5 ᠳ᠋ᠤᠭᠠᠷ ᠰᠠᠷ᠎ᠠ ᠶᠢᠨ 17 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ | ᠭᠡᠷ ᠤᠨ ᠡᠷᠬᠢᠯᠡᠭᠰᠡᠨ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠵᠤᠷᠰᠢᠯᠳᠤ ᠲᠣᠪᠴᠢ | ᠮᠡᠳᠡᠭᠡᠯᠡᠯ ᠤᠨ ᠬᠤᠷᠠᠯ ᠳᠡᠭᠡᠷ᠎ᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠲᠤᠯᠠᠨ | ᠲᠤᠰᠢᠶᠠᠬᠤ ᠠᠰᠠᠷ ᠤᠨ ᠠᠵᠢᠯ ᠢ ᠦᠨᠡᠨ ᠬᠦ ᠰᠠᠶᠢᠲᠤᠷ ᠬᠢᠬᠦ ᠢᠵᠢ ᠲᠦᠬᠦᠷ ᠲᠥᠷᠥ ᠶᠢᠨ ᠪᠣᠳᠣᠯᠭ᠎ᠠ ᠶᠢᠨ ᠬᠤᠯᠪᠣᠭᠳᠠᠯ | ᠪᠦᠬᠦᠢ ᠪᠠᠶᠢᠳᠠᠯ ᠢ ᠲᠠᠨᠢᠯᠴᠠᠭᠤᠯᠪᠠ᠃ | ᠣᠲᠣᠬᠠᠨ ᠳᠤ᠂ᠣᠷᠣᠠ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠣᠠ ᠶᠠᠭ | ᠬᠤᠯᠪᠤᠬᠲᠠᠯ ᠪᠦᠬᠦᠢ ᠰᠠᠯᠠᠭ᠎ᠠ ᠮᠦᠴᠢᠷ ᠤᠳ ᠲᠠᠢ ᠬᠠᠮᠲᠣᠷᠠᠨ ᠬᠤᠲᠠ ᠶᠢᠨ ᠲᠠᠸᠠᠷ ᠤᠨ ᠣᠷᠣᠠ ᠰᠠᠭᠤᠴᠠ ᠶᠢᠨ | ᠲᠦᠰᠦᠯ ᠤᠳ ᠤᠨ ᠪᠠᠲᠤᠯᠠᠨ ᠲᠤᠰᠢᠶᠠᠬᠤ ᠠᠰᠠᠷ ᠤᠨ ᠰᠢᠪᠲᠤᠯᠤᠯᠲᠠ ᠶᠢᠨ ᠠᠵᠢᠯ ᠤᠨ ᠲᠦᠰᠦᠯ ᠢ ᠨᠡᠶᠢᠲᠡᠯᠡᠨ᠂ | ᠲᠦᠰᠦᠯ ᠤᠳ ᠤᠨ ᠲᠣᠭᠲᠠᠭᠰᠠᠨ ᠴᠠᠭ ᠲᠤ ᠪᠠᠨ ᠳᠤᠭ᠎ᠠ ᠶᠣᠰᠣᠭᠠᠷ ᠴᠢᠨᠠᠷ ᠢ ᠪᠠᠲᠣᠯᠠᠨ ᠲᠤᠰᠢᠶᠠᠬᠤ ᠶᠢ ᠨᠢ ᠠᠬᠢᠭᠤᠯᠵᠤ᠂ | ᠰᠢᠯᠭᠠᠭᠠᠳ ᠬᠢᠷᠢ ᠲᠡᠩᠴᠡᠭᠰᠡᠨ ᠠᠰᠠᠷ ᠢ ᠭᠡᠷ᠎ᠡ ᠳᠤ ᠳᠣᠬᠲᠠᠬᠰᠠᠨ ᠬᠤᠭᠤᠴᠠᠭᠠᠨ ᠳᠤ ᠨᠢ ᠠᠷᠠᠣᠠ ᠣᠯᠠᠨ ᠳᠤ ᠣᠯᠭᠤᠨ᠎ᠠ᠃ | ᠳᠤᠮᠳᠠᠳᠤ ᠤᠯᠤᠰ ᠤᠨ ᠠᠷᠠᠳ ᠤᠨ ᠪᠠᠩᠬᠢ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠳᠠᠬᠢᠯᠲᠠ ᠵᠢᠭᠡᠯᠡᠯᠭᠡ | 3000 ᠳ᠋ᠦᠩᠰᠢᠭᠤᠷ ᠲᠥᠭᠦᠷᠢᠭ ᠳᠣᠬᠢᠷᠠᠭᠤᠯᠵᠤ᠂ ᠣᠷᠣᠨ ᠨᠤᠲᠤᠭ ᠤᠨ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠳ ᠢ ᠳᠡᠮᠵᠢᠨ ᠵᠣᠬᠢᠰᠲᠠᠶ ᠦᠨ᠎ᠡ ᠪᠠᠷ ᠪᠠᠷᠢᠵᠤ ᠳᠠᠭᠤᠰᠤᠭᠰᠠᠨ ᠴᠤ ᠬᠤᠳᠠᠯᠳᠤᠵᠤ ᠭᠠᠷᠤᠭ᠎ᠠ ᠦᠭᠡᠢ | ᠲᠠᠸᠠᠷ ᠤᠨ ᠣᠷᠣᠨ ᠰᠠᠭᠤᠴᠠ ᠨᠤᠭᠤᠳ ᠢ ᠬᠤᠳᠠᠯᠳᠤᠨ ᠠᠪᠤᠭᠤᠯᠵᠤ᠂ ᠲᠦᠭᠡᠭᠡᠨ ᠬᠤᠳᠠᠯᠳᠤᠬᠤ ᠪᠤᠶᠤ ᠲᠥᠭᠡᠭᠡᠨ | ᠲᠦᠷᠢᠶᠡᠰᠦᠯᠡᠭᠦᠯᠬᠦ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠪᠣᠯᠭᠠᠨ᠎ᠠ᠃ ᠣᠳᠣᠬᠠᠨ ᠳᠤ᠂ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠴᠤ ᠰᠤᠯᠠ ᠪᠠᠶᠢᠭ᠎ᠠ ᠭᠠᠵᠠᠷ ᠰᠢᠷᠣᠶ ᠶᠢ ᠵᠣᠬᠢᠰᠲᠠᠢ ᠰᠢᠢᠳᠪᠦᠷᠢᠯᠡᠬᠦ᠂ ᠦᠯᠡᠳᠡᠭᠡᠯ | ᠭᠠᠵᠠᠷ ᠰᠢᠷᠣᠶ ᠶᠢ ᠭᠦᠢᠯᠭᠡᠭᠡᠨ ᠲᠠᠢ ᠪᠣᠯᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠡᠶᠢᠲᠡᠯᠡᠬᠦ ᠪᠠᠷ ᠪᠡᠯᠡᠳᠬᠡᠵᠦ | ᠪᠠᠶᠢᠨ᠎ᠠ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠢᠯᠡᠷᠬᠡᠶᠢᠯᠡᠬᠦ ᠳᠤ ᠪᠠᠨ᠂ | ᠬᠤᠳᠠᠯᠳᠤᠭᠠᠨ ᠤ ᠪᠠᠩᠬᠢ ᠶᠢ ᠵᠢᠯᠤᠭᠤᠳᠬᠤ ᠪᠠᠷ ᠳᠠᠮᠵᠢᠭᠤᠯᠤᠨ ᠬᠤᠲᠠ ᠶᠢᠨ ᠵᠣᠬᠢᠴᠠᠭᠤᠯᠬᠤ ᠲᠣᠭᠲᠠᠴᠠ ᠲᠠᠢ ᠢᠳᠡᠪᠬᠢᠲᠡᠶ | ᠵᠣᠯᠭᠠᠭᠤᠯᠵᠤ᠂ ᠣᠳᠣᠬᠠᠨ ᠳᠤ ᠬᠤᠳᠠᠯᠳᠤᠭᠠᠨ ᠤ ᠪᠠᠩᠬᠢ ᠨᠢᠭᠡᠨᠲᠡ ᠳᠣᠲᠣᠭᠠᠳᠤ ᠶᠢᠨ ᠬᠢᠨᠠᠨ ᠵᠥᠪᠰᠢᠶᠡᠷᠡᠬᠦ ᠶᠠᠪᠤᠴᠠ ᠪᠠᠷ | ︽ᠴᠠᠭᠠᠨ ᠳᠠᠩᠰᠠ︾ ᠳᠠᠬᠢ ᠲᠦᠰᠦᠯ ᠤᠳ ᠤᠨ 9350 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢ ᠨᠢᠭᠡᠨᠲᠡ ᠬᠢᠨᠠᠨ | ᠵᠥᠪᠰᠢᠶᠡᠷᠡᠪᠡ ᠭᠡᠵᠡᠢ᠃ | |