ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠬᠦᠷᠲᠡᠭᠴᠢ ᠡᠷᠢᠬᠦ ᠨᠢ ᠠᠷᠠᠳ ᠲᠤ ᠠᠰᠢᠭ ᠬᠦᠷᠲᠡᠭᠡᠬᠦ ᠳᠤᠯᠠᠭᠠᠴᠠ ᠶᠢ ᠢᠯᠡᠷᠡᠭᠦᠯᠪᠡ
ᠨᠡᠶᠢᠲᠡᠯᠡᠭᠰᠡᠨ ᠴᠠᠭ᠄
2024/5/28
  ︽ᠨᠢᠳᠤᠨᠤᠨ ᠠᠪᠤ ᠮᠢᠨᠢ ᠡᠭᠦᠳᠡᠨ ᠡᠮᠨᠡᠯᠭᠡ ᠪᠠ ᠡᠮᠨᠡᠯᠭᠡ ᠳᠤ ᠰᠠᠭᠤᠭᠠᠳ 41 ᠲᠦᠮᠡ ᠭᠠᠷᠤᠶ ᠲᠥᠭᠦᠷᠢᠭ ᠵᠠᠷᠤᠴᠠᠭᠤᠯᠵᠤ᠂ ᠣᠨᠳᠣᠤ ᠭᠠᠵᠠᠷ ᠲᠤ 29 ᠲᠦᠮᠡ ᠭᠠᠷᠤᠶ ᠲᠥᠭᠦᠷᠢᠭ ᠤᠨ ᠲᠠᠩᠰᠠ ᠴᠠᠶᠢᠷᠠᠭᠤᠯᠵᠤ ᠲᠠᠶᠢᠯᠤᠨ᠎ᠠ ᠭᠡᠵᠦ ᠪᠣᠳᠣᠵᠤ ᠣᠯᠤᠭᠰᠠᠨ ᠥᠬᠡᠶ᠂ ᠪᠠᠰᠠ ᠮᠥᠷᠳᠡᠨ ᠳᠠᠭᠠᠵᠤ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠡᠳ᠋ᠯᠡᠵᠦ ᠴᠢᠳᠠᠨ᠎ᠠ᠂ ᠣᠶᠢᠷ᠎ᠠ ᠳᠤ ᠪᠠᠰᠠ 4.9 ᠲᠦᠮᠡᠨ ᠲᠥᠭᠦᠷᠢᠭ ᠤᠨ ᠡᠮᠴᠢᠯᠡᠭᠡᠨ ᠤ ᠠᠪᠤᠷᠠᠨ ᠲᠤᠰᠠᠯᠠᠬᠤ ᠮᠥᠩᠭᠦ ᠣᠯᠪᠠ᠃︾ ᠡᠨᠡ ᠬᠦ ᠠᠪᠤᠷᠠᠨ ᠲᠤᠰᠠᠯᠠᠬᠤ ᠮᠥᠩᠭᠦ ᠶᠢ ᠣᠯᠣᠭᠰᠠᠨ ᠨᠢ ᠠᠨᠾᠦ᠋ᠢ ᠮᠣᠵᠢ ᠶᠢᠨ ᠠᠨ ᠴᠢᠩ ᠬᠤᠲᠠ ᠶᠢᠨ ᠸᠠᠩ ᠵᠢᠶᠠᠩ ᠰᠢᠶᠠᠨ ᠤ ᠵᠢᠢ ᠱᠦᠢ ᠵᠡᠭᠡᠯᠢ ᠭᠤᠳᠤᠮᠵᠢ ᠶᠢᠨ ᠵᠢᠢ ᠱᠦᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠶᠣᠣ ᠠᠪᠤᠭᠠᠢ ᠶᠢᠨ ᠪᠣᠳᠣᠯᠭᠠᠨ ᠳᠤ ᠦᠭᠡᠢ ᠪᠠᠶᠠᠷ ᠪᠣᠯᠣᠭᠰᠠᠨ ᠪᠠᠶᠢᠨ᠎ᠠ᠃ ᠵᠥᠪᠬᠡᠨ ᠶᠣᠣ ᠠᠪᠤᠭᠠᠶ ᠪᠢᠰᠢ᠂ ᠪᠦᠬᠦ ᠤᠯᠤᠰ ᠤᠨ ᠡᠯ᠎ᠡ ᠭᠠᠵᠠᠷ ᠲᠤ᠂ ᠥᠪᠡᠷ ᠢᠶᠠᠨ ᠭᠤᠶᠤᠴᠢᠯᠠᠭᠰᠠᠨ ᠦᠭᠡᠢ ᠪᠠᠷ ᠨᠥᠬᠦᠪᠦᠷᠢ᠂ ᠲᠤᠰᠠᠯᠠᠮᠵᠢ ᠬᠦᠷᠲᠡᠭᠰᠡᠳ ᠤᠯᠠᠮ ᠠᠴᠠ ᠤᠯᠠᠮ ᠣᠯᠠᠰᠢᠷᠠᠵᠤ ᠪᠠᠶᠢᠨ᠎ᠠ᠃  ᠦᠨᠡᠨ ᠳᠤ ᠪᠠᠨ᠂ ᠡᠨᠡ ᠪᠣᠯ ᠡᠮᠴᠢᠯᠡᠭᠡᠨ ᠤ ᠳᠠᠭᠠᠳᠬᠠᠯ ᠤᠨ ︽ᠬᠠᠷᠠᠭᠠᠯᠵᠠᠯ ᠬᠦᠷᠲᠡᠭᠴᠢ ᠡᠷᠢᠬᠦ︾ ᠠᠷᠭ᠎ᠠ ᠬᠡᠮᠵᠢᠶ᠎ᠡ ᠶᠢ ᠨᠠᠢᠳᠠᠪᠤᠷᠢᠵᠢᠭᠤᠯᠵᠤ ᠪᠠᠶᠢᠭ᠎ᠠ ᠪᠣᠳᠠᠲᠠᠢ ᠢᠯᠡᠷᠡᠯ ᠥᠨ᠃ ᠣᠯᠠᠨ ᠲᠦᠮᠡᠨ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠢ ᠠᠶᠠᠨᠳᠠᠭᠠᠨ ᠬᠦᠷᠲᠡᠬᠦ ᠨᠢ ᠨᠠᠮ ᠪᠠ ᠵᠠᠰᠠᠭ ᠤᠨ ᠣᠷᠳᠣᠨ ᠤ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭᠠᠨ ᠤ ᠠᠮᠢᠳᠤᠯᠢᠭ ᠦᠢᠯᠡᠳᠦᠯᠭᠡ ᠮᠥᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠶᠢᠨ ᠴᠢᠬᠤᠯᠠ ᠦᠷ᠎ᠡ ᠪᠦᠲᠦᠭᠡᠯ ᠮᠥᠨ᠂ ᠲᠦᠷᠦ ᠶᠢᠨ ᠪᠤᠳᠤᠯᠭ᠎ᠠ ᠶᠢᠨ ᠠᠷᠠᠳ ᠲᠤ ᠠᠰᠢᠭ ᠬᠦᠷᠲᠡᠭᠡᠬᠦ ᠬᠠᠯᠠᠭᠤᠨ ᠳᠤᠯᠠᠭᠠᠨ ᠢ ᠢᠯᠡᠷᠡᠭᠦᠯᠪᠡ᠃  ᠪᠦᠬᠦ ᠠᠷᠠᠳ ᠤᠨ ᠡᠮᠴᠢᠯᠡᠭᠡᠨ ᠤ ᠳᠠᠭᠠᠳᠬᠠᠯ ᠤᠨ ᠳᠦᠷᠢᠮ ᠤᠨ ᠦᠨᠳᠦᠰᠦᠨ ᠵᠣᠷᠢᠯᠭ᠎ᠠ ᠪᠣᠯ ᠳᠠᠷᠤᠶ ᠪᠦᠬᠦ ᠠᠷᠠᠳ ᠲᠦᠮᠡᠨ ᠤ ᠡᠪᠡᠳᠴᠢᠨ ᠡᠮᠭᠡᠭ ᠤᠨ ᠡᠮᠴᠢᠯᠡᠭᠡᠨ ᠤ ᠬᠤᠶᠢᠰᠢᠳᠠ ᠶᠢᠨ ᠵᠣᠪᠠᠨᠢᠯ ᠢ ᠠᠷᠢᠯᠭᠠᠬᠤ ᠶᠠᠪᠤᠳᠠᠯ ᠪᠣᠯᠤᠨ᠎ᠠ᠃ ᠡᠮᠴᠢᠯᠡᠭᠡᠨ ᠤ ᠪᠠᠲᠤᠯᠠᠭ᠎ᠠ ᠨᠢ ᠨᠡᠶᠢᠭᠡᠮ ᠤᠨ ᠪᠠᠲᠤᠯᠠᠭ᠎ᠠ ᠶᠢᠨ ᠴᠢᠬᠤᠯᠠ ᠠᠭᠤᠯᠭ᠎ᠠ ᠪᠣᠯᠤᠭᠰᠠᠨ ᠤ ᠬᠤᠪᠢ ᠳᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ᠂ ᠨᠡᠶᠢᠭᠡᠮ ᠤᠨ ᠡᠶ᠎ᠡ ᠵᠣᠬᠢᠴᠠᠩᠭᠤᠢ ᠶᠢ ᠬᠠᠮᠠᠭᠠᠯᠠᠬᠤ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ ᠠᠵᠤ ᠠᠬᠤᠢ ᠨᠡᠶᠢᠭᠡᠮ ᠤᠨ ᠬᠦᠭᠵᠢᠯᠲᠡ ᠶᠢ ᠳᠠᠭᠠᠯᠳᠤᠨ᠂ ᠠᠷᠠᠳ ᠣᠯᠠᠨ ᠤ ᠡᠮᠴᠢᠯᠡᠭᠡᠨ ᠤ ᠳᠠᠭᠠᠳᠬᠠᠯ ᠤᠨ ᠣᠯᠭᠤᠮᠵᠢ ᠨᠡᠯᠢᠶᠡᠳ ᠶᠡᠬᠡᠪᠡᠷ ᠳᠡᠭᠡᠭᠰᠢᠯᠡᠵᠦ᠂ ᠡᠪᠡᠳᠴᠢᠨ ᠦᠵᠡᠭᠦᠯᠬᠦ ᠳᠤ ᠦᠨᠳᠦᠰᠦᠨ ᠡᠮᠴᠢᠯᠡᠭᠡᠨ ᠤ ᠳᠠᠭᠠᠳᠬᠠᠯ ᠲᠠᠢ᠂ ᠬᠥᠩᠭᠡᠵᠢᠬᠦ ᠨᠠᠰᠤᠨ ᠤ ᠡᠮᠡᠭᠲᠡᠶᠢᠴᠦᠳ ᠦᠷᠡᠵᠢᠯ ᠤᠨ ᠳᠠᠭᠠᠳᠬᠠᠯ ᠲᠠᠢ᠂ ᠠᠵᠢᠯᠲᠠᠨ ᠠᠵᠢᠯᠴᠢᠨ ᠳᠤ ᠪᠠᠰᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠲᠠᠢ︔  ᠡᠭᠦᠨ ᠤ ᠬᠠᠮᠲᠤ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠡᠮᠴᠢᠯᠡᠭᠡᠨ ᠤ ᠳᠠᠭᠠᠳᠬᠠᠯ ᠤᠨ ᠰᠠᠶᠢᠨ ᠲᠦᠷᠦ ᠶᠢᠨ ᠪᠤᠳᠤᠯᠭ᠎ᠠ ᠨᠢ ᠴᠦ ᠠᠷᠠᠳ ᠤᠯᠠᠨ ᠤ ᠡᠪᠡᠳᠴᠢᠨ ᠦᠵᠡᠭᠦᠯᠵᠦ ᠡᠮᠨᠡᠭᠦᠯᠬᠦ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠪᠡ᠃  ᠥᠪᠡᠷ ᠤᠨ ᠬᠠᠷᠠᠭᠠᠯᠵᠠᠯ ᠳᠤ ᠶᠠᠭᠤ ᠶᠠᠭᠤ ᠪᠠᠶᠢᠬᠤ ᠪᠣᠶ᠂ ᠮᠤᠵᠢ ᠠᠯᠤᠰᠯᠠᠨ ᠡᠮᠨᠡᠭᠦᠯᠬᠦ ᠳᠤ ᠬᠡᠳᠦᠶ ᠬᠠᠷᠢᠴᠠᠯ ᠤᠨ ᠲᠠᠩᠰᠠ ᠴᠠᠶᠢᠷᠠᠭᠤᠯᠵᠤ ᠳᠡᠶᠢᠯᠬᠦ ᠪᠤᠢ᠂ ᠡᠭᠦᠳᠡᠨ ᠡᠮᠨᠡᠯᠭᠡ ᠶᠢᠨ ᠤᠵᠢᠭ ᠣᠨᠴᠠᠭᠠᠢ ᠡᠪᠡᠳᠴᠢᠨ ᠳᠤ ᠶᠠᠮᠠᠷ ᠶᠠᠮᠠᠷ ᠣᠨᠴᠠᠭᠠᠶ ᠲᠥᠷᠥ ᠶᠢᠨ ᠪᠣᠳᠣᠯᠭ᠎ᠠ ᠪᠠᠶᠢᠳᠠᠭ ᠪᠣᠶ᠂ ᠬᠥᠩᠭᠡᠵᠢᠭᠰᠡᠨ ᠤ ᠳᠠᠷᠠᠭ᠎ᠠ ᠬᠠᠮᠢᠭ᠎ᠠ ᠠᠴᠠ ᠡᠮᠴᠢᠯᠡᠭᠡᠨ ᠤ ᠵᠠᠷᠤᠳᠠᠯ ᠢ ᠳᠠᠩᠰᠠᠨ ᠴᠠᠶᠢᠷᠠᠭᠤᠯᠬᠤ᠂ ᠦᠷᠡᠵᠢᠯ ᠤᠨ ᠨᠡᠮᠡᠭᠦᠷᠢ ᠠᠪᠬᠤ ᠲᠤᠬᠠᠶ ᠁ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠢ ᠳᠡᠭᠡᠭᠰᠢᠯᠡᠭᠦᠯᠬᠦ ᠶᠢᠨ ᠬᠠᠮᠲᠤ᠂ ᠳᠠᠭᠠᠳᠬᠠᠯ ᠳᠤ ᠣᠷᠣᠯᠴᠠᠭᠰᠠᠳ ᠲᠤ ᠡᠶᠢᠮᠦᠷᠬᠦ ᠲᠤᠰᠬᠠᠶ ᠮᠡᠷᠭᠡᠵᠢᠯ ᠤᠨ ᠠᠰᠠᠭᠤᠳᠠᠯ ᠲᠣᠬᠢᠶᠠᠯᠳᠤᠳᠠᠭ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠳ᠋ᠠᠶᠢᠲ᠋ᠠ ᠠᠴᠠ ᠦᠵᠡᠪᠡᠯ᠂ 2023 ᠣᠨ ᠤ ᠡᠴᠦᠰ ᠲᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 13.34 ᠳ᠋ᠦᠩᠰᠢᠭᠤᠷ ᠪᠣᠯᠪᠠ᠃ ᠡᠶᠢᠮᠦ ᠶᠡᠭᠡ ᠳᠠᠭᠠᠳᠬᠠᠯ ᠳᠤ ᠣᠷᠣᠯᠴᠠᠭᠰᠠᠳ ᠪᠦᠬᠦᠨ ︽ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠳᠤ       ᠨᠡᠪᠲᠡᠷᠡᠬᠦ︾ ᠪᠣᠯᠣᠯᠴᠠᠭ᠎ᠠ ᠦᠭᠡᠢ ᠶᠤᠮ᠂ ᠡᠶᠢᠮᠦ ᠠᠴᠠ ᠳᠠᠭᠠᠳᠬᠠᠯ ᠳᠤ ᠣᠷᠣᠯᠴᠠᠭᠰᠠᠳ ᠥᠪᠡᠷ ᠤᠨ ᠬᠠᠷᠠᠭᠠᠯᠵᠠᠯ ᠢᠶᠠᠨ ᠣᠯᠬᠤ ᠳᠤ᠂ ᠰᠠᠶᠢᠨ ᠲᠥᠷᠥ ᠶᠢᠨ ᠪᠣᠳᠣᠯᠭ᠎ᠠ ᠶᠢᠨ ︽ᠡᠴᠦᠰ ᠤᠨ ᠨᠢᠭᠡ ᠺᠢᠯᠣᠮᠧᠲᠷ︾ ᠲᠤ ᠲᠦᠭᠵᠢᠷᠡᠵᠦ ᠮᠡᠳᠡᠨ᠎ᠡ᠃ ᠢᠯᠠᠩᠭᠤᠶ᠎ᠠ ᠪᠤᠶᠢᠳᠠ ᠪᠥᠭᠯᠡᠭᠦᠦ᠂ ᠰᠣᠶᠣᠯ ᠤᠨ ᠬᠢᠷᠢ ᠬᠡᠮᠵᠢᠶ᠎ᠡ ᠪᠠᠷ ᠨᠡᠯᠢᠶᠡᠳ ᠳᠣᠣᠷ᠎ᠠ᠂ ᠪᠡᠶ᠎ᠡ ᠮᠠᠬᠠᠪᠣᠳ ᠨᠢ ᠳᠥᠭᠦᠮ ᠦᠭᠡᠢ ᠳᠠᠭᠠᠳᠬᠠᠯ ᠳᠤ ᠣᠷᠣᠯᠴᠠᠭᠰᠠᠳ ᠲᠦᠷᠦ ᠶᠢᠨ ᠪᠤᠳᠤᠯᠭ᠎ᠠ ᠶᠢ ᠣᠶᠢᠯᠠᠭᠠᠬᠤ ᠦᠭᠡᠢ ᠪᠤᠶᠤ ᠴᠠᠭ ᠲᠤᠬᠠᠢ ᠳᠤᠨᠢ ᠭᠤᠶᠤᠴᠢᠯᠠᠭᠰᠠᠨ ᠦᠭᠡᠢ ᠪᠣᠯᠬᠤᠷ ᠣᠯᠭᠤᠮᠵᠢ ᠪᠠᠨ ᠬᠦᠷᠲᠡᠵᠦ ᠳᠡᠶᠢᠯᠬᠦ ᠦᠭᠡᠢ ᠪᠤᠶᠤ ᠬᠤᠶᠢᠰᠢᠯᠠᠭᠳᠠᠬᠤ ᠦᠵᠡᠭᠳᠡᠯ ᠭᠠᠷᠳᠠᠭ᠃  ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠡᠮᠴᠢᠯᠡᠭᠡᠨ ᠤ ᠳᠠᠭᠠᠳᠬᠠᠯ ᠤᠨ ᠬᠦᠷᠢᠶᠡᠨ ᠳᠠᠬᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ︾ ᠳᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠨᠠᠩ ᠣᠨᠣᠪᠴᠢᠲᠠᠶ᠂ ᠨᠠᠷᠢᠯᠢᠭᠵᠢᠭᠤᠯᠤᠭᠰᠠᠨ ᠦᠢᠯᠡᠴᠢᠯᠡᠭᠡ ᠶᠢ ᠨᠡᠩ ᠰᠠᠶᠢᠨ ᠬᠠᠩᠭᠠᠵᠤ᠂ ᠮᠡᠳᠡᠭᠡ ᠵᠠᠩᠭᠢᠵᠢᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠠᠷᠠᠳ ᠣᠯᠠᠨ ᠳᠤ ᠳᠥᠭᠦᠮ ᠳᠥᠲᠡ ᠥᠨᠳᠥᠷ ᠪᠦᠲᠦᠮᠵᠢᠲᠡᠶ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠬᠠᠩᠭᠠᠬᠤ ᠬᠡᠷᠡᠭᠲᠡᠶ ᠭᠡᠵᠦ ᠲᠣᠳᠣᠷᠬᠠᠶ ᠳᠤᠷᠠᠳᠤᠨ ᠭᠠᠷᠭᠠᠪᠠ᠃ ᠡᠨᠡ ᠵᠢᠯ ᠤᠨ ᠡᠬᠢᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ ︿ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠬᠦ﹀ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠡᠮᠴᠢᠯᠡᠭᠡᠨ ᠤ ᠳᠠᠭᠠᠳᠬᠠᠯ ᠲᠠᠢ ᠬᠤᠯᠪᠣᠭᠳᠠᠬᠤ ︽ᠰᠠᠶ᠋ᠢ ᠲᠥᠷᠥᠭᠰᠡᠨ ᠬᠡᠤᠬᠡᠳ ᠤᠨ ︿ᠨᠢᠭᠡ ᠶᠠᠪᠤᠳᠠᠯ﹀︾᠂ ︽ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠰᠠᠭᠤᠭᠠᠯᠢ ᠠᠷᠠᠳ ᠤᠨ ᠦᠢᠯᠡᠴᠢᠯᠡᠭᠡᠨ ᠤ ︿ᠨᠢᠭᠡ ᠶᠠᠪᠤᠳᠠᠯ﹀︾ ᠢ ᠠᠵᠢᠯ ᠤᠨ ᠭᠤᠤᠯᠳᠠᠯᠭ᠎ᠠ ᠲᠠᠢ ᠵᠦᠢᠯᠡᠰ ᠲᠤ ᠵᠢᠭᠰᠠᠭᠠᠨ ᠣᠷᠣᠭᠤᠯᠵᠤ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠶᠢ ᠨᠠᠩ ᠥᠨᠳᠥᠷ ᠪᠦᠲᠦᠮᠵᠢᠲᠡᠶ᠂ ᠨᠠᠩ ᠠᠷᠠᠳ ᠲᠤ ᠲᠥᠬᠦᠮ ᠦᠵᠡᠭᠦᠯᠬᠦ ᠶᠢ ᠤᠯᠠᠮ ᠨᠢᠭᠡ ᠠᠯᠬᠤᠮ ᠳᠥᠯᠭᠢᠨ ᠠᠬᠢᠭᠤᠯᠪᠠ᠃  ᠡᠨᠡ ᠵᠢᠯ ᠤᠨ 2 ᠳ᠋ᠤᠭᠠᠷ ᠰᠠᠷ᠎ᠠ ᠳᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 2024 ᠣᠨ ᠤ ᠡᠮᠴᠢᠯᠡᠭᠡᠨ ᠤ ᠳᠠᠭᠠᠳᠬᠠᠯ ᠤᠨ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠬᠦ︾ ᠭᠤᠤᠯᠳᠠᠯᠭ᠎ᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠨᠡᠶᠢᠲᠡᠯᠡᠵᠦ᠂ ᠥᠨᠳᠥᠷ ᠪᠦᠲᠦᠮᠵᠢᠲᠡᠶ ᠦᠢᠯᠡᠴᠢᠯᠡᠭᠡᠨ ᠤ ᠵᠦᠢᠯᠡᠰ ᠤᠨ ᠬᠦᠷᠢᠶ᠎ᠡ ᠬᠡᠪᠴᠢᠶ᠎ᠡ ᠶᠢ ᠰᠠᠨᠠᠭᠠᠴᠢᠯᠠᠭ᠎ᠠ ᠠᠴᠠ ᠪᠠᠨ ᠥᠷᠭᠡᠳᠬᠡᠨ᠂ ᠨᠡᠶᠢᠭᠡᠮ ᠳᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠠᠬᠢᠭᠤᠯᠵᠤ ᠶᠢ ᠠᠮᠠᠯᠠᠵᠤ᠂ ᠨᠠᠩ ᠣᠯᠠᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠶᠢ ᠰᠦᠯᠵᠢᠶᠡᠨ ᠳᠡᠭᠡᠷ᠎ᠡ ᠭᠦᠢᠴᠡᠳᠬᠡᠬᠦ᠂ ᠠᠯᠠᠭᠠᠨ ᠳᠡᠭᠡᠷ᠎ᠡ ᠭᠦᠢᠴᠡᠳᠬᠡᠬᠦ᠂ ᠸᠢᠳᠢᠣ᠋ ᠪᠠᠷ ᠭᠦᠢᠴᠡᠳᠬᠡᠬᠦ ᠶᠢ ᠪᠡᠶᠡᠯᠡᠭᠦᠯᠵᠦ᠂ ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ ᠬᠢᠷᠢ ᠲᠦᠪᠰᠢᠨ ᠢ ᠳᠡᠭᠡᠭᠰᠢᠯᠡᠭᠦᠯᠦᠨ᠂ ᠤᠯᠠᠮᠵᠢᠯᠠᠯᠲᠤ ᠦᠢᠯᠡᠴᠢᠯᠡᠭᠡᠨ ᠤ ᠵᠠᠭᠪᠤᠷ ᠪᠠ ᠤᠶᠤᠨᠴᠢᠯᠠᠭᠰᠠᠨ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠵᠡᠷᠭᠡᠪᠡᠷ ᠠᠬᠢᠭᠤᠯᠵᠤ᠂ ᠦᠢᠯᠡᠴᠢᠯᠡᠭᠡᠨ ᠤ ᠣᠶᠢᠯᠠᠭᠠᠯᠲᠠ ᠶᠢᠨ ᠵᠥᠷᠢᠶ᠎ᠡ ᠶᠢ ᠪᠠᠭᠠᠰᠬᠠᠵᠤ᠂ ᠠᠳᠠᠯᠢ ᠪᠤᠰᠤ ᠬᠥᠮᠥᠰ ᠤᠨ ᠡᠷᠬᠡ ᠲᠡᠭᠰᠢ ᠪᠠᠷ ᠦᠢᠯᠡᠴᠢᠯᠡᠭᠡ ᠬᠦᠷᠲᠡᠬᠦ ᠶᠢ ᠪᠠᠲᠤᠯᠠᠪᠠ᠃ ᠣᠳᠣᠬᠠᠨ ᠳᠤ᠂ ᠦᠷᠡᠵᠢᠯ ᠤᠨ ᠨᠡᠮᠡᠭᠦᠷᠢ᠂ ᠬᠦᠴᠢᠷᠳᠡᠯᠲᠡᠶ ᠣᠯᠠᠨ ᠲᠦᠮᠡᠨ ᠤ ᠳᠠᠭᠠᠳᠬᠠᠯ ᠳᠤ ᠣᠷᠣᠯᠴᠠᠬᠤ ᠪᠠ ᠡᠮᠴᠢᠯᠡᠭᠡᠨ ᠤ ᠠᠪᠤᠷᠠᠨ ᠲᠤᠰᠠᠯᠠᠬᠤ ᠵᠡᠷᠭᠡ ᠬᠦᠷᠢᠶ᠎ᠡ ᠴᠠᠷᠠᠭ᠎ᠠ ᠳᠤ ᠣᠯᠠᠨ ᠭᠠᠵᠠᠷ ᠨᠢ ︽ᠬᠥᠮᠦᠨ ᠨᠢ ᠡᠮᠴᠢᠯᠡᠭᠡᠨ ᠤ ᠳᠠᠭᠠᠳᠬᠠᠯ ᠠᠴᠠ ᠬᠠᠷᠠᠭᠠᠯᠵᠠᠯ ᠠᠪᠴᠤ︾ ᠪᠠᠶᠢᠭᠰᠠᠨ ᠠᠴᠠ ︽ᠡᠮᠴᠢᠯᠡᠭᠡᠨ ᠤ ᠳᠠᠭᠠᠳᠬᠠᠯ ᠨᠢ ᠬᠠᠷᠠᠭᠠᠯᠵᠠᠯ ᠬᠦᠷᠲᠡᠭᠴᠢ ᠡᠷᠢᠬᠦ︾ ᠪᠣᠯᠵᠤ ᠬᠤᠪᠢᠷᠠᠪᠠ᠃  ᠣᠳᠣᠬᠠᠨ ᠳᠤ ︽ᠬᠠᠷᠠᠭᠠᠯᠵᠠᠯ ᠬᠦᠷᠲᠡᠭᠴᠢ ᠡᠷᠢᠬᠦ︾ ᠨᠢ ᠣᠷᠣᠨ ᠪᠦᠰᠡ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠳᠤ ᠨᠡᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠦᠢᠯᠡᠴᠢᠯᠡᠭᠡᠨ ᠤ ᠦᠷ᠎ᠡ ᠪᠦᠲᠦᠮᠵᠢ ᠪᠠ ᠬᠢᠷᠢ ᠲᠦᠪᠰᠢᠨ ᠢ ᠬᠡᠷᠬᠢᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠨᠢ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠴᠢᠳᠠᠪᠤᠷᠢ ᠶᠢ ᠰᠢᠯᠭᠠᠵᠤ ᠪᠠᠶᠢᠨ᠎ᠠ᠃ ᠭᠡᠪᠡᠴᠦ ᠠᠷᠭ᠎ᠠ ᠨᠢ ᠶᠡᠷᠦᠩᠬᠡᠶ ᠳᠡᠭᠡᠨ ᠬᠦᠴᠢᠷᠳᠡᠯ ᠠᠴᠠ ᠣᠯᠠᠨ ᠪᠠᠶᠢᠳᠠᠭ᠂ ᠨᠠᠩ ᠣᠯᠠᠨ ᠬᠠᠮᠵᠢᠯᠴᠠᠭ᠎ᠠ᠂ ᠨᠠᠩ ᠣᠯᠠᠨ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠰᠠᠶᠢᠨ ᠲᠥᠷᠥ ᠶᠢᠨ ᠪᠣᠳᠣᠯᠭ᠎ᠠ ᠨᠢ ᠨᠠᠷᠢᠯᠢᠭ ᠣᠨᠣᠴᠠᠲᠠᠶ ᠪᠠᠷ ᠨᠠᠩ ᠣᠯᠠᠨ ᠳᠠᠭᠠᠳᠬᠠᠯ ᠳᠤ ᠣᠷᠣᠯᠴᠠᠭᠰᠠᠳ ᠲᠤ ᠦᠢᠯᠡᠴᠢᠯᠡᠬᠦ ᠶᠢ ᠢᠲᠡᠭᠡᠵᠦ ᠪᠠᠶᠢᠨ᠎ᠠ᠃  ᠳᠥᠭᠦᠮ ᠳᠥᠲᠡ᠂ ᠬᠥᠮᠦᠨᠴᠢ ᠴᠢᠨᠠᠷ᠂ ᠰᠢᠨ᠎ᠡ ᠶᠢ ᠡᠭᠦᠳᠦᠭᠰᠡᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠨᠢ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠬᠥᠮᠦᠰ ᠤᠨ ᠰᠡᠳᠬᠢᠯ ᠢ ᠣᠯᠵᠤ᠂ ᠳᠡᠮᠵᠢᠯᠭᠡ ᠶᠢ ᠣᠯᠵᠤ᠂ ᠪᠥᠬᠦ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ ᠪᠠᠰᠠ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠪᠠᠲᠤᠯᠠᠭ᠎ᠠ ᠬᠠᠩᠭᠠᠪᠠ᠃ ︽ᠬᠠᠷᠠᠭᠠᠯᠵᠠᠯ ᠬᠦᠷᠲᠡᠭᠴᠢ ᠡᠷᠢᠬᠦ︾ ᠬᠠᠮᠤᠷᠬᠤ ᠬᠡᠪᠴᠢᠶ᠎ᠡ ᠨᠢ ᠤᠯᠠᠮ ᠨᠢᠭᠡ ᠠᠯᠬᠤᠮ ᠥᠷᠭᠡᠳᠬᠡᠵᠦ᠂ ᠠᠷᠠᠳ ᠣᠯᠠᠨ ᠳᠤ ᠨᠠᠩ ᠣᠯᠠᠨ ᠡᠮᠴᠢᠯᠡᠭᠡᠨ ᠤ ᠳᠠᠭᠠᠳᠬᠠᠯ ᠤᠨ ᠳᠥᠭᠦᠮ ᠳᠥᠲᠡ ᠦᠢᠯᠡᠴᠢᠯᠡᠭᠡ ᠬᠦᠷᠲᠡᠭᠡᠬᠦ ᠶᠢ ᠬᠦᠰᠡᠵᠦ ᠪᠠᠶᠢᠨ᠎ᠠ᠃       ︵ᠰᠦᠨ ᠰᠢᠦ ᠶᠠᠨ︶  ︽ᠠᠷᠠᠣᠠ ᠤᠨ ᠡᠳᠦᠷ ᠤᠨ ᠰᠣᠨᠢᠠ︾ ︵2024 ᠣᠨ ᠤ 05 ᠳ᠋ᠤᠭᠠᠷ ᠰᠠᠷ᠎ᠠ ᠶᠢᠨ 24 ᠤ ᠡᠳᠦᠷ ᠤᠨ 19 ᠳ᠋ᠦ᠋ᠭᠡᠷ ᠨᠢᠭᠤᠷ︶ 
 
ᠢᠷᠡᠯᠲᠡ᠄ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号