᠠ ᠪᠣᠯ ᠡᠮᠴᠢᠯᠡᠭᠡᠨ ᠤ ᠪᠠᠲᠤᠯᠠᠭ᠎ᠠ ᠶᠢᠨ ᠪᠥᠬᠦ ᠠᠵᠢᠯ ᠤᠨ ᠠᠮᠢᠨ ᠰᠤᠳᠠᠰᠤ ᠮᠥᠨ᠃ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠲᠦᠭᠰᠢᠭᠦᠷᠢ ᠶᠢᠨ ᠦᠵᠡᠯ ᠤᠬᠠᠮᠰᠠᠷ ᠢᠶᠠᠨ ᠦᠨᠡᠨ ᠬᠦ ᠴᠢᠩᠭᠠᠳᠬᠠᠨ᠂ ᠰᠠᠭᠤᠷᠢ ᠮᠥᠩᠭᠦ ᠶᠢᠨ ᠲᠥᠰᠦᠪ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠰᠠᠭᠤᠷᠢ ᠮᠥᠩᠭᠦ ᠶᠢᠨ ᠠᠵᠢᠯᠯᠠᠭᠠᠨ ᠤ ᠬᠢᠨᠠᠨ ᠬᠡᠮᠵᠢᠯᠲᠡ ᠶᠢ ᠴᠢᠩᠭᠠᠳᠬᠠᠨ᠂ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠪᠠᠭᠠᠵᠢ ᠶᠢᠨ ᠬᠠᠶᠢᠷᠴᠠᠭ ᠢ ᠲᠡᠭᠦᠯᠳᠡᠷᠵᠢᠭᠦᠯᠵᠦ᠂ ᠰᠠᠭᠤᠷᠢ ᠮᠥᠩᠭᠦ ᠶᠢᠨ ᠳᠤᠮᠳᠠ ᠪᠠ ᠤᠷᠲᠤ ᠬᠤᠭᠤᠴᠠᠭᠠᠨ ᠤ ᠲᠡᠩᠴᠡᠭᠦᠷᠢ ᠶᠢ ᠵᠠᠳᠠᠯᠤᠨ ᠦᠨᠡᠯᠡᠬᠦ ᠠᠵᠢᠯ ᠢ ᠰᠠᠶᠢᠲᠤᠷ ᠬᠢᠵᠦ᠂ ᠰᠠᠭᠤᠷᠢ ᠮᠥᠩᠭᠦ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠶ᠃ ᠮᠡᠳᠡᠭᠡ ᠵᠠᠩᠭᠢᠵᠢᠯᠲᠠ ᠶᠢᠨ ᠪᠠᠷᠢᠮᠵᠢᠶᠠᠵᠢᠭᠰᠠᠨ ᠲᠤᠮᠤ ᠳ᠋ᠠᠶᠢᠲ᠋ᠠ ᠶᠢᠨ ᠴᠢᠳᠠᠪᠤᠷᠢ ᠣᠯᠭᠤᠬᠤ ᠶᠢ ᠴᠢᠩᠭᠠᠳᠬᠠᠵᠤ᠂ ᠡᠮᠴᠢᠯᠡᠭᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠴᠤᠪᠤᠷᠠᠯ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠴᠤᠪᠤᠷᠠᠯ ᠢ ᠨᠢᠭᠡ ᠴᠤᠬᠴᠠᠵᠢᠭᠤᠯᠬᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠶᠠᠰᠤ ᠴᠢᠨᠠᠷ ᠦᠷ᠎ᠡ ᠠᠰᠢᠭ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠮᠴᠢᠯᠡᠭᠡᠨ ᠤ ᠳᠠᠭᠠᠳᠬᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠪᠡᠯᠡ ᠮᠥᠩᠭᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ 
 
ᠢᠷᠡᠯᠲᠡ᠄ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号