ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ — ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠵᠤ ᠥᠷᠭᠡᠨ ᠣᠯᠠᠨ ᠬᠥᠳᠡᠯᠮᠦᠷᠢᠴᠢᠳ ᠤᠨ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2024/5/29
      ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 28 ᠤ ᠴᠠᠭᠢᠯᠭᠠᠨ ᠮᠡᠳᠡᠭᠡ   ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 5 ᠰᠠᠷ᠎ᠠ ᠶᠢᠨ 27 ᠤ ᠦᠳᠡ ᠶᠢᠨ ᠬᠤᠶᠢᠨ᠎ᠠ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠲᠤᠬᠠᠢ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ ᠳᠤ ᠠᠵᠢᠯ ᠣᠯᠭᠤᠬᠤ ᠠᠵᠢᠯ ᠤᠨ ᠰᠢᠨ᠎ᠡ ᠪᠠᠶᠢᠷᠢ ᠲᠣᠭᠲᠠᠭᠠᠯᠲᠠ ᠂ ᠰᠢᠨ᠎ᠡ ᠡᠭᠦᠷᠭᠡ ᠬᠠᠷᠢᠭᠤᠴᠠᠯᠭ᠎ᠠ ᠮᠥᠨ ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ ᠂ ᠬᠥᠳᠡᠯᠮᠦᠷᠢᠴᠢᠳ ᠤᠨ ᠪᠡᠶ᠎ᠡ ᠪᠠᠨ ᠳᠠᠭᠠᠭᠠᠵᠤ ᠠᠵᠢᠯ ᠣᠯᠬᠤ ᠂ ᠵᠠᠬ᠎ᠠ ᠳᠡᠯᠭᠡᠭᠦᠷ ᠢᠶᠠᠷ ᠠᠵᠢᠯ ᠣᠯᠭᠤᠯᠲᠠ ᠶᠢ ᠲᠣᠬᠢᠷᠠᠭᠤᠯᠬᠤ ᠂ ᠵᠠᠰᠠᠭ ᠤᠨ ᠣᠷᠳᠣᠨ ᠠᠴᠠ ᠠᠵᠢᠯ ᠣᠯᠭᠤᠯᠲᠠ ᠶᠢ ᠠᠬᠢᠭᠤᠯᠬᠤ ᠪᠠ ᠦᠢᠯᠡᠰ ᠪᠣᠰᠬᠠᠬᠤ ᠶᠢ ᠵᠣᠷᠢᠭᠵᠢᠭᠤᠯᠬᠤ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠠᠵᠢᠯ ᠣᠯᠭᠤᠯᠲᠠ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ ᠂ ᠥᠷᠭᠡᠨ ᠤᠯᠠᠨ ᠬᠥᠳᠡᠯᠮᠦᠷᠢᠴᠢᠳ ᠤᠨ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ ᠃      ᠳᠤᠮᠳᠠᠳᠤ ᠤᠯᠤᠰ ᠤᠨ ᠭᠦᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠮᠦᠸᠧ ᠷᠦᠩ ᠰᠤᠳᠤᠯᠤᠭᠴᠢ ᠡᠨᠡ ᠬᠦ ᠠᠰᠠᠭᠤᠳᠠᠯ ᠤᠨ ᠲᠤᠬᠠᠢ ᠲᠠᠶᠢᠯᠤᠮᠵᠢ ᠬᠢᠵᠦ ᠂ ᠠᠵᠢᠯ ᠤᠨ ᠰᠠᠨᠠᠭᠤᠯᠭ᠎ᠠ ᠳᠤᠷᠠᠳᠪᠠ ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ ᠃      ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ ᠂ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠂ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠳᠤ ᠬᠤᠯᠪᠣᠭᠳᠠᠵᠤ ᠂ ᠤᠯᠤᠰ ᠤᠨ ᠥᠨᠢ ᠤᠳᠠᠭᠠᠨ ᠤ ᠠᠮᠤᠷ ᠲᠦᠪᠰᠢᠨ ᠳᠤ ᠬᠤᠯᠪᠣᠭᠳᠠᠨ᠎ᠠ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠨᠠᠮ ᠤᠨ ᠲᠥᠪ ᠬᠤᠷᠢᠶ᠎ᠠ ᠠᠵᠢᠯ ᠣᠯᠭᠤᠯᠲᠠ ᠶᠢᠨ ᠠᠵᠢᠯ ᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠣᠪᠣᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠴᠢᠩᠭᠠᠳᠬᠠᠵᠤ ᠂ ᠠᠵᠢᠯ ᠣᠯᠭᠤᠯᠲᠠ ᠶᠢ ᠠᠬᠢᠭᠤᠯᠬᠤ ᠲᠣᠭᠲᠠᠴᠠ ᠶᠢ ᠪᠦᠷᠢᠨᠰᠢᠭᠦᠯᠵᠦ ᠂ ᠡᠯ᠎ᠡ ᠵᠦᠢᠯ ᠤᠨ ᠳᠠᠷᠤᠯᠲᠠ ᠥᠷᠢᠰᠦᠯᠳᠦᠭᠡᠨ ᠢ ᠪᠦᠲᠦᠮᠵᠢᠲᠡᠢ ᠠᠷᠭᠠᠴᠠᠭᠠᠵᠤ ᠂ ᠬᠤᠳᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ ᠵᠢᠯ ᠳᠤᠮᠳᠠᠴᠢ ᠪᠠᠷ 1300 ᠲᠦᠮᠡᠨ ᠬᠥᠮᠥᠨ ᠳᠤ ᠬᠦᠷᠴᠦ ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠠᠵᠤ ᠠᠬᠤᠢ ᠶᠢᠨ ᠬᠥᠭᠵᠢᠯᠲᠡ ᠳᠤ ᠴᠢᠬᠤᠯᠠ ᠲᠤᠯᠭᠠᠭᠤᠷᠢᠯᠠᠯ ᠬᠠᠩᠭᠠᠪᠠ ᠃ ᠦᠢᠯᠡᠳᠦᠯᠭᠡ ᠶᠢᠨ ᠳᠤᠮᠳᠠ ᠰᠢᠨ᠎ᠡ ᠴᠠᠭ ᠦᠶ᠎ᠡ ᠶᠢᠨ ᠠᠵᠢᠯ ᠣᠯᠭᠤᠯᠲᠠ ᠶᠢᠨ ᠠᠵᠢᠯ ᠤᠨ ᠵᠢᠮ᠎ᠡ ᠶᠣᠰᠣᠨ ᠤ ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ ᠂ ᠮᠠᠰᠢ ᠣᠯᠠᠨ ᠲᠤᠷᠰᠢᠯᠭ᠎ᠠ ᠬᠤᠷᠠᠮᠳᠤᠭᠤᠯᠪᠠ ᠃ ᠡᠭᠦᠨ ᠳᠤ ᠭᠤᠣᠯᠳᠠᠭᠤ᠄ ᠠᠵᠢᠯ ᠣᠯᠭᠤᠯᠲᠠ ᠶᠢ ᠠᠷᠠᠳ ᠤᠨ ᠠᠮᠢᠳᠤᠷᠠᠯ ᠤᠨ ᠦᠨᠳᠦᠰᠦ ᠪᠤᠯᠭᠠᠬᠤ ᠶᠢ ᠪᠠᠷᠢᠮᠲᠠᠯᠠᠨ᠎ᠠ ︔ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ ᠭᠡᠷᠡᠭᠵᠢᠭᠦᠯᠦᠨ᠎ᠡ ︔ ᠬᠥᠭᠵᠢᠯᠲᠡ ᠳᠤ ᠲᠦᠰᠢᠭᠯᠡᠨ ᠠᠵᠢᠯ ᠣᠯᠭᠤᠯᠲᠠ ᠶᠢ ᠠᠬᠢᠭᠤᠯᠬᠤ ᠶᠢ ᠪᠠᠷᠢᠮᠲᠠᠯᠠᠨ᠎ᠠ ︔ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠬᠦ ᠪᠠ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠶᠢ ᠤᠶᠠᠯᠳᠤᠭᠤᠯᠬᠤ ᠶᠢ ᠪᠠᠷᠢᠮᠲᠠᠯᠠᠨ᠎ᠠ ︔ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠲᠣᠪᠤᠶᠢᠯᠭᠠᠨ ᠰᠠᠶᠢᠲᠤᠷ ᠠᠳᠬᠤᠬᠤ ᠶᠢ ᠪᠠᠷᠢᠮᠲᠠᠯᠠᠨ᠎ᠠ ︔ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠪᠠᠷᠢᠮᠲᠠᠯᠠᠨ᠎ᠠ ︔ ᠡᠷᠬᠡ ᠲᠡᠭᠰᠢ ᠪᠠᠷ ᠠᠵᠢᠯ ᠣᠯᠭᠤᠬᠤ ᠣᠷᠴᠢᠨ ᠨᠥᠬᠦᠴᠡᠯ ᠢ ᠪᠤᠢ ᠪᠤᠯᠭᠠᠬᠤ ᠶᠢ ᠪᠠᠷᠢᠮᠲᠠᠯᠠᠨ᠎ᠠ ︔ ᠡᠶ᠎ᠡ ᠵᠣᠬᠢᠴᠠᠩᠭᠤᠢ ᠭᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠶᠢ ᠪᠠᠷᠢᠮᠲᠠᠯᠠᠬᠤ ᠵᠡᠷᠭᠡ ᠪᠠᠭᠲᠠᠨ᠎ᠠ ᠃ ᠡᠳᠡᠭᠡᠷ ᠲᠤᠷᠰᠢᠯᠭ᠎ᠠ ᠪᠣᠯ ᠲᠤᠶᠢᠯ ᠤᠨ ᠡᠷᠬᠢᠮ ᠨᠠᠨᠳᠢᠨ ᠶᠤᠮ ᠂ ᠤᠷᠳᠤ ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠤ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃      ᠰᠢ ᠶᠢᠨ ᠫᠢᠩ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ ᠦᠭᠡᠢ ᠲᠤᠭᠤᠰᠢᠯᠠᠭᠤᠯᠵᠤ ᠂ ᠨᠡᠩ ᠢᠯᠡᠭᠦᠦ ᠤᠬᠠᠮᠰᠠᠷ ᠠᠴᠠ ᠪᠠᠨ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠡᠷᠢᠭᠦᠨ ᠬᠠᠷᠠᠯᠲᠠ ᠪᠤᠯᠭᠠᠵᠤ ᠂ ᠴᠢᠨᠠᠷ ᠰᠠᠶᠢᠲᠠᠢ ᠬᠥᠭᠵᠢᠯᠲᠡ ᠶᠢᠨ ᠶᠠᠪᠤᠴᠠ ᠶᠢ ᠠᠵᠢᠯ ᠣᠯᠭᠤᠯᠲᠠ ᠶᠢᠨ ᠴᠢᠨᠠᠷ ᠢ ᠳᠡᠭᠡᠭᠰᠢᠯᠡᠭᠦᠯᠵᠦ ᠪᠠᠭᠲᠠᠭᠠᠮᠵᠢ ᠶᠢ ᠥᠷᠭᠡᠳᠬᠡᠬᠦ ᠶᠠᠪᠤᠴᠠ ᠪᠤᠯᠭᠠᠵᠤ ᠂ ᠬᠥᠭᠵᠢᠯᠲᠡ ᠪᠠᠷ ᠠᠵᠢᠯ ᠣᠯᠭᠤᠯᠲᠠ ᠶᠢ ᠳᠠᠶᠢᠴᠢᠯᠠᠬᠤ ᠬᠦᠴᠦᠨ ᠢ ᠳᠡᠭᠡᠭᠰᠢᠯᠡᠭᠦᠯᠭᠦ ᠬᠡᠷᠡᠭᠲᠡᠢ ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ ᠂ ᠢᠷᠡᠭᠡᠳᠦᠢ ᠶᠢᠨ ᠠᠵᠤ ᠦᠢᠯᠡᠰ ᠢ ᠪᠠᠶᠢᠷᠢᠰᠢᠭᠤᠯᠤᠨ ᠪᠦᠲᠦᠭᠡᠨ ᠪᠠᠶᠢᠭᠤᠯᠵᠤ ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠵᠦ ᠂ ᠨᠡᠩ ᠤᠯᠠᠨ ᠴᠢᠨᠠᠷ ᠰᠠᠶᠢᠲᠠᠢ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠴᠢᠷᠮᠠᠶᠢᠨ ᠡᠭᠦᠳᠬᠦ ᠬᠡᠷᠡᠭᠲᠡᠢ ᠃ ᠠᠵᠢᠯ ᠣᠯᠭᠤᠬᠤ ᠴᠢᠳᠠᠪᠤᠷᠢ ᠪᠠᠷ ᠴᠢᠩᠭ᠎ᠠ ᠠᠵᠤ ᠦᠢᠯᠡᠰ ᠪᠣᠯᠣᠨ ᠠᠵᠤ ᠠᠬᠤᠶᠢᠯᠠᠯ ᠢ ᠳᠡᠮᠵᠢᠨ ᠬᠥᠭᠵᠢᠭᠦᠯᠵᠦ ᠂ ᠠᠵᠢᠯ ᠣᠯᠭᠤᠬᠤ ᠪᠠᠭᠲᠠᠭᠠᠮᠵᠢ ᠶᠢ ᠲᠣᠭᠲᠠᠪᠤᠷᠢᠵᠢᠭᠤᠯᠤᠨ ᠥᠷᠭᠡᠳᠬᠡᠬᠦ ᠬᠡᠷᠡᠭᠲᠡᠢ ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠬᠠᠨᠳᠤᠰᠢ ᠪᠠ ᠠᠷᠠᠳ ᠣᠯᠠᠨ ᠤ ᠴᠢᠨᠠᠷ ᠰᠠᠶᠢᠲᠠᠢ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠦᠨᠳᠦᠰᠦᠯᠡᠨ ᠂ ᠰᠢᠨ᠎ᠡ ᠡᠵᠡᠩᠨᠡᠯᠲᠡ ᠶᠢᠨ ᠪᠠᠶᠢᠳᠠᠯ ᠂ ᠰᠢᠨ᠎ᠡ ᠵᠠᠭᠪᠤᠷ ᠢ ᠶᠡᠭᠡ ᠪᠠᠷ ᠬᠥᠭᠵᠢᠭᠦᠯᠵᠦ ᠂ ᠠᠵᠢᠯ ᠮᠡᠷᠭᠡᠵᠢᠯ ᠤᠨ ᠰᠢᠨ᠎ᠡ ᠴᠤᠪᠤᠷᠠᠯ ᠢ ᠢᠳᠡᠪᠬᠢᠲᠡᠢ ᠪᠠᠷ ᠠᠭᠤᠳᠠᠯᠬᠤ ᠪᠠ ᠪᠣᠶᠢᠵᠢᠭᠤᠯᠵᠤ ᠂ ᠠᠵᠢᠯ ᠣᠯᠭᠤᠯᠲᠠ ᠶᠢᠨ ᠰᠢᠨ᠎ᠡ ᠨᠡᠮᠡᠭᠳᠡᠯ ᠤᠨ ᠴᠡᠭ ᠢ ᠨᠡᠭᠡᠭᠡᠨ ᠬᠥᠭᠵᠢᠭᠦᠯᠬᠦ ᠬᠡᠷᠡᠭᠲᠡᠢ ᠃ ᠴᠢᠬᠤᠯᠠ ᠶᠡᠭᠡ ᠲᠦᠷᠦ ᠶᠢᠨ ᠪᠣᠳᠣᠯᠭ᠎ᠠ ᠂ ᠴᠢᠬᠤᠯᠠ ᠶᠡᠭᠡ ᠲᠦᠷᠦᠯ ᠵᠦᠢᠯ ᠂ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠯ ᠤᠨ ᠠᠵᠢᠯ ᠣᠯᠭᠤᠯᠲᠠ ᠳᠤ ᠦᠵᠡᠭᠦᠯᠭᠦ ᠨᠥᠯᠥᠭᠡ ᠶᠢ ᠦᠨᠡᠯᠡᠨ ᠵᠢᠱᠢᠬᠦ ᠶᠢ ᠴᠢᠩᠭᠠᠳᠬᠠᠵᠤ ᠂ ᠡᠳ᠋ ᠤᠨ ᠵᠠᠰᠠᠭ ᠂ ᠵᠣᠭᠤᠰ ᠂ ᠪᠡᠯᠡ ᠣᠷᠣᠭᠤᠯᠤᠯᠲᠠ ᠂ ᠬᠡᠷᠡᠭᠯᠡᠭᠡ ᠂ ᠠᠵᠤ ᠦᠢᠯᠡᠰ ᠂ ᠣᠷᠣᠨ ᠪᠦᠰᠡ ᠵᠡᠷᠭᠡ ᠶᠢᠨ ᠲᠦᠷᠦ ᠶᠢᠨ ᠪᠣᠳᠣᠯᠭ᠎ᠠ ᠶᠢ ᠠᠵᠢᠯ ᠣᠯᠭᠤᠯᠲᠠ ᠶᠢᠨ ᠲᠦᠷᠦ ᠶᠢᠨ ᠪᠣᠳᠣᠯᠭ᠎ᠠ  ᠯᠤᠭ᠎ᠠ ᠵᠣᠬᠢᠴᠠᠭᠤᠯᠤᠨ ᠬᠤᠯᠪᠣᠯᠳᠤᠭᠤᠯᠵᠤ ᠂ ᠠᠳᠠᠯᠢ ᠴᠢᠭᠯᠡᠯ ᠢᠶᠠᠷ ᠬᠦᠴᠦᠯᠡᠨ ᠂ ᠠᠵᠢᠯ ᠣᠯᠭᠤᠯᠲᠠ ᠶᠢᠨ ᠨᠥᠭᠦᠷᠰᠡᠭ ᠭᠡᠯᠪᠡᠷᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃      ᠰᠢ ᠶᠢᠨ ᠫᠢᠩ ᠂ ᠬᠡᠪ ᠪᠣᠯᠪᠠᠰᠤᠷᠠᠯ ᠰᠢᠯᠢᠳᠡᠭ ᠰᠠᠶᠢᠨ ᠂ ᠶᠡᠷᠦᠩᠬᠡᠢ ᠬᠡᠮᠵᠢᠶ᠎ᠡ ᠶᠡᠭᠡ ᠂ ᠪᠦᠲᠦᠴᠡ ᠰᠢᠯᠢᠳᠡᠭ ᠂ ᠲᠠᠷᠬᠠᠯᠲᠠ ᠵᠣᠬᠢᠰᠲᠠᠢ ᠣᠳᠣᠬᠢᠴᠢᠯᠠᠭᠰᠠᠨ ᠬᠥᠮᠥᠨ ᠤ ᠬᠦᠴᠦᠨ ᠤ ᠡᠬᠢ ᠪᠠᠶᠠᠯᠢᠭ ᠢ ᠲᠦᠷᠭᠡᠨ ᠪᠤᠢ ᠪᠤᠯᠭᠠᠵᠤ ᠂ ᠬᠥᠮᠥᠨ ᠤ ᠬᠦᠴᠦᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠵᠣᠬᠢᠴᠠᠬᠤ ᠦᠭᠡᠢ ᠪᠠᠶᠢᠬᠤ ᠡᠨᠡ ᠬᠦ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠃ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠳᠤ ᠵᠣᠬᠢᠴᠠᠭᠤᠯᠤᠨ ᠂ ᠬᠥᠮᠥᠨ ᠤ ᠬᠦᠴᠦᠨ ᠤ ᠡᠬᠢ ᠪᠠᠶᠠᠯᠢᠭ ᠤᠨ ᠬᠥᠭᠵᠢᠯᠲᠡ ᠶᠢᠨ ᠬᠠᠨᠳᠤᠰᠢ ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ ᠂ ᠰᠤᠷᠭᠠᠨ ᠬᠥᠮᠦᠵᠢᠯ ᠂ ᠪᠣᠯᠪᠠᠰᠤᠷᠠᠯ ᠪᠣᠯᠣᠨ ᠠᠵᠢᠯ ᠣᠯᠭᠤᠯᠲᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠪᠣᠯᠣᠨ ᠡᠬᠢ ᠪᠠᠶᠠᠯᠢᠭ ᠤᠨ ᠪᠦᠲᠦᠴᠡ ᠶᠢᠨ ᠪᠠᠶᠢᠷᠢᠰᠢᠭᠤᠯᠤᠯᠲᠠ ᠶᠢ ᠬᠥᠳᠡᠯᠦᠩᠭᠦᠢ ᠪᠠᠷ ᠲᠣᠬᠢᠷᠠᠭᠤᠯᠤᠨ ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠵᠦ ᠂ ᠨᠠᠰᠤᠨ ᠲᠤᠷᠰᠢ ᠶᠢᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠤᠨ ᠳᠦᠷᠢᠮ ᠢ ᠪᠦᠷᠢᠨᠰᠢᠭᠦᠯᠬᠦ ᠬᠡᠷᠡᠭᠲᠡᠢ ᠃ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ ᠂ ᠬᠥᠮᠥᠨ ᠪᠠ ᠠᠵᠢᠯ ᠤᠨ ᠪᠠᠶᠢᠷᠢ ᠬᠠᠷᠢᠯᠴᠠᠨ ᠲᠣᠬᠢᠷᠠᠯᠴᠠᠬᠤ ᠂ ᠬᠥᠮᠥᠨ ᠤ ᠳᠠᠪᠠᠭᠤᠯᠢᠭ ᠲᠠᠯ᠎ᠠ ᠶᠢ  ᠨᠢ ᠮᠡᠳᠡᠷᠡᠵᠦ ᠬᠡᠷᠡᠭᠯᠡᠬᠦ ᠂ ᠬᠥᠮᠥᠨ ᠤ ᠴᠢᠳᠠᠪᠤᠷᠢ ᠶᠢ ᠨᠢ ᠭᠦᠢᠴᠡᠳ ᠪᠠᠳᠠᠷᠠᠭᠤᠯᠬᠤ ᠶᠢ ᠴᠢᠷᠮᠠᠶᠢᠨ ᠪᠡᠶᠡᠯᠡᠭᠦᠯᠵᠦ ᠂ ᠠᠵᠢᠯ ᠣᠯᠭᠤᠯᠲᠠ ᠶᠢᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ ᠂ ᠪᠦᠭᠦ ᠨᠡᠶᠢᠭᠡᠮ ᠤᠨ ᠠᠵᠢᠯ ᠣᠯᠭᠤᠯᠲᠠ ᠶᠢᠨ ᠵᠥᠪ ᠦᠵᠡᠯᠲᠡ ᠶᠢ ᠪᠠᠲᠤ ᠪᠠᠬᠢ ᠪᠤᠢ ᠪᠤᠯᠭᠠᠬᠤ ᠶᠢ ᠬᠥᠲᠥᠯᠥᠨ ᠵᠢᠯᠤᠭᠤᠳᠴᠤ ᠂ ᠠᠵᠢᠯ ᠰᠣᠩᠭᠤᠬᠤ ᠰᠢᠨ᠎ᠡ ᠣᠶᠢᠯᠠᠭᠠᠭᠳᠠᠬᠤᠨ ᠢᠶᠠᠷ ᠠᠵᠢᠯ ᠣᠯᠭᠤᠯᠲᠠ ᠶᠢᠨ ᠰᠢᠨ᠎ᠡ ᠣᠷᠣᠨ ᠵᠠᠢ ᠶᠢ ᠨᠡᠭᠡᠭᠡᠬᠦ ᠬᠡᠷᠡᠭᠲᠡᠢ ᠃ ᠵᠠᠷᠢᠮ ᠠᠵᠢᠯ ᠲᠥᠷᠥᠯ ᠳᠠᠬᠢ ᠠᠵᠢᠯᠴᠢᠨ ᠳᠤᠲᠠᠭᠳᠠᠭᠰᠠᠨ ᠰᠢᠯᠲᠠᠭᠠᠨ ᠢ ᠭᠦᠨᠵᠡᠭᠡᠢ ᠵᠠᠳᠠᠯᠵᠤ ᠂ ︽ ᠠᠵᠢᠯ ᠪᠠᠶᠢᠬᠤ ᠳᠤ ᠬᠢᠬᠦ ᠬᠥᠮᠥᠨ ᠦᠭᠡᠢ ︾ ᠠᠰᠠᠭᠤᠳᠠᠯ ᠢ ᠰᠢᠢᠳᠪᠦᠷᠢᠯᠡᠬᠦ ᠠᠴᠠ ᠭᠠᠷᠳᠠᠵᠤ ᠂ ︽ ᠬᠥᠮᠥᠨ ᠪᠠᠶᠢᠪᠠᠴᠤ ᠬᠢᠬᠦ ᠠᠵᠢᠯ ᠦᠭᠡᠢ ︾ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃      ᠰᠢ ᠶᠢᠨ ᠫᠢᠩ ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠬᠡᠷᠡᠭᠲᠡᠢ ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠭᠤᠯᠲᠠ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠬᠤ ᠶᠢ ᠪᠠᠷᠢᠮᠲᠠᠯᠠᠵᠤ ᠂ ᠰᠤᠷᠤᠬᠰᠠᠨ ᠵᠦᠢᠯ ᠪᠠ ᠳᠠᠪᠠᠭᠤᠯᠢᠭ ᠲᠠᠯ᠎ᠠ ᠪᠠᠨ ᠪᠠᠳᠠᠷᠠᠭᠤᠯᠬᠤ ᠳᠤ ᠠᠰᠢᠭᠲᠠᠢ ᠠᠵᠢᠯ ᠤᠨ ᠪᠠᠶᠢᠷᠢ ᠶᠢ ᠨᠡᠩ ᠤᠯᠠᠨ ᠨᠡᠭᠡᠭᠡᠵᠦ ᠂ ᠵᠠᠯᠠᠭᠤᠴᠤᠳ ᠤᠨ ᠭᠤᠣᠯᠳᠠᠯᠭ᠎ᠠ ᠲᠠᠢ ᠬᠦᠷᠢᠶ᠎ᠡ ᠂ ᠭᠤᠣᠯᠳᠠᠯᠭ᠎ᠠ ᠲᠠᠢ ᠠᠵᠢᠯ ᠲᠦᠷᠦᠯ ᠂ ᠬᠤᠳᠠ ᠬᠥᠳᠡᠭᠡ ᠶᠢᠨ ᠦᠨᠳᠦᠰᠦᠨ ᠱᠠᠲᠤ ᠪᠣᠯᠣᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠠᠵᠢᠯ ᠣᠯᠬᠤ ᠦᠢᠯᠡᠰ ᠪᠣᠰᠬᠠᠬᠤ ᠳᠤ ᠣᠷᠤᠯᠴᠠᠬᠤ ᠶᠢ ᠵᠣᠷᠢᠭᠵᠢᠭᠤᠯᠵᠤ ᠂ ᠵᠠᠬ᠎ᠠ ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠬᠦ ᠬᠡᠷᠡᠭᠲᠡᠢ ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠢ ᠤᠶᠠᠯᠳᠤᠭᠤᠯᠤᠨ ᠂ ᠭᠠᠳᠠᠭᠰᠢ ᠭᠠᠷᠴᠤ ᠠᠵᠢᠯ ᠣᠯᠬᠤ ᠪᠠ ᠲᠤᠬᠠᠢ ᠶᠢᠨ ᠭᠠᠵᠠᠷ ᠤᠨ ᠣᠶᠢᠷ᠎ᠠ ᠬᠠᠪᠢ ᠳᠠᠭᠠᠨ ᠠᠵᠢᠯ ᠣᠯᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠥᠯᠥᠰᠦᠨ ᠲᠠᠷᠢᠶᠠᠴᠢᠨ ᠤ ᠠᠵᠢᠯ ᠣᠯᠣᠯᠲᠠ ᠶᠢ ᠠᠬᠢᠭᠤᠯᠵᠤ ᠂ ᠭᠠᠳᠠᠭᠰᠢ ᠭᠠᠷᠤᠭᠰᠠᠨ ᠴᠢᠳᠠᠪᠤᠷᠢᠲᠠᠨ ᠤ ᠨᠤᠲᠤᠭ ᠲᠠᠭᠠᠨ ᠪᠤᠴᠠᠵᠤ ᠂ ᠬᠤᠲᠠ ᠶᠢᠨ ᠴᠢᠳᠠᠪᠤᠷᠢᠲᠠᠨ ᠤ ᠬᠥᠳᠡᠭᠡ ᠪᠠᠭᠤᠵᠤ ᠦᠢᠯᠡᠰ ᠪᠣᠰᠬᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ ᠃ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠬᠥᠯᠥᠰᠦᠨ ᠠᠵᠢᠯ ᠬᠢᠬᠦ ᠬᠡᠪᠴᠢᠶ᠎ᠡ ᠪᠠ ᠬᠥᠯᠥᠰᠦᠨ ᠠᠵᠢᠯ ᠬᠢᠭᠰᠡᠨ ᠣᠷᠣᠯᠭ᠎ᠠ ᠶᠢ ᠲᠣᠭᠲᠠᠪᠤᠷᠢᠵᠢᠭᠤᠯᠵᠤ ᠂ ᠠᠵᠢᠯ ᠠᠯᠳᠠᠭᠰᠠᠨ ᠠᠴᠠ ᠪᠣᠯᠵᠤ ᠬᠡᠪᠴᠢᠶᠡᠵᠢᠯ ᠤᠨ ᠴᠢᠨᠠᠷᠲᠠᠢ ᠪᠠᠷ ᠲᠠᠭᠢᠨ ᠶᠠᠳᠠᠭᠤᠷᠠᠬᠤ ᠠᠴᠠ ᠰᠡᠷᠭᠡᠶᠢᠯᠡᠬᠦ ᠬᠡᠷᠡᠭᠲᠡᠢ ᠃ ᠨᠠᠰᠤ ᠠᠬᠢᠭᠰᠠᠨ ᠂ ᠵᠡᠮᠳᠡᠭ ᠪᠣᠯᠤᠭᠰᠠᠨ ᠂ ᠨᠡᠯᠢᠶᠡᠳ ᠣᠷᠳᠣ ᠬᠤᠭᠤᠴᠠᠭ᠎ᠠ ᠪᠠᠷ ᠠᠵᠢᠯ ᠠᠯᠳᠠᠭᠰᠠᠨ ᠵᠡᠷᠭᠡ ᠠᠵᠢᠯ ᠣᠯᠬᠤ ᠳᠤ ᠬᠦᠴᠢᠷᠲᠡᠢ ᠬᠥᠮᠥᠰ ᠢ ᠬᠠᠪᠰᠤᠷᠤᠨ ᠲᠡᠳᠬᠦᠬᠦ ᠪᠠᠨ ᠴᠢᠩᠭᠠᠳᠬᠠᠵᠤ ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ ᠂ ᠠᠵᠢᠯ ᠲᠠᠢ ᠬᠥᠮᠥᠨ ᠦᠭᠡᠢ ᠭᠡᠷ ᠪᠦᠯᠢ ᠶᠢ ᠦᠭᠡᠢ ᠪᠤᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠴᠡᠷᠢᠭ ᠤᠨ ᠠᠯᠪᠠᠨ ᠠᠴᠠ ᠪᠠᠭᠤᠭᠰᠠᠳ ᠂ ᠡᠮᠡᠭᠲᠡᠶᠢᠴᠦᠳ ᠵᠡᠷᠭᠡ ᠬᠥᠮᠥᠰ ᠲᠤ ᠠᠵᠢᠯ ᠣᠯᠭᠤᠬᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ ᠃      ᠰᠢ ᠶᠢᠨ ᠫᠢᠩ ᠂ ᠠᠵᠢᠯ ᠣᠯᠭᠤᠯᠲᠠ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ ᠃ ᠠᠵᠢᠯ ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠳᠦᠷᠢᠮ ᠢ ᠲᠡᠭᠦᠯᠳᠡᠷᠵᠢᠭᠦᠯᠵᠦ ᠂ ᠠᠵᠢᠯ ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ ᠃ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ ᠂ ᠦᠢᠯᠡᠰ ᠪᠣᠰᠬᠠᠬᠤ ᠦᠢᠯᠡᠴᠢᠯᠡᠭᠡ ᠶᠢ ᠰᠢᠯᠢᠳᠡᠭᠵᠢᠭᠦᠯᠦᠨ ᠂ ᠦᠢᠯᠡᠰ ᠪᠣᠰᠬᠠᠬᠤ ᠶᠠᠰᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ ᠃ ᠬᠥᠮᠥᠨ ᠤ ᠬᠦᠴᠦᠨ ᠤ ᠡᠬᠢ ᠪᠠᠶᠠᠯᠢᠭ ᠤᠨ ᠨᠢᠭᠡᠳᠦᠯᠲᠡᠢ ᠪᠥᠭᠡᠳ ᠵᠢᠷᠤᠮᠵᠢᠬᠰᠠᠨ ᠵᠠᠬ᠎ᠠ ᠳᠡᠯᠭᠡᠭᠦᠷ ᠤᠨ ᠰᠢᠰᠲ᠋ᠧᠮ ᠢ ᠲᠡᠭᠦᠯᠳᠡᠷᠵᠢᠭᠦᠯᠵᠦ ᠂ ᠡᠷᠬᠡ ᠲᠡᠭᠰᠢ ᠪᠠᠷ ᠠᠵᠢᠯ ᠣᠯᠭᠤᠬᠤ ᠣᠷᠴᠢᠨ ᠨᠥᠬᠦᠴᠡᠯ ᠢ ᠪᠤᠢ ᠪᠤᠯᠭᠠᠵᠤ ᠂ ᠬᠥᠮᠥᠨ ᠪᠦᠭᠦᠨ ᠢ ᠴᠥᠮ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠢᠶᠠᠨ ᠳᠠᠮᠵᠢᠨ ᠲᠤᠰ ᠪᠡᠶ᠎ᠡ ᠶᠢᠨ ᠬᠥᠭᠵᠢᠯᠲᠡ ᠪᠠᠨ ᠪᠡᠶᠡᠯᠡᠭᠦᠯᠬᠦ ᠲᠣᠭᠢᠶᠠᠯ ᠲᠠᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃      ᠰᠢ ᠶᠢᠨ ᠫᠢᠩ ᠂ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ ᠃ ᠭᠦᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠲᠡᠭᠦᠯᠳᠡᠷᠵᠢᠭᠦᠯᠵᠦ ᠂ ᠰᠢᠨ᠎ᠡ ᠭᠡᠯᠪᠡᠷᠢ ᠶᠢᠨ ᠠᠵᠢᠯ ᠣᠯᠭᠤᠯᠲᠠ ᠶᠢᠨ ᠭᠦᠳᠡᠯᠮᠦᠷᠢ ᠶᠢᠨ ᠰᠠᠭᠤᠷᠢ ᠪᠠᠷᠢᠮᠵᠢᠶ᠎ᠠ ᠶᠢ ᠵᠢᠷᠤᠮᠵᠢᠭᠤᠯᠤᠨ ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ ᠃ ᠠᠮᠢᠳᠤᠯᠢᠭ ᠠᠵᠢᠯ ᠣᠯᠭᠤᠯᠲᠠ ᠪᠠ ᠰᠢᠨ᠎ᠡ ᠭᠡᠯᠪᠡᠷᠢ ᠶᠢᠨ ᠠᠵᠢᠯ ᠣᠯᠭᠤᠯᠲᠠ ᠶᠢᠨ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ ᠂ ᠠᠵᠢᠯ ᠤᠨ ᠭᠡᠮᠲᠦᠯ ᠤᠨ ᠪᠠᠲᠤᠯᠠᠭ᠎ᠠ ᠶᠢᠨ ᠲᠤᠷᠰᠢᠯᠲᠠ ᠶᠢᠨ ᠴᠡᠭ ᠢ ᠥᠷᠭᠡᠳᠬᠡᠨ ᠂ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠵᠦ ᠂ ᠳᠦᠷᠢᠮ ᠢ ᠪᠦᠷᠢᠯᠳᠦᠭᠦᠯᠬᠦ ᠬᠡᠷᠡᠭᠲᠡᠢ ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠭᠦᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ ᠂ ᠠᠵᠢᠯ ᠣᠯᠭᠤᠯᠲᠠ ᠶᠢᠨ ᠭᠠᠳᠠᠭᠤᠷᠴᠢᠯᠠᠯ ᠂ ᠴᠠᠯᠢᠩ ᠥᠷᠢᠲᠦᠬᠦ ᠳᠠᠭᠠᠳᠬᠠᠯ ᠥᠷᠢᠲᠦᠬᠦ ᠂ ᠬᠠᠤᠯᠢ ᠶᠢ ᠵᠥᠷᠢᠴᠡᠨ ᠠᠵᠢᠯᠲᠠᠨ ᠢ ᠬᠠᠰᠤᠬᠤ ᠵᠡᠷᠭᠡ ᠰᠠᠮᠠᠭᠤᠨ ᠦᠵᠡᠭᠳᠡᠯ ᠢ ᠪᠦᠲᠦᠮᠵᠢᠲᠡᠢ ᠵᠠᠰᠠᠬᠤ ᠬᠡᠷᠡᠭᠲᠡᠢ ᠭᠡᠵᠦ ᠴᠢᠬᠤᠯᠠᠴᠢᠯᠠᠪᠠ ᠃      ᠰᠢ ᠶᠢᠨ ᠫᠢᠩ ᠬᠠᠮᠤᠭ ᠤᠨ ᠰᠡᠭᠦᠯ ᠳᠤ ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠵᠢᠯ ᠣᠯᠭᠤᠯᠲᠠ ᠶᠢ ᠠᠷᠠᠳ ᠤᠨ ᠠᠮᠢᠳᠤᠷᠠᠯ ᠤᠨ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠵᠤ ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ ᠂ ᠳᠦᠷᠢᠮ ᠲᠣᠭᠲᠠᠴᠠ ᠪᠠᠨ ᠪᠦᠷᠢᠨᠰᠢᠭᠦᠯᠵᠦ ᠂ ᠠᠵᠢᠯ ᠤᠨ ᠬᠠᠮᠲᠤᠷᠠᠯ ᠬᠦᠴᠦᠨ ᠢᠶᠠᠨ ᠴᠢᠩᠭᠠᠳᠬᠠᠬᠤ ᠬᠡᠷᠡᠭᠲᠡᠢ ᠃ ᠳᠤᠮᠳᠠᠳᠤ ᠤᠯᠤᠰ ᠤᠨ ᠠᠵᠢᠯ ᠣᠯᠭᠤᠯᠲᠠ ᠶᠢᠨ ᠤᠨᠤᠯ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ ᠂ ᠮᠠᠨ ᠤ ᠤᠯᠤᠰ ᠤᠨ ᠠᠵᠢᠯ ᠣᠯᠭᠤᠯᠲᠠ ᠶᠢᠨ ᠬᠦᠷᠢᠶᠡᠨ ᠳᠠᠬᠢ ᠳᠡᠯᠡᠬᠡᠢ ᠳᠡᠭᠡᠷᠡᠬᠢ ᠦᠭᠡ ᠬᠡᠯᠡᠬᠦ ᠡᠷᠬᠡ ᠪᠠ ᠨᠥᠯᠥᠭᠡᠯᠡᠬᠦ ᠬᠦᠴᠦᠨ ᠢ ᠪᠦᠲᠦᠮᠵᠢᠲᠡᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号