ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠬᠦᠷᠢᠶᠡᠨ ᠳᠤ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/28
  ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠲᠦᠷᠢᠮ ᠤᠨ ᠤᠬᠠᠭᠤᠯᠭ᠎ᠠ ᠶᠢᠨ ᠭᠠᠷᠠᠭ︾ ᠢᠶᠠᠷ ᠠᠵᠠ ᠲᠣᠬᠢᠶᠠᠯ ᠪᠣᠯᠭᠠᠵᠤ᠂ 5 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠤᠯᠤᠰ ᠤᠨ ᠠᠮᠤᠷ ᠲᠦᠪᠰᠢᠨ ᠤ ᠲᠢᠩᠬᠢᠮ ᠲᠠᠢ ᠬᠠᠮᠲᠤᠷᠠᠨ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠳᠤ ᠬᠦᠷᠴᠦ ᠬᠠᠤᠯᠢ ᠲᠦᠷᠢᠮ ᠤᠨ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ       ᠥᠷᠨᠢᠭᠦᠯᠪᠡ᠃
W020240528528957783573.jpg
  ᠠᠵᠢᠯᠯᠠᠭ᠎ᠠ ᠶᠢᠨ ᠳᠤᠮᠳᠠ᠂ ᠡᠮᠴᠢᠯᠡᠭᠡᠨ ᠤ ᠪᠠᠲᠤᠯᠠᠭ᠎ᠠ ᠶᠢᠨ ᠠᠵᠢᠯᠲᠠᠳ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠡᠮᠴᠢᠯᠡᠭᠡᠨ ᠤ ᠳᠠᠭᠠᠳᠬᠠᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠢᠳᠡᠪᠬᠢᠲᠡᠶ ᠤᠬᠠᠭᠤᠯᠵᠤ᠂ ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ ᠤᠨ ᠰᠡᠳᠬᠢᠯ ᠲᠠᠯᠪᠢᠵᠤ ᠪᠠᠶᠢᠭ᠎ᠠ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠤᠬᠠᠶ ᠬᠠᠷᠢᠭᠤᠯᠲᠠ ᠥᠭᠴᠦ᠂ ᠡᠮᠴᠢᠯᠡᠭᠡᠨ ᠤ ᠳᠠᠭᠠᠳᠬᠠᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠮᠡᠳᠡᠬᠦ ᠨᠣᠷᠮ᠎ᠠ ᠶᠢ ᠳᠡᠭᠡᠭᠰᠢᠯᠡᠭᠦᠯᠪᠡ᠃ ᠠᠵᠢᠯᠲᠠᠳ ᠪᠠᠰᠠ ᠳᠡᠭᠡᠳᠦ ᠰᠤᠷᠭᠠᠭᠤᠯᠢ ᠶᠢᠨ ᠰᠤᠷᠤᠭᠴᠢᠳ ᠲᠤ ︽ᠢᠷᠭᠡᠨ ᠤ ᠬᠠᠤᠯᠢ ᠶᠢᠨ ᠪᠢᠴᠢᠭ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢ ᠠᠬᠢᠭᠤᠯᠬᠤ ᠲᠦᠷᠢᠮ︾ ᠵᠡᠷᠭᠡ ᠵᠢᠷᠭᠤᠭᠠᠨ ᠶᠠᠮᠤᠨ ᠤ ᠠᠬᠢᠭᠤᠯᠬᠤ ᠲᠦᠷᠢᠮ ᠢ       ᠪᠡᠯᠡᠭᠯᠡᠵᠦ᠂ ᠰᠤᠷᠤᠭᠴᠢᠳ ᠤᠯᠤᠰ ᠤᠨ ᠬᠠᠤᠯᠢ ᠴᠠᠭᠠᠵᠠ ᠶᠢᠨ ᠮᠡᠳᠡᠯᠭᠡ ᠶᠢ ᠨᠠᠷᠢᠨ ᠬᠢᠨᠠᠮᠠᠭᠠᠶ ᠰᠤᠷᠤᠯᠴᠠᠵᠤ᠂ ᠬᠠᠤᠯᠢ ᠴᠠᠭᠠᠵᠠ ᠶᠢ ︽ᠴᠠᠭᠠᠰᠤᠨ ᠳᠡᠭᠡᠷ᠎ᠡ︾ ᠪᠠᠶᠢᠭᠰᠠᠨ ᠠᠴᠠ ︽ᠠᠵᠢᠯᠯᠠᠭ᠎ᠠ ᠳᠤᠮᠳᠠ︾ ᠪᠣᠯᠭᠠᠨ ᠬᠤᠪᠢᠷᠠᠭᠤᠯᠵᠤ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠵᠤ᠂ ᠤᠯᠤᠰ ᠤᠨ ᠠᠮᠤᠷ ᠲᠦᠪᠰᠢᠨ ᠢ ᠰᠠᠬᠢᠨ ᠬᠠᠮᠠᠭᠠᠯᠠᠬᠤ ᠶᠢ ᠬᠦᠰᠡᠪᠡ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号