ᠨᠢᠯᠬᠠᠰ ᠲᠠᠢ ᠠᠪᠤ ᠡᠵᠢ ᠨᠠᠷ ᠡ᠂ ᠡᠨᠡ ᠬᠦ ᠰᠠᠨᠠᠭᠠᠴᠢᠯᠠᠭ᠎ᠠ ᠶᠢᠨ ᠪᠢᠴᠢᠭ ᠤᠨ ᠳᠤᠯᠠᠭᠠᠴᠠ ᠶᠢ ᠲᠠ ᠨᠠᠷ ᠰᠡᠷᠡᠵᠦ ᠮᠡᠳᠡᠭᠰᠡᠨ ᠦᠦ︖ ︵ᠳᠡᠭᠡᠳᠦ︶
ᠨᠡᠶᠢᠲᠡᠯᠡᠭᠰᠡᠨ ᠴᠠᠭ᠄
2024/5/17
   ᠡᠮᠦᠨ᠎ᠡ ᠬᠡᠰᠡᠭ ᠬᠤᠭᠤᠴᠠᠭ᠎ᠠ᠂ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠶᠢᠨ ᠣᠯᠠᠨ ᠨᠡᠶᠢᠲᠡ ᠶᠢᠨ ᠸᠢᠴᠠᠲ ᠲᠠᠪᠴᠠᠩ ᠨᠢ ᠦᠷᠡᠵᠢᠯ ᠤᠨ ᠳᠠᠭᠠᠳᠬᠠᠯ ᠤᠨ ᠰᠢᠷᠢᠰ ᠲᠠᠶᠢᠯᠤᠮᠵᠢ ᠨᠡᠶᠢᠲᠡᠯᠡᠵᠦ᠂ ᠦᠷᠡᠵᠢᠯ ᠤᠨ ᠨᠡᠮᠡᠭᠦᠷᠢ ᠮᠥᠩᠭᠦ ᠶᠢ ᠨᠢᠭᠡᠴᠢ ᠳᠤ ᠥᠭᠳᠡᠭ ᠶᠤᠮ ᠦᠦ ᠬᠤᠪᠢ ᠬᠥᠮᠦᠨ ᠳᠤ ᠥᠭᠳᠡᠭ ᠶᠤᠮ ᠦᠦ︖ ᠬᠡᠷᠬᠢᠨ ᠭᠤᠶᠤᠴᠢᠯᠠᠬᠤ ᠪᠤᠢ︖ ᠦᠷᠡᠵᠢᠯ ᠤᠨ ᠡᠮᠴᠢᠯᠡᠭᠡᠨ ᠤ ᠵᠠᠷᠤᠳᠠᠯ ᠤᠨ ᠬᠡᠳᠦᠢ ᠶᠢ ᠨᠢ ᠳᠠᠩᠰᠠ ᠴᠠᠶᠢᠷᠠᠭᠤᠯᠵᠤ ᠪᠣᠯᠬᠤ ᠪᠤᠢ ᠭᠡᠵᠦ ᠰᠦᠯᠵᠢᠶᠡᠨ ᠠᠨᠳᠠ ᠨᠠᠷ‌ᠠᠰᠠᠭᠤᠭᠰᠠᠨ ᠪᠠᠶᠢᠨ᠎ᠠ᠃ ᠲᠠ ᠨᠠᠷ ᠤᠨ ᠠᠰᠠᠭᠤᠯᠲᠠ ᠨᠢᠭᠡᠪᠦᠷᠢ ᠶᠢ ᠪᠢᠳᠡ ᠴᠥᠮ ᠨᠢᠭᠲᠠ ᠠᠩᠬᠠᠷᠴᠤ᠂ ᠲᠠ ᠨᠠᠷ ᠤᠨ ᠬᠦᠰᠡᠯ ᠱᠠᠭᠠᠷᠳᠠᠯᠭ᠎ᠠ ᠶᠢ ᠪᠢᠳᠡ ᠴᠥᠮ ᠰᠡᠳᠬᠢᠯ ᠳᠡᠭᠡᠨ ᠪᠣᠳᠣᠵᠤ ᠪᠠᠶᠢᠳᠠᠭ᠃ ᠣᠯᠠᠨ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠪᠢᠳᠡ ᠬᠠᠷᠢᠭᠤ ᠥᠭᠬᠦ ᠬᠡᠷᠡᠭᠲᠡᠢ᠃ ᠣᠢᠷ᠎ᠠ ᠶᠢᠨ ᠬᠤᠭᠤᠴᠠᠭᠠᠨ ᠳᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢᠭᠡᠨᠲᠡ ︽ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠳᠤᠯᠠᠭᠠᠴᠠ ᠶᠢ ᠳᠡᠭᠡᠭᠰᠢᠯᠡᠭᠦᠯᠵᠦ ᠣᠯᠠᠨ ᠲᠦᠮᠡᠨ ᠳᠤ ᠬᠦᠷᠲᠡᠭᠳᠡᠵᠦ ᠮᠡᠳᠡᠭᠳᠡᠭᠦᠯᠬᠦ ᠰᠠᠨᠠᠭᠠᠴᠢᠯᠠᠭ᠎ᠠ ᠶᠢᠨ ᠪᠢᠴᠢᠭ︾ ᠢ ᠪᠠᠭᠤᠯᠭᠠᠵᠤ᠂ ᠡᠵᠢ ᠪᠣᠯᠣᠭᠰᠠᠳ ᠤᠨ ᠬᠥᠩᠭᠡᠵᠢᠬᠦ ᠠᠴᠠ ᠡᠮᠦᠨ᠎ᠡ ᠬᠤᠢᠨᠠᠬᠢ ᠶᠠᠪᠤᠳᠠᠯ ᠳᠤ ᠠᠩᠬᠠᠷᠤᠯ ᠲᠥᠪᠯᠡᠷᠡᠭᠦᠯᠪᠡ᠃ ᠡᠨᠡ ᠬᠦ ︽ᠰᠠᠨᠠᠭᠠᠴᠢᠯᠠᠭ᠎ᠠ ᠶᠢᠨ ᠪᠢᠴᠢᠭ︾ ᠨᠢ ᠶᠠᠭᠠᠬᠢᠬᠤ ᠭᠡᠵᠦ ᠪᠠᠶᠢᠭ᠎ᠠ ᠶᠢ ᠪᠢᠳᠡ ᠬᠠᠮᠲᠤ ᠪᠠᠷ ᠦᠵᠡᠵᠡᠭᠡᠶ᠎ᠡ᠃   ᠰᠠᠨᠠᠭᠠᠴᠢᠯᠠᠭ᠎ᠠ ᠨᠢᠭᠡ᠂ ᠦᠢᠯᠡᠴᠢᠯᠡᠭᠡᠨ ᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠣᠯᠠᠨ ᠲᠦᠮᠡᠨ ᠢ ᠭᠦᠶᠦᠯᠭᠡᠬᠦ ᠦᠭᠡᠢ᠃ ᠡᠵᠢ ᠪᠣᠯᠣᠭᠰᠠᠳ ᠤᠨ ᠬᠠᠲᠠᠭᠤ ᠪᠡᠷᠬᠡᠰᠢᠶᠡᠯ ᠢ ᠨᠠᠶᠢᠷᠠᠭᠤᠯᠤᠭᠴᠢ ᠪᠦᠷ ᠣᠶᠢᠯᠠᠭᠠᠳᠠᠭ᠂ ᠬᠥᠩᠭᠡᠵᠢᠭᠰᠡᠨ ᠤ ᠳᠠᠷᠠᠭᠠᠬᠢ ᠲᠠ ᠨᠠᠷ ᠲᠤ ᠬᠠᠮᠤᠭ ᠤᠨ ᠬᠡᠷᠡᠭᠴᠡᠭᠡ ᠲᠠᠢ ᠵᠦᠢᠯ ᠪᠣᠯ ᠳᠠᠷᠤᠢ ᠳᠣᠲᠣᠨᠣ ᠬᠠᠯᠠᠮᠵᠢᠯᠠᠯ ᠪᠠ ᠬᠠᠯᠠᠭᠤᠨ ᠦᠢᠯᠡᠴᠢᠯᠡᠭᠡ ᠪᠣᠯᠤᠨ᠎ᠠ᠃ ᠡᠮᠴᠢᠯᠡᠭᠡᠨ ᠤ ᠵᠠᠷᠤᠳᠠᠯ ᠢᠶᠠᠨ ᠳᠠᠩᠰᠠ ᠴᠠᠶᠢᠷᠠᠭᠤᠯᠤᠭ᠎ᠠ ᠦᠭᠡᠢ ᠪᠣᠯ ᠶᠠᠭᠠᠬᠢᠬᠤ ᠪᠤᠢ︖ ᠨᠡᠮᠡᠭᠦᠷᠢ ᠶᠢ ᠬᠠᠮᠢᠭ᠎ᠠ ᠠᠴᠠ ᠠᠪᠬᠤ ᠪᠤᠢ︖ ᠬᠡᠦᠬᠡᠳ ᠶᠠᠭᠠᠬᠢᠵᠤ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠪᠤᠢ︖ ᠣᠯᠠᠨ ᠤᠳᠠᠭ᠎ᠠ ᠭᠦᠶᠦᠮᠡᠨᠵᠢᠨ ᠰᠠᠶ᠋ᠢ ᠡᠳᠡᠭᠡᠷ ᠢ ᠳᠠᠭᠤᠰᠬᠠᠵᠤ ᠴᠢᠳᠠᠬᠤ ᠮᠥᠨ ᠤᠤ︖ ᠬᠡᠦᠬᠡᠳ ᠤᠨ ᠠᠪᠤ ᠳᠤ ᠨᠢ ᠲᠤᠰᠢᠶᠠᠵᠤ ᠭᠦᠶᠦᠯᠭᠡᠬᠦ ᠯᠠ ᠬᠡᠷᠡᠭ       ᠪᠣᠯᠣᠭᠰᠠᠨ᠂ ᠭᠡᠪᠡᠴᠦ ᠬᠡᠦᠬᠡᠳ ᠤᠨ ᠠᠪᠤ ᠨᠢ ᠴᠤ ᠪᠠᠶᠢᠳᠠᠯ ᠢ ᠰᠠᠶᠢᠨ ᠣᠶᠢᠯᠠᠭᠠᠬᠤ ᠦᠭᠡᠢ᠂ ᠴᠣᠬᠤᠮ‌‍ᠶᠠᠭᠠᠬᠢᠬᠤ ᠪᠤᠢ︖ ᠲᠠ ᠰᠠᠨᠠᠭ᠎ᠠ ᠵᠣᠪᠠᠭᠰᠠᠨ ᠤ ᠬᠡᠷᠡᠭ ᠦᠭᠡᠢ᠂ ︽ᠰᠠᠨᠠᠭᠠᠴᠢᠯᠠᠭ᠎ᠠ ᠶᠢᠨ ᠪᠢᠴᠢᠭ︾ ᠨᠢ ᠤᠯᠠᠨ ᠲᠦᠮᠡᠨ ᠤ ᠭᠦᠶᠦᠬᠦ ᠤᠳᠠᠭ᠎ᠠ ᠶᠢ ᠪᠠᠭᠠᠰᠬᠠᠵᠤ᠂ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠠᠶ᠋ᠢᠬᠠᠨ ᠠᠪᠤ ᠡᠵᠢ ᠪᠣᠯᠣᠭᠰᠠᠳ ᠢ ᠭᠦᠶᠦᠯᠭᠡᠬᠦ ᠦᠭᠡᠢ ᠪᠠᠷ᠂ ᠰᠠᠭᠠᠳ ᠦᠭᠡᠢ ᠭᠦᠢᠴᠡᠳᠬᠡᠬᠦ ᠬᠡᠷᠡᠭᠲᠡᠢ ᠭᠡᠵᠦ ᠱᠠᠭᠠᠷᠳᠠᠪᠠ᠃ ᠣᠷᠣᠨ ᠨᠤᠲᠤᠭ ᠲᠤ ᠶᠠᠮᠠᠷ ᠶᠠᠮᠠᠷ ᠰᠠᠶᠢᠨ ᠠᠷᠭ᠎ᠠ ᠪᠠᠶᠢᠬᠤ ᠶᠢ ᠦᠵᠡᠵᠡᠭᠡᠶ᠎ᠡ —  ᠦᠷᠡᠵᠢᠯ ᠤᠨ ᠤᠨ ᠡᠮᠴᠢᠯᠡᠭᠡᠨ ᠤ ᠵᠠᠷᠤᠳᠠᠯ ᠪᠠ ᠨᠡᠮᠡᠬᠦᠷᠢ ᠶᠢ ︽ᠭᠤᠶᠤᠴᠢᠯᠠᠨ ᠰᠢᠢᠳᠪᠦᠷᠢᠯᠡᠬᠦ︾ ᠠᠴᠠ ᠬᠡᠯᠲᠦᠷᠢᠭᠦᠯᠦᠨ᠎ᠡ᠃ ︽ᠪᠢ ᠡᠨᠡ ᠤᠳᠠᠭ᠎ᠠ ᠵᠢᠷᠮᠦᠰᠦᠯᠡᠭᠰᠡᠨ ᠠᠴᠠ ᠴᠢᠰᠤᠨ ᠳᠠᠷᠤᠯᠲᠠ ᠥᠨᠳᠥᠷ ᠪᠣᠯᠵᠤ᠂ 8764.43 ᠲᠥᠭᠦᠷᠢᠭ ᠡᠮᠴᠢᠯᠡᠭᠡᠨ ᠤ ᠵᠠᠷᠤᠳᠠᠯ ᠨᠢ ᠵᠠᠷᠤᠴᠠᠭᠤᠯᠵᠤ᠂ ᠥᠨᠥᠳᠦᠷ ᠡᠮᠨᠡᠯᠭᠡ ᠠᠴᠠ ᠭᠠᠷᠬᠤ ᠳᠤ ᠡᠮᠴᠢᠯᠡᠭᠡᠨ ᠤ ᠳᠠᠭᠠᠳᠬᠠᠯ ᠠᠴᠠ 6744.72 ᠲᠦᠭᠦᠷᠢᠭ ᠤᠨ ᠳᠠᠩᠰᠠ ᠴᠠᠶᠢᠷᠠᠭᠤᠯᠵᠤ᠂ ᠥᠪᠡᠷ ᠢᠶᠠᠨ ᠬᠤᠶᠠᠷ ᠮᠢᠩᠭᠠᠨ ᠲᠦᠭᠦᠷᠢᠭ ᠭᠠᠷᠭᠠᠪᠠ᠂ ᠡᠮᠴᠢᠯᠡᠭᠡᠨ ᠤ ᠳᠠᠭᠠᠳᠬᠠᠯ ᠠᠴᠠ ᠡᠳᠦᠢ ᠶᠡᠭᠡ ᠳᠠᠩᠰᠠ ᠴᠠᠶᠢᠷᠠᠭᠤᠯᠤᠨ᠎ᠠ ᠭᠡᠰᠡᠨ ᠢ ᠪᠣᠳᠣᠵᠤ ᠣᠯᠣᠭᠰᠠᠨ ᠦᠭᠡᠶ᠂ ᠳᠠᠷᠤᠭᠠᠰᠤ ᠶᠢ ᠶᠡᠭᠡ ᠬᠥᠩᠭᠡᠷᠡᠭᠦᠯᠪᠡ᠃ ᠶᠡᠭᠡ ᠬᠡᠦᠬᠡᠳ ᠢᠶᠠᠨ ᠲᠥᠷᠥᠬᠦ ᠦᠶ᠎ᠡ ᠳᠤ ᠡᠮᠴᠢᠯᠡᠭᠡᠨ ᠤ ᠵᠠᠷᠤᠳᠠᠯ ᠢ ᠤᠷᠢᠲᠠᠵᠤ ᠥᠪᠡᠷ ᠤᠨ ᠭᠠᠷᠭᠠᠵᠤ᠂ ᠡᠮᠨᠡᠯᠭᠡ ᠠᠴᠠ ᠭᠠᠷᠤᠭᠰᠠᠨ ᠤ ᠳᠠᠷᠠᠭ᠎ᠠ ᠮᠠᠲ᠋ᠧᠷᠢᠶᠠᠯ ᠢᠶᠠᠨ ᠪᠡᠯᠡᠳᠬᠡᠵᠦ ᠨᠡᠶᠢᠭᠡᠮ ᠤᠨ ᠳᠠᠭᠠᠳᠬᠠᠯ ᠤᠨ ᠴᠣᠩᠬᠤᠪᠴᠢ ᠳᠤ ᠣᠴᠢᠵᠤ ᠲᠠᠩᠰᠠ ᠴᠠᠶᠢᠷᠠᠭᠤᠯᠬᠤ ᠭᠤᠶᠤᠴᠢᠯᠠᠯ ᠭᠠᠷᠭᠠᠳᠠᠭ ᠪᠠᠶᠢᠯ᠎ᠠ᠃ ᠬᠤᠶᠠᠳᠤᠭᠠᠷ ᠬᠡᠦᠬᠡᠳ ᠢᠶᠠᠨ ᠲᠥᠷᠥᠬᠦ ᠦᠶ᠎ᠡ ᠳᠤ ᠦᠷᠡᠵᠢᠯ ᠤᠨ ᠤᠨ ᠡᠮᠴᠢᠯᠡᠭᠡᠨ ᠤ ᠵᠠᠷᠤᠳᠠᠯ ᠢ ᠰᠢᠭᠤᠳ ᠴᠠᠶᠢᠷᠠᠭᠤᠯᠵᠤ ᠪᠣᠯᠬᠤ ᠪᠣᠯᠵᠤ᠂ ᠴᠣᠩᠬᠤᠪᠴᠢ ᠳᠤ ᠬᠦᠷᠴᠦ ᠦᠷᠡᠵᠢᠯ ᠤᠨ ᠨᠡᠮᠡᠭᠦᠷᠢ ᠭᠤᠶᠤᠴᠢᠯᠠᠪᠠᠯ ᠪᠣᠯᠴᠢᠬᠠᠨ᠎ᠠ᠃ ᠣᠳᠣ ᠭᠤᠷᠪᠠᠳᠤᠭᠠᠷ ᠬᠡᠦᠬᠡᠳ ᠢᠶᠠᠨ ᠲᠥᠷᠥᠬᠦ ᠳᠤ ᠦᠷᠡᠵᠢᠯ ᠤᠨ ᠡᠮᠴᠢᠯᠡᠭᠡᠨ ᠤ ᠵᠠᠷᠤᠳᠠᠯ ᠢ ᠰᠢᠭᠤᠳ ᠴᠠᠶᠢᠷᠠᠭᠤᠯᠤᠭᠰᠠᠨ ᠢᠶᠠᠷ ᠪᠠᠷᠠᠬᠤ ᠥᠬᠡᠶ᠂ ᠦᠷᠡᠵᠢᠯ ᠤᠨ ᠨᠡᠮᠡᠭᠦᠷᠢ ᠶᠢ ᠴᠦ ᠭᠤᠶᠤᠴᠢᠯᠠᠬᠤ ᠠᠴᠠ ᠬᠡᠯᠲᠦᠷᠢᠭᠦᠯᠴᠢᠬᠡᠯ᠎ᠡ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠦᠨᠡᠬᠡᠷ ᠤᠯᠠᠮ ᠠᠴᠠ ᠤᠯᠠᠮ ᠳᠥᠭᠦᠮ ᠪᠣᠯᠵᠤ ᠪᠠᠶᠢᠨ᠎ᠠ︾ ᠭᠡᠵᠦ ᠭᠤᠸᠠᠩᠰᠢ ᠮᠤᠵᠢ ᠶᠢᠨ ᠾᠧ ᠵᠧᠦ ᠬᠤᠲᠠ ᠶᠢᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠯᠦᠸᠧ ᠠᠪᠠᠭ᠋ᠠᠢ ᠬᠡᠯᠡᠪᠡ᠃ ᠯᠦᠸᠧ ᠠᠪᠠᠭ᠋ᠠᠢ ᠪᠣᠯ ᠭᠤᠷᠪᠠᠨ ᠬᠡᠦᠬᠡᠳ ᠤᠨ ᠡᠵᠢ᠂ ᠭᠤᠸᠠᠩᠱᠢ ᠶᠢᠨ ᠬᠠᠮᠤᠭ ᠰᠢᠨ᠎ᠡ ᠲᠣᠭᠲᠠᠭᠠᠯ ᠶᠣᠰᠣᠭᠠᠷ᠂ ᠭᠤᠷᠪᠠᠨ ᠬᠡᠦᠬᠡᠳ ᠠᠪᠬᠤ ᠦᠷᠡᠵᠢᠯ ᠤᠨ ᠨᠡᠮᠡᠭᠦᠷᠢ ᠶᠢᠨ ᠡᠳᠦᠷ ᠤᠨ ᠲᠤᠭ᠎ᠠ ᠨᠢ ᠨᠡᠮᠡᠭᠳᠡᠭᠰᠡᠨ ᠢᠶᠠᠷ ᠪᠠᠷᠠᠬᠤ ᠥᠬᠡᠢ᠂ ᠪᠠᠰᠠ ᠦᠷᠡᠵᠢᠯ ᠤᠨ ᠨᠡᠮᠡᠭᠦᠷᠢ ᠶᠢ ︽ᠭᠤᠶᠤᠴᠢᠯᠠᠬᠤ ᠥᠬᠡᠢ ᠪᠠᠷ ᠳᠠᠷᠤᠶᠢᠬᠠᠨ ᠭᠦᠢᠴᠡᠳᠭᠡᠬᠦ︾ ᠳᠥᠭᠦᠮ ᠦᠢᠯᠡᠴᠢᠯᠡᠭᠡ ᠶᠢ ᠬᠦᠷᠲᠡᠵᠦ᠂ ᠲᠡᠭᠦᠨ ᠢ ᠡᠮᠨᠡᠯᠭᠡ ᠠᠴᠠ ᠭᠠᠷᠤᠭᠠᠳ ᠳᠡᠮᠡᠢ ᠤᠳᠠᠭᠰᠠᠨ ᠦᠭᠡᠢ᠂ ᠾᠧ ᠵᠧᠦ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠲᠥᠪ ᠠᠴᠠ ᠬᠢᠨᠠᠨ ᠲᠣᠭᠲᠠᠭᠠᠭᠰᠠᠨ 3 ᠲᠦᠮᠡ ᠭᠠᠷᠤᠢ ᠶᠢᠨ ᠦᠷᠡᠵᠢᠯ ᠤᠨ ᠨᠡᠮᠡᠭᠦᠷᠢ ᠶᠢ ᠲᠡᠭᠦᠨ ᠤ ᠠᠵᠢᠯ ᠤᠨ ᠨᠢᠭᠡᠴᠢ ᠳᠤ ᠨᠢ ᠥᠭᠪᠡ᠃  ᠪᠦᠷᠢᠳᠬᠡᠯ ᠢ ᠦᠨᠳᠦᠰᠦᠯᠡᠪᠡᠯ᠂ ᠣᠳᠣᠬᠠᠨ ᠳᠤ ᠪᠦᠬᠦ ᠤᠯᠤᠰ ᠲᠤ ᠨᠢᠭᠡᠨᠲᠡ 133 ᠲᠤᠰᠬᠠᠶ ᠣᠷᠣᠨ ᠬᠤᠲᠠ ᠦᠷᠡᠵᠢᠯ ᠤᠨ ᠨᠡᠮᠡᠭᠦᠷᠢ ᠶᠢ ︽ᠭᠤᠶᠤᠴᠢᠯᠠᠬᠤ ᠦᠭᠡᠢ ᠪᠠᠷ ᠳᠠᠷᠤᠶᠢᠬᠠᠨ ᠡᠳ᠋ᠯᠡᠬᠦ︾ ᠶᠢ ᠬᠡᠷᠡᠭᠵᠢᠭᠦᠯᠵᠦ᠂ 211 ᠲᠤᠰᠬᠠᠶ ᠣᠷᠣᠨ ᠬᠤᠲᠠ ᠦᠷᠡᠵᠢᠯ ᠤᠨ ᠡᠮᠴᠢᠯᠡᠭᠡᠨ ᠤ ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ ᠬᠡᠷᠡᠭᠵᠢᠭᠦᠯᠪᠡ᠃ ᠡᠨᠡ ᠵᠢᠯ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠶᠢ ᠶᠡᠬᠡᠪᠡᠷ ᠳᠥᠯᠭᠢᠨ ᠠᠬᠢᠭᠤᠯᠬᠤ ᠶᠢ ᠳᠠᠭᠠᠯᠳᠤᠨ᠂ ᠴᠥᠭᠡᠨ ᠪᠤᠰᠤ ᠭᠠᠵᠠᠷ ᠣᠷᠣᠨ ᠶᠠᠭ ᠡᠯ᠎ᠡ ᠲᠥᠷᠥᠯ ᠤᠨ ︽ᠭᠤᠶᠤᠴᠢᠯᠠᠬᠤ ᠶᠢ ᠬᠡᠯᠲᠦᠷᠢᠭᠦᠯᠦᠨ ᠭᠦᠢᠴᠡᠳᠬᠡᠬᠦ︾ ᠦᠢᠯᠡᠴᠢᠯᠡᠭᠡ ᠶᠢ ᠲᠥᠯᠥᠪᠯᠡᠨ ᠠᠬᠢᠭᠤᠯᠵᠤ᠂ ᠣᠯᠠᠨ ᠲᠦᠮᠡᠨ ᠤ ᠭᠦᠶᠦᠬᠦ ᠤᠳᠠᠭ᠎ᠠ ᠶᠢ ᠤᠯᠠᠮ ᠨᠢᠭᠡ ᠠᠯᠬᠤᠮ ᠪᠠᠭᠠᠰᠬᠠᠨ᠂ ᠠᠪᠤ ᠡᠵᠢ ᠪᠣᠯᠣᠭᠰᠠᠳ ᠤᠨ ᠵᠣᠪᠠᠨᠢᠯ ᠢ ᠨᠠᠮᠳᠠᠭᠤᠯᠤᠭᠰᠠᠨ ᠪᠠᠶᠢᠨ᠎ᠠ᠃  ᠰᠠᠶ᠋ᠢ ᠲᠥᠷᠥᠭᠰᠡᠨ ᠬᠡᠦᠬᠡᠳ ᠤᠨ ᠳᠠᠭᠠᠳᠬᠠᠯ ᠳᠤ ᠣᠷᠣᠯᠴᠠᠬᠤ ︽ᠨᠢᠭᠡ ᠥᠷᠲᠡᠭᠡ ᠪᠠᠷ ᠭᠦᠢᠴᠡᠳᠬᠡᠬᠦ︾᠃ ᠱᠠᠨᠳᠦ᠋ᠩ ᠤᠨ ᠴᠢᠩᠲᠤᠤ ᠬᠤᠲᠠ ᠶᠢᠨ ᠠᠷᠠᠳ ᠯᠢ ᠠᠪᠠᠭ᠋ᠠᠢ ᠶᠢᠨ ᠬᠤᠶᠠᠳᠤᠭᠠᠷ ᠬᠡᠦᠬᠡᠳ ᠨᠢ 30 ᠭᠠᠷᠠᠭ ᠪᠣᠯᠵᠤ᠂ ᠬᠥᠪᠥᠷᠡᠯ ᠤᠨ ᠬᠠᠯᠢᠰᠤ ᠨᠢ ᠡᠷᠲᠡ ᠬᠠᠭᠠᠷᠠᠭᠰᠠᠨ ᠠᠴᠠ ᠪᠣᠯᠵᠤ ᠰᠠᠪᠠ ᠬᠠᠭᠠᠯᠵᠤ ᠬᠥᠩᠭᠡᠵᠢᠵᠡᠢ᠂ ᠬᠡᠦᠬᠡᠳ ᠤᠨ ᠬᠢᠨ ᠲᠥᠷᠥᠬᠦ ᠦᠶ᠎ᠡ ᠶᠢᠨ ᠪᠡᠶ᠎ᠡ ᠶᠢᠨ ᠬᠦᠨᠳᠦ ᠨᠢ 1640 ᠭᠷᠠᠮ ᠪᠠᠶᠢᠵᠤ᠂ ᠰᠢᠭᠤᠳ ᠰᠠᠶ᠋ᠢ ᠲᠥᠷᠥᠭᠰᠡᠨ ᠬᠡᠦᠬᠡᠳ ᠤᠨ ᠬᠦᠨᠳᠦ ᠡᠪᠡᠳᠴᠢᠲᠡᠨ ᠤ ᠬᠠᠷᠠᠭᠠᠯᠵᠠᠨ ᠬᠠᠮᠠᠭᠠᠯᠠᠬᠤ ᠲᠠᠰᠤᠭ ᠲᠤ ᠰᠢᠯᠵᠢᠭᠦᠯᠦᠭᠳᠡᠵᠦ᠂ ᠡᠮᠴᠢ ᠲᠡᠭᠦᠨ ᠳᠤ ᠪᠠᠷᠤᠭ 4 - 6 ᠭᠠᠷᠠᠭ ᠡᠮᠨᠡᠯᠭᠡ ᠳᠤ ᠰᠠᠭᠤᠬᠤ ᠴᠢᠬᠤᠯᠠᠲᠠᠢ᠂ ᠡᠮᠴᠢᠯᠡᠭᠡᠨ ᠤ ᠵᠠᠷᠤᠳᠠᠯ ᠨᠡᠯᠢᠶᠡᠳ ᠶᠡᠭᠡ ᠭᠡᠵᠦ ᠮᠡᠳᠡᠭᠳᠡᠭᠰᠡᠨ ᠪᠠᠶᠢᠨ᠎ᠠ᠃ ᠯᠢ ᠠᠪᠠᠭ᠋ᠠᠶ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠨ ᠵᠢᠯᠣᠭᠤᠳᠣᠯᠭ᠎ᠠ ᠳᠣᠤᠷ᠎ᠠ᠂ ︽ᠲᠥᠷᠥᠬᠦ‍ ᠨᠢᠭᠡ ᠶᠠᠪᠤᠳᠠᠯ︾ ᠢᠶᠠᠷ ᠳᠠᠮᠵᠢᠭᠤᠯᠤᠨ ᠡᠮᠨᠡᠯᠭᠡ ᠠᠴᠠ ᠭᠠᠷᠤᠭᠰᠠᠨ ᠥᠬᠡᠶ ᠪᠠᠷ ᠬᠡᠦᠬᠡᠳ ᠲᠤ ᠪᠠᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠶᠢ ᠭᠦᠢᠴᠡᠳᠬᠡᠵᠦ᠂ ᠡᠮᠴᠢᠯᠡᠭᠡᠨ ᠤ ᠵᠠᠷᠤᠳᠠᠯ ᠤᠨ ᠲᠠᠩᠰᠠ ᠴᠠᠶᠢᠷᠠᠭᠤᠯᠬᠤ ᠶᠡᠭᠡ ᠠᠰᠠᠭᠤᠳᠠᠯ ᠢ ᠰᠢᠢᠳᠪᠦᠷᠢᠯᠡᠪᠡ᠃ ᠨᠢᠭᠡᠳᠦᠭᠡᠷ ᠬᠡᠦᠬᠡᠳ ᠲᠤ ᠪᠠᠨ ᠡᠮᠴᠢᠯᠡᠭᠡᠨ ᠤ ᠳᠠᠭᠠᠳᠬᠠᠯ ᠭᠦᠢᠴᠡᠳᠬᠡᠬᠦ ᠦᠶ᠎ᠡ ᠶᠢᠨ ᠪᠠᠶᠢᠳᠠᠯ ᠢᠶᠠᠨ ᠡᠷᠭᠢᠴᠡᠭᠦᠯᠬᠦ ᠣᠶᠢᠶ᠎ᠠ ᠳᠤ᠂ ᠯᠢ ᠠᠪᠠᠭ᠋ᠠᠢ᠄ ︽ᠣᠲᠣ ᠦᠨᠡᠬᠡᠷ ᠲᠥᠬᠦᠮ ᠪᠣᠯᠵᠠᠶ᠂ ᠮᠢᠨᠦ ᠨᠢᠭᠡᠳᠦᠭᠡᠷ ᠬᠡᠤᠬᠡᠳ ᠲᠥᠷᠥᠭᠰᠡᠨ ᠤ ᠳᠠᠷᠠᠭ᠎ᠠ᠂ ᠤᠷᠢᠳᠠᠪᠠᠷ ᠡᠮᠨᠡᠯᠭᠡ ᠶᠢᠨ ᠬᠤᠷᠢᠶᠠᠨ ᠳᠤ ᠬᠥᠩᠭᠡᠵᠢᠬᠦ ᠠᠨᠠᠭᠠᠬᠤ ᠤᠬᠠᠭᠠᠨ ᠤ ᠭᠡᠷᠡᠴᠢ ᠶᠢ ᠭᠦᠢᠴᠡᠳᠬᠡᠵᠦ᠂ ᠳᠠᠷᠠᠭ᠎ᠠ ᠨᠢ ᠲᠣᠮᠢᠯᠠᠭᠰᠠᠨ ᠰᠠᠯᠪᠤᠷᠢ ᠳᠤ ᠬᠦᠷᠴᠦ ᠡᠷᠦᠬᠡ ᠠᠮᠠ ᠣᠷᠣᠭᠤᠯᠵᠤ᠂ ᠳᠠᠬᠢᠭᠠᠳ ᠵᠡᠭᠡᠯᠢ ᠭᠤᠳᠤᠮᠵᠢ ᠳᠤ ᠬᠦᠷᠴᠦ ᠳᠠᠭᠠᠳᠬᠠᠯ ᠳᠤ ᠣᠷᠣᠯᠴᠠᠭᠰᠠᠨ ᠳᠡᠩᠰᠡᠯᠡᠯᠲᠡ ᠬᠢᠵᠦ᠂ ᠨᠠᠭᠠᠰᠢ ᠴᠠᠭᠠᠰᠢ ᠬᠡᠳᠦᠨ ᠡᠳᠦᠷ ᠥᠬᠡᠶ ᠪᠣᠯ ᠦᠨᠳᠦᠰᠦᠨ ᠳᠡᠭᠡᠨ ᠭᠦᠢᠴᠡᠳᠬᠡᠵᠦ ᠳᠠᠭᠤᠰᠬᠤ ᠥᠬᠡᠶ᠂ ᠣᠲᠣ ᠡᠮᠨᠡᠯᠭᠡ ᠠᠴᠠ ᠪᠠᠰᠠ ᠭᠠᠷᠤᠭ᠎ᠠ ᠥᠬᠡᠶ ᠪᠠᠷ ᠬᠡᠤᠬᠡᠳ ᠤᠨ ᠡᠷᠦᠬᠡ ᠠᠮᠠ ᠶᠢ ᠣᠷᠣᠭᠤᠯᠬᠤ᠂ ᠡᠮᠴᠢᠯᠡᠭᠡᠨ ᠤ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠪᠠᠨ ᠪᠦᠷ ᠭᠦᠢᠴᠡᠳᠬᠡᠭᠰᠡᠨ ᠪᠠᠶᠢᠨ᠎ᠠ︾ ᠭᠡᠵᠦ ᠪᠠᠶᠠᠷ ᠲᠠᠢ ᠬᠡᠯᠡᠪᠡ᠃  ᠯᠢ ᠠᠪᠠᠭ᠋ᠠᠢ ᠶᠢᠨ ᠣᠯᠤᠯᠲᠠ ᠲᠥᠷᠥᠭᠳᠡᠯ ᠨᠢ ︽ᠲᠥᠷᠥᠬᠦ‍ ᠨᠢᠭᠡ ᠶᠠᠪᠤᠳᠠᠯ︾ ᠢ ᠪᠣᠳᠠᠲᠠᠶᠢᠵᠢᠭᠤᠯᠤᠨ ᠬᠡᠷᠡᠭᠵᠢᠭᠦᠯᠦᠭᠰᠡᠨ ᠠᠴᠠ ᠢᠷᠡᠯᠲᠡ ᠲᠠᠢ᠃ ᠴᠢᠩᠳᠣᠤ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠦᠴᠢᠷ ︽ᠲᠥᠷᠥᠬᠦ‍ ᠨᠢᠭᠡ ᠶᠠᠪᠤᠳᠠᠯ︾ ᠤᠨ ᠬᠠᠮᠲᠣᠷᠠᠨ ᠰᠢᠢᠣᠠᠪᠤᠷᠢᠯᠠᠭᠦ ᠰᠢᠰᠲ᠋ᠧᠮ ᠢ ᠠᠰᠢᠬᠯᠠᠨ᠂ ︽ᠡᠮᠣᠨᠠᠲᠤ ᠦᠵᠦᠬᠦᠷ ᠲᠤ ᠨᠢᠭᠡ ᠴᠣᠬᠴᠠᠵᠢᠭᠤᠯᠣᠠ ᠮᠠᠲᠠᠭᠦᠯᠭᠦ᠂ ᠠᠷᠣ ᠲᠠᠪᠴᠠᠩ ᠳᠤ ᠬᠠᠮᠲᠣᠷᠠᠨ ᠰᠢᠢᠣᠠᠪᠤᠷᠢᠯᠠᠭᠦ᠂ ᠮᠡᠳᠡᠭᠡ ᠵᠠᠩᠭᠢ ᠶᠢ ᠨᠢᠭᠡᠳᠬᠡᠨ ᠬᠠᠮᠲᠤ ᠪᠠᠷ ᠡᠳ᠋ᠯᠠᠭᠦ︾ ᠬᠡᠯᠪᠠᠷᠢ ᠪᠠᠷ ᠲᠠᠮᠵᠢᠭᠤᠯᠣᠠ᠂ ᠨᠦᠭᠦᠴᠠᠯ ᠳᠤ ᠨᠠᠶᠢᠴᠠᠭᠦ ᠰᠠᠶ᠋ᠢ ᠲᠥᠷᠥᠭᠰᠡᠨ ᠬᠡᠦᠬᠡᠳ ᠲᠤ ᠰᠦᠯᠵᠢᠶᠡᠨ ᠳᠡᠭᠡᠷᠡᠬᠢ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡ ᠬᠠᠩᠭᠠᠪᠠ᠃ ᠣᠳᠣᠬᠠᠨ ᠳᠤ ᠪᠥᠬᠦ ᠤᠯᠤᠰ ᠤᠨ 200 ᠭᠠᠷᠤᠶ ᠲᠤᠰᠬᠠᠶ ᠣᠷᠣᠨ ᠬᠤᠲᠠ ᠶᠢᠨ ᠰᠠᠶ᠋ᠢ ᠲᠥᠷᠥᠭᠰᠡᠨ ᠬᠡᠤᠬᠡᠳ ᠳᠠᠭᠠᠳᠬᠠᠯ ᠳᠤ ᠣᠷᠣᠯᠴᠠᠬᠤ ᠳᠤ ︽ᠲᠥᠷᠥᠬᠦ‍ ᠨᠢᠭᠡ ᠶᠠᠪᠤᠳᠠᠯ︾ ᠤᠨ ᠬᠠᠮᠲᠣᠷᠠᠨ ᠰᠢᠢᠣᠠᠪᠤᠷᠢᠯᠠᠭᠦ ᠰᠢᠰᠲ᠋ᠧᠮ ᠢᠶᠠᠷ ︽ᠨᠢᠭᠡ ᠤᠳᠠᠭ᠎ᠠ ᠳᠤ ᠮᠡᠳᠡᠭᠦᠯᠬᠦ︾ ︽ᠨᠢᠭᠡ ᠰᠦᠯᠵᠢᠶ᠎ᠡ ᠪᠠᠷ ᠭᠦᠢᠴᠡᠳᠬᠡᠬᠦ︾᠂ ︽ᠨᠢᠭᠡ ᠯᠡ ᠤᠳᠠᠭ᠎ᠠ ᠭᠦᠶᠦᠵᠦ ᠳᠠᠭᠤᠰᠬᠠᠬᠤ︾ ᠶᠢ ᠪᠡᠶᠡᠯᠡᠭᠦᠯᠵᠦ᠂ ᠬᠡᠦᠬᠡᠳ ᠲᠤ ᠡᠮᠴᠢᠯᠡᠭᠡᠨ ᠤ ᠳᠠᠭᠠᠳᠬᠠᠯ ᠭᠦᠢᠴᠡᠳᠬᠡᠬᠦ ᠳᠤ ᠮᠠᠰᠢ ᠳᠥᠭᠦᠮ ᠪᠣᠯᠣᠭᠰᠠᠨ ᠪᠠᠶᠢᠨ᠎ᠠ᠃ ᠡᠭᠦᠨ ᠤ ᠬᠠᠮᠲᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠠᠰᠠ ᠲᠥᠷᠥᠭᠰᠡᠨ ᠠᠨᠠᠭᠠᠬᠤ ᠤᠬᠠᠭᠠᠨ ᠤ ᠭᠡᠷᠡᠴᠢ ᠪᠠᠷ ᠳᠠᠭᠠᠳᠬᠠᠯ ᠳᠤ ᠣᠷᠣᠯᠴᠠᠬᠤ ᠶᠢ ᠰᠦᠪᠡᠭᠴᠢᠯᠡᠬᠦ ᠶᠢ ᠵᠣᠷᠢᠭᠵᠢᠭᠤᠯᠵᠤ᠂ ︽ᠲᠥᠷᠥᠮᠡᠭᠴᠡ ᠳᠠᠷᠤᠢ ᠳᠠᠭᠠᠳᠬᠠᠯ ᠳᠤ ᠣᠷᠣᠯᠴᠠᠬᠤ︾ ︽ᠲᠥᠷᠥᠮᠡᠭᠴᠡ ᠳᠠᠷᠤᠶ ᠭᠥᠷᠳᠡᠬᠦ︾ ᠶᠢ ᠪᠡᠶᠡᠯᠡᠭᠦᠯᠵᠦ᠂ ᠡᠨᠡ ᠬᠦ ᠰᠢᠨ᠎ᠡ ᠶᠢ ᠡᠭᠦᠳᠬᠦ ᠦᠢᠯᠡᠴᠢᠯᠡᠭᠡ ᠨᠢ ᠨᠢᠭᠡᠨᠲᠡ 140 ᠭᠠᠷᠤᠶ ᠲᠤᠰᠬᠠᠶ ᠣᠷᠣᠨ ᠬᠤᠲᠠ ᠶᠢᠨ ᠠᠪᠤ ᠡᠵᠢ ᠪᠣᠯᠣᠭᠰᠠᠳ ᠲᠤ ᠠᠰᠢᠭ ᠬᠦᠷᠲᠡᠭᠡᠭᠰᠡᠨ ᠪᠠᠶᠢᠨ᠎ᠠ︕  ᠲᠦᠮᠡᠨ ᠶᠠᠪᠤᠳᠠᠯ ᠤᠨ ᠳᠤᠮᠳᠠ ᠠᠷᠠᠳ ᠤᠨ ᠶᠠᠪᠤᠳᠠᠯ ᠬᠠᠮᠤᠭ ᠠᠴᠠ ᠴᠢᠬᠤᠯᠠ᠃ ᠪᠠᠭ᠎ᠠ ᠰᠠᠭ᠎ᠠ ᠰᠠᠨᠠᠭᠠᠴᠢᠯᠠᠭ᠎ᠠ ᠳᠤ ᠴᠢᠩ ᠦᠨᠡᠨᠴᠢ ᠰᠡᠳᠬᠢᠯᠭᠡ ᠪᠢᠯᠬᠠᠵᠤ ᠪᠠᠶᠢᠳᠠᠭ᠃ ︽ᠰᠠᠨᠠᠭᠠᠴᠢᠯᠠᠭ᠎ᠠ ᠶᠢᠨ ᠪᠢᠴᠢᠭ︾ ᠤᠨ ᠲᠤᠬᠠᠢ ᠨᠡᠩ ᠣᠯᠠᠨ ᠨᠠᠷᠢᠨ ᠪᠠᠶᠢᠳᠠᠯ ᠢ ᠳᠤᠮᠳᠠ᠂ ᠳᠣᠣᠷᠠᠳᠤ ᠬᠡᠰᠡᠭ ᠤᠨ ᠠᠭᠤᠯᠭ᠎ᠠ ᠳᠤ ᠦᠷᠭᠦᠯᠵᠢᠯᠡᠨ ᠲᠠᠶᠢᠯᠪᠤᠷᠢᠯᠠᠨ᠎ᠠ᠂ ᠲᠠ ᠪᠦᠬᠦᠨ ᠬᠦᠯᠢᠶᠡᠨ ᠦᠵᠡᠬᠦ ᠶᠢ ᠬᠢᠴᠢᠶᠡᠩᠭᠦᠶᠢᠯᠡᠨ ᠬᠦᠰᠡᠵᠦ ᠪᠠᠶᠢᠨ᠎ᠠ᠃ 
 
ᠢᠷᠡᠯᠲᠡ᠄ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号