ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ ᠪᠥᠬᠦ ᠣᠷᠣᠨ ᠤ ᠡᠮ ᠤᠨ ᠵᠦᠢᠯᠡᠰ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2024/5/24
  2024 ᠣᠨ ᠤ 5 ᠳ᠋ᠤᠭᠠᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ ᠬᠥᠬᠡᠬᠤᠲᠠ ᠳᠤ ᠪᠥᠬᠦ ᠣᠷᠣᠨ ᠤ ᠡᠮ ᠤᠨ ᠵᠦᠢᠯᠡᠰ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠠᠶᠢᠮᠠᠭ ᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠶᠢ ᠭᠠᠷᠲᠠᠨ ᠭᠦᠢᠴᠡᠳᠭᠡᠬᠦ ᠪᠠᠶᠢᠭᠤᠯᠤᠮᠵᠢ ᠪᠠ ᠡᠮᠴᠢᠯᠡᠭᠡᠨ ᠤ ᠪᠠᠶᠢᠭᠤᠯᠤᠮᠵᠢ ᠶᠢᠨ 168 ᠬᠥᠮᠦᠨ ᠪᠣᠯᠪᠠᠰᠤᠷᠠᠯ ᠳᠤ ᠣᠷᠣᠯᠴᠠᠪᠠ᠃
W020240524406694341366.jpg
  ᠲᠣᠰ ᠤᠳᠠᠭᠠᠨ ᠤ ᠪᠣᠯᠪᠠᠰᠤᠷᠠᠯ ᠤᠨ ᠠᠭᠤᠯᠭ᠎ᠠ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯᠡᠰ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠨᠢᠭᠡ ᠳᠤ ᠦᠨ᠎ᠡ ᠶᠢ ᠵᠥᠪᠯᠡᠬᠦ᠂ ᠬᠤᠳᠠᠯᠳᠤᠨ ᠠᠪᠬᠤ᠂ ᠳ᠋ᠦᠩᠨᠡᠨ ᠪᠤᠳᠤᠬᠤ ᠵᠡᠷᠭᠡ ᠬᠤᠳᠠᠯᠳᠤᠨ ᠠᠪᠬᠤ ᠪᠥᠬᠦ ᠶᠠᠪᠤᠴᠠ ᠶᠢᠨ ᠲᠤᠬᠠᠶᠢᠯᠠᠭᠰᠠᠨ ᠠᠵᠢᠯ ᠤᠨ ᠲᠤᠬᠠᠶ ᠲᠠᠶᠢᠯᠤᠮᠵᠢ ᠬᠢᠪᠡ︔ ᠬᠤᠶᠠᠷ ᠲᠤ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠦᠨ᠎ᠡ ᠬᠠᠩᠰᠢ ᠶᠢ ᠬᠢᠨᠠᠨ ᠬᠡᠮᠵᠢᠬᠦ ᠬᠠᠷᠠᠭᠤᠯ ᠤᠨ ᠴᠡᠭ ᠢ ᠪᠠᠶᠢᠭᠤᠯᠬᠤ ᠬᠤᠯᠪᠣᠭᠳᠠᠯ ᠪᠥᠬᠦᠶ ᠵᠦᠢᠯᠡᠰ ᠤᠨ ᠲᠤᠬᠠᠶ ᠪᠣᠯᠪᠠᠰᠤᠷᠠᠯ ᠬᠢᠪᠡ︔ ᠭᠤᠷᠪᠠ ᠳᠤ ᠠᠵᠢᠯ ᠤᠨ ᠳᠤᠮᠳᠠᠬᠢ ᠬᠦᠴᠢᠷᠳᠡᠯ ᠪᠠ ᠠᠰᠠᠭᠤᠳᠠᠯ ᠢ ᠪᠥᠬᠦ ᠲᠠᠯ᠎ᠠ ᠪᠠᠷ ᠡᠮᠬᠢᠯᠡᠵᠦ᠂ ᠨᠢᠭᠤᠷᠳᠠᠨ ᠶᠠᠷᠢᠯᠴᠠᠬᠤ ᠪᠠᠷ ᠳᠠᠮᠵᠢᠭᠤᠯᠤᠨ ᠠᠶᠢᠮᠠᠭ ᠬᠤᠲᠠ ᠪᠠ ᠡᠮᠴᠢᠯᠡᠭᠡᠨ ᠤ ᠪᠠᠶᠢᠭᠤᠯᠤᠮᠵᠢ ᠶᠢᠨ ᠲᠤᠰᠬᠠᠭᠰᠠᠨ ᠠᠰᠠᠭᠤᠳᠠᠯ ᠢ ᠵᠢᠯᠣᠭᠤᠳᠬᠤ ᠶᠢᠨ ᠬᠠᠮᠲᠤ ᠰᠢᠢᠳᠪᠦᠷᠢᠯᠡᠬᠦ ᠠᠷᠭ᠎ᠠ ᠬᠡᠮᠵᠢᠶ᠎ᠡ ᠳᠤᠷᠠᠳᠪᠠ᠃  ᠲᠣᠰ ᠤᠳᠠᠭᠠᠨ ᠤ ᠪᠣᠯᠪᠠᠰᠤᠷᠠᠯ ᠢᠶᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯᠡᠰ ᠪᠠ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠪᠥᠬᠦ ᠣᠷᠣᠨ ᠤ ᠡᠮ ᠡᠮᠨᠡᠯᠭᠡ ᠬᠤᠳᠠᠯᠳᠤᠨ ᠠᠪᠬᠤ ᠶᠢ ᠭᠠᠷᠲᠠᠨ ᠭᠦᠢᠴᠡᠳᠬᠡᠬᠦ ᠡᠩᠨᠡᠭᠡ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠡᠮ ᠤᠨ ᠵᠦᠢᠯᠡᠰ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠰᠠᠶᠢᠲᠤᠷ ᠬᠢᠬᠦ ᠳᠤ ᠬᠦᠴᠦᠲᠡᠶ ᠵᠢᠯᠣᠭᠤᠳᠣᠯᠭ᠎ᠠ ᠬᠠᠩᠭᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号