ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ︽ᠬᠤᠶᠠᠷ ᠢ ᠰᠢᠯᠢᠳᠡᠭᠵᠢᠭᠦᠯᠬᠦ︾ ᠠᠵᠢᠯ ᠤᠨ ᠸᠢᠳᠢᠣ᠋ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/5/23
  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠵᠦ ᠠᠵᠢᠯ ᠤᠨ ᠴᠤᠪᠤᠷᠠᠯ ᠢ ᠰᠢᠯᠢᠳᠡᠭᠵᠢᠭᠦᠯᠬᠦ︾ ︵ᠳᠣᠷᠣᠭᠰᠢ ︽ᠬᠤᠶᠠᠷ ᠢ ᠰᠢᠯᠢᠳᠡᠭᠵᠢᠭᠦᠯᠬᠦ︾ ᠭᠡᠵᠦ ᠲᠣᠪᠴᠢᠯᠠᠨ᠎ᠠ︶ ᠲᠤᠰᠬᠠᠶ ᠠᠵᠢᠯᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ 5 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠸᠢᠳᠢᠣ᠋ ᠪᠠᠷ ᠳᠠᠮᠵᠢᠭᠤᠯᠤᠨ ︽ᠬᠤᠶᠠᠷ ᠢ ᠰᠢᠯᠢᠳᠡᠭᠵᠢᠭᠦᠯᠬᠦ︾ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠵᠦ᠂ ᠪᠥᠬᠦ ᠣᠷᠣᠨ ᠤ 900 ᠰᠢᠬᠠᠮ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠠᠵᠢᠯᠲᠠᠨ ᠪᠣᠯᠪᠠᠰᠤᠷᠠᠯ ᠳᠤ ᠣᠷᠣᠯᠴᠠᠪᠠ᠃  ᠲᠣᠰ ᠤᠳᠠᠭᠠᠨ ᠤ ᠪᠣᠯᠪᠠᠰᠤᠷᠠᠯ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ 19 ᠵᠦᠢᠯ ᠤᠨ ᠠᠶᠢᠮᠠᠭ ᠬᠤᠲᠠ ᠳᠤ ᠡᠷᠬᠡ ᠣᠯᠭᠤᠨ ᠨᠠᠶᠢᠳᠠᠵᠤ ᠭᠦᠢᠴᠡᠳᠬᠡᠬᠦ ᠡᠮᠴᠢᠯᠡᠭᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠴᠤᠪᠤᠷᠠᠯ ᠶᠢᠨ ᠲᠤᠬᠠᠢ ᠪᠣᠯᠪᠠᠰᠤᠷᠠᠯ ᠬᠢᠭᠰᠡᠨ ᠪᠥᠭᠡᠳ ᠠᠵᠢᠯ ᠤᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ ᠭᠤᠭᠴᠤᠭ᠎ᠠ ᠳᠣᠭᠢᠷᠠᠭᠤᠯᠪᠠ᠃ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠰᠢᠯᠢᠳᠡᠭᠵᠢᠭᠦᠯᠬᠦ︾ ᠠᠵᠢᠯ ᠢ ᠥᠷᠨᠢᠭᠦᠯᠦᠭᠰᠡᠨ ᠠᠴᠠ ᠨᠠᠰᠢᠬᠢ ᠦᠷ᠎ᠡ ᠪᠦᠲᠦᠮᠵᠢ ᠶᠢ ᠳ᠋ᠦᠩᠨᠡᠵᠦ᠂ ᠠᠵᠢᠯ ᠤᠨ ᠳᠤᠮᠳᠠ ᠣᠯᠵᠤ ᠮᠡᠳᠡᠭᠰᠡᠨ ᠠᠰᠠᠭᠤᠳᠠᠯ ᠢ ᠵᠠᠷᠯᠠᠨ ᠮᠡᠳᠡᠭᠳᠡᠪᠡ᠃  ᠪᠣᠯᠪᠠᠰᠤᠷᠠᠯ ᠤᠨ ᠠᠩᠭᠢ ᠶᠢ ᠤᠷᠤᠭᠰᠢᠲᠠᠶ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠪᠠᠭᠤᠯᠭᠠᠭᠰᠠᠨ 19 ᠵᠦᠢᠯ ᠤᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠲᠤᠬᠠᠶᠢᠯᠠᠭᠰᠠᠨ ᠠᠵᠢᠯ ᠤᠨ ︽ᠲᠦᠷᠭᠡᠨ ᠭᠦᠢᠴᠡᠳᠬᠡᠵᠦ᠂ ᠰᠠᠶᠢᠲᠤᠷ ᠭᠦᠢᠴᠡᠳᠬᠡᠬᠦ︾ ᠶᠢ ᠬᠦᠴᠦᠲᠡᠶ ᠳᠥᠯᠭᠢᠨ ᠠᠬᠢᠭᠤᠯᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠣᠷᠣᠰᠢᠨ ᠰᠠᠭᠤᠬᠤ ᠭᠠᠵᠠᠷ ᠲᠤ ᠪᠠᠨ ︽ᠣᠶᠢᠷ᠎ᠠ ᠬᠠᠪᠢ ᠳᠤᠨᠢ᠂ ᠲᠥᠬᠦᠮ ᠳᠥᠲᠡ᠂ ᠥᠨᠳᠥᠷ ᠪᠦᠲᠦᠮᠵᠢᠲᠡᠶ︾ ᠠᠵᠢᠯ ᠶᠠᠪᠤᠳᠠᠯ ᠭᠦᠢᠴᠡᠳᠭᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠪᠡ᠃     
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号