ᠰᠦᠨ ᠱᠤᠤ ᠴᠧᠩ ᠸᠠᠩ ᠯᠢ ᠰᠢᠶᠠ ᠭᠤᠷᠪᠠᠨ ᠬᠠᠪᠴᠢᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢᠦ ᠸᠧᠢ ᠫᠢᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/5/28
      5 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠳᠤᠮᠳᠠᠳᠤ ᠤᠯᠤᠰ ᠤᠨ ᠬᠥᠬᠡᠮᠥ᠋ᠷᠡᠨ ᠤ ᠭᠤᠷᠪᠠᠨ ᠬᠠᠪᠴᠢᠯ ᠤᠨ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢᠦ ᠸᠧᠢ ᠫᠢᠩ ᠲᠠᠢ ᠠᠭᠤᠯᠵᠠᠪᠠ᠃
3E931422C34363090587EE5E3430012D.jpg
      ᠰᠦᠨ ᠱᠤᠤ ᠴᠧᠩ ᠯᠢᠦ ᠸᠧᠢ ᠫᠢᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ  ᠥᠪᠥᠷ ᠮᠣᠩᠭᠤᠯ ᠶᠠᠭ ᠨᠥᠭᠡᠴᠡ ᠡᠨᠧᠷᠭᠢ ᠶᠢ ᠬᠥᠭᠵᠢᠭᠦᠯᠬᠦ ᠪᠠᠷ ᠵᠠᠩᠭᠢᠯᠠᠭ᠎ᠠ ᠪᠤᠯᠭᠠᠵᠤ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠠᠷᠭ᠎ᠠ ᠪᠦᠭᠦᠨ ᠢ ᠰᠦᠪᠡᠭᠴᠢᠯᠡᠨ ᠪᠣᠬᠢᠷᠳᠤᠯ ᠦᠭᠡᠢ ᠴᠠᠭᠢᠯᠭᠠᠨ ᠢ ᠲᠤᠬᠠᠢ ᠶᠢᠨ ᠭᠠᠵᠠᠷ ᠲᠤᠨᠢ ᠰᠢᠩᠭᠡᠬᠡᠨ ᠠᠪᠬᠤ ᠶᠢ ᠠᠬᠢᠭᠤᠯᠵᠤ ᠪᠠᠶᠢᠨ᠎ᠠ᠃ ᠥᠪᠥᠷ ᠮᠣᠩᠭᠤᠯ ᠪᠣᠯᠣᠨ ᠭᠤᠷᠪᠠᠨ ᠬᠠᠪᠴᠢᠯ ᠤᠨ ᠪᠦᠯᠦᠭᠯᠡᠯ ᠶᠡᠷᠦ ᠠᠴᠠ ᠮᠠᠰᠢ ᠰᠠᠶᠢᠨ ᠬᠠᠮᠲᠤᠷᠠᠯᠴᠠᠵᠤ᠂ ᠢᠷᠡᠭᠡᠳᠦᠢ ᠶᠢᠨ ᠬᠠᠮᠲᠤᠷᠠᠯᠴᠠᠭᠠᠨ ᠤ ᠣᠷᠣᠨ ᠵᠠᠢ ᠮᠠᠰᠢ ᠶᠡᠭᠡ ᠪᠠᠶᠢᠨ᠎ᠠ᠃ ᠭᠤᠷᠪᠠᠨ ᠬᠠᠪᠴᠢᠯ ᠤᠨ ᠪᠦᠯᠦᠭᠯᠡᠯ ᠳᠠᠪᠠᠭᠤᠯᠢᠭ ᠢᠶᠠᠨ ᠪᠠᠳᠠᠷᠠᠭᠤᠯᠵᠤ᠂ ᠨᠥᠭᠡᠴᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠥᠪᠥᠷ ᠮᠣᠩᠭᠤᠯ ᠤᠨ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠪᠦᠲᠦᠭᠡᠨ ᠪᠠᠶᠢᠭᠤᠯᠤᠯᠲᠠ ᠳᠤ ᠭᠦᠨᠵᠡᠭᠡᠢ ᠣᠷᠤᠯᠴᠠᠬᠤ ᠶᠢ ᠬᠦᠰᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠠᠯ᠎ᠠ ᠶᠢᠨ ᠬᠢᠨ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠨᠠᠷᠢᠨ ᠨᠢᠮᠪᠠᠢ ᠦᠢᠯᠡᠴᠢᠯᠡᠵᠦ᠂ ᠠᠵᠤ ᠠᠬᠤᠶᠢᠯᠠᠯ ᠤᠨ ᠥᠪᠥᠷ ᠮᠣᠩᠭᠤᠯ ᠳᠠᠬᠢ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠡᠢ᠃
38BAC2342A6169B94CCB0ED7394F5772.jpg
      ᠯᠢᠦ ᠸᠧᠢ ᠫᠢᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠳᠡᠮᠵᠢᠯᠭᠡ ᠳᠤ ᠲᠠᠯᠠᠷᠬᠠᠪᠠ᠃ ᠲᠡᠷᠡ᠂ ᠪᠢᠳᠡ ᠥᠪᠥᠷ ᠮᠣᠩᠭᠤᠯ ᠳᠤ ᠮᠠᠰᠢ ᠢᠲᠡᠭᠡᠯ ᠲᠠᠢ ᠪᠠᠶᠢᠨ᠎ᠠ᠂ ᠥᠪᠥᠷ ᠮᠣᠩᠭᠤᠯ ᠢ ᠭᠤᠷᠪᠠᠨ ᠬᠠᠪᠴᠢᠯ ᠤᠨ ᠪᠦᠯᠦᠭᠯᠡᠯ ᠤᠨ ᠪᠠᠶᠢᠯᠳᠤᠬᠤ ᠪᠣᠳᠣᠯᠭ᠎ᠠ ᠶᠢᠨ ᠴᠢᠬᠤᠯᠠ ᠭᠠᠵᠠᠷ᠂ ᠬᠥᠭᠵᠢᠯᠲᠡ ᠶᠢᠨ ᠴᠢᠬᠤᠯᠠ ᠭᠠᠵᠠᠷ ᠪᠣᠯᠭᠠᠭᠰᠠᠭᠠᠷ ᠢᠷᠡᠵᠡᠶ᠂ ᠲᠠᠷᠠᠭᠠᠴᠢ ᠶᠢᠨ ᠠᠯᠬᠤᠮ ᠳᠤ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠤ ᠥᠪᠥᠷ ᠮᠣᠩᠭᠤᠯ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠨ᠂ ᠣᠷᠣᠨ ᠨᠤᠲᠤᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠳᠤ ᠭᠦᠨᠵᠡᠭᠡᠢ ᠠᠭᠤᠰᠤᠯᠴᠠᠵᠤ᠂ ᠶᠡᠷᠦᠩᠬᠡᠢ ᠬᠡᠯᠲᠡᠰ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠨᠠᠩ ᠰᠠᠶᠢᠲᠤᠷ ᠬᠦᠴᠦᠨ ᠨᠡᠮᠡᠷᠢᠯᠡᠨ᠎ᠡ ᠭᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠢ ᠯᠢ ᠰᠢᠨ᠂ ᠭᠤᠷᠪᠠᠨ ᠬᠠᠪᠴᠢᠯ ᠤᠨ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠶᠡᠷᠦᠩᠬᠡᠢ  ᠳᠠᠭᠠᠭᠠᠮᠠᠯ ᠬᠠᠨ ᠵᠢᠶᠦ᠋ᠨ ᠠᠭᠤᠯᠵᠠᠯᠲᠠ ᠳᠤ ᠣᠷᠣᠯᠴᠠᠵᠠᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号