ᠸᠠᠩ ᠯᠢ ᠰᠢᠶᠠ ᠪᠣᠳᠣᠯᠲᠠ ᠶᠢᠨ ᠴᠢᠳᠠᠪᠤᠷᠢ ᠶᠢᠨ ᠠᠵᠤ ᠠᠬᠤᠢ ᠶᠢᠨ ᠲᠤᠬᠠᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/8
     5 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠢᠨᠭᠡᠷ ᠰᠢᠨ᠎ᠡ ᠲᠣᠭᠤᠷᠢᠭ ᠲᠤ ᠬᠦᠷᠴᠦ᠂ ᠪᠣᠳᠣᠯᠲᠠ ᠶᠢᠨ ᠴᠢᠳᠠᠪᠤᠷᠢ ᠶᠢᠨ ᠠᠵᠤ ᠠᠬᠤᠢ ᠶᠢ ᠬᠥᠭᠵᠢᠭᠦᠯᠬᠦ ᠲᠤᠬᠠᠢ ᠪᠠᠶᠢᠴᠠᠭᠠᠨ ᠰᠣᠳᠣᠯᠣᠭᠰᠠᠨ ᠪᠥᠭᠡᠳ ᠲᠤᠬᠠᠢ ᠶᠢᠨ ᠲᠠᠯᠠᠪᠠᠢ ᠳᠤ ᠠᠯᠪᠠᠯᠠᠪᠠ᠃
1(172).jpg
     ᠸᠠᠩ ᠯᠢ ᠰᠢᠶᠠ ᠤᠷᠢᠳ ᠬᠤᠵᠢᠳ ᠬᠤᠲᠠ ᠶᠢᠨ ᠶᠡᠭᠡ ᠲᠠᠷᠢᠬᠢ᠂ ᠬᠤᠸᠠ ᠳ᠋ᠢᠶᠠᠨ ᠰᠢᠨ᠎ᠡ ᠡᠨᠧᠷᠭᠢ ᠶᠢᠨ ᠣᠶᠤᠨᠴᠢ ᠠᠵᠢᠯᠯᠠᠭᠠᠨ ᠤ ᠵᠢᠯᠣᠭᠤᠳᠬᠤ ᠲᠥᠪ᠂ ᠵᠡᠷᠭᠡᠴᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠪᠥᠷ ᠮᠣᠩᠭᠤᠯ ᠤᠨ ᠰᠢᠨ᠎ᠡ ᠬᠡᠯᠪᠡᠷᠢ ᠶᠢᠨ ᠪᠣᠳᠣᠯᠲᠠ ᠶᠢᠨ ᠴᠢᠳᠠᠪᠤᠷᠢ ᠶᠢᠨ ᠰᠠᠭᠤᠷᠢᠨ᠂ ᠳᠤᠮᠳᠠᠳᠤ ᠤᠯᠤᠰ ᠤᠨ ᠰᠢᠯᠵᠢᠭᠡ ᠬᠤᠯᠪᠣᠭ᠎ᠠ ᠶᠢᠨ ᠬᠥᠬᠡᠬᠤᠲᠠ ᠳᠠᠬᠢ ᠲᠤᠭ᠎ᠠ ᠪᠠᠷᠢᠮᠲᠠ ᠶᠢᠨ ᠲᠥᠪ ᠪᠣᠯᠣᠨ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠲᠤᠭ᠎ᠠ ᠪᠠᠷᠢᠮᠲᠠ ᠶᠢᠨ ᠲᠥᠪ ᠤᠨ ᠭᠤᠷᠪᠠᠳᠤᠭᠠᠷ ᠬᠡᠰᠡᠭ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠬᠤᠢ ᠲᠠᠯᠠᠪᠠᠢ ᠳᠤ ᠬᠦᠷᠴᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠪᠣᠯᠣᠨ ᠦᠢᠯᠡᠴᠢᠯᠡᠭᠡᠨ ᠤ ᠪᠠᠲᠤᠯᠠᠭ᠎ᠠ ᠵᠡᠷᠭᠡ ᠪᠠᠶᠢᠳᠠᠯ ᠢ ᠨᠠᠷᠢᠯᠢᠭ ᠣᠶᠢᠯᠠᠭᠠᠪᠠ᠃ ᠲᠡᠷᠡ᠂ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ︽ᠰᠢᠨ᠎ᠡ ᠪᠠᠶᠢᠳᠠᠯ︾ ᠢ ᠪᠣᠢ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠬᠤᠲᠠ ᠶᠢᠨ ᠴᠢᠳᠠᠪᠬᠢ ᠶᠢ ᠲᠡᠭᠦᠯᠳᠡᠷᠵᠢᠭᠦᠯᠵᠦ᠂ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ ᠥᠩ ᠰᠢᠮᠡᠯᠢᠭ ᠬᠥᠷᠥᠰᠥ ᠰᠢᠷᠣᠢ ᠶᠢ ᠪᠣᠢ ᠪᠣᠯᠭᠠᠬᠤ ᠬᠡᠷᠡᠭᠲᠡᠢ ᠭᠡᠵᠦ  ᠴᠢᠬᠤᠯᠠᠴᠢᠯᠠᠪᠠ᠃
     ᠳᠠᠷᠠᠭ᠎ᠠ ᠨᠢ᠂ ᠸᠠᠩ ᠯᠢ ᠰᠢᠶᠠ ᠲᠤᠬᠠᠢ ᠶᠢᠨ ᠲᠠᠯᠠᠪᠠᠢ ᠳᠤ ᠬᠤᠯᠪᠣᠭᠳᠠᠯ ᠪᠦᠬᠦᠢ ᠠᠶᠢᠮᠠᠭ ᠬᠤᠲᠠ᠂ ᠰᠠᠯᠠᠭ᠎ᠠ ᠮᠥᠴᠢᠷ ᠤᠨ ᠬᠢᠨ ᠲᠠᠢ ᠬᠠᠮᠲᠤ ᠪᠠᠷ ᠠᠰᠠᠭᠤᠳᠠᠯ ᠢ ᠵᠠᠳᠠᠯᠵᠤ᠂ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠠᠷᠭ᠎ᠠ ᠬᠡᠮᠵᠢᠶ᠎ᠡ ᠶᠢ ᠰᠤᠳᠤᠯᠪᠠ᠃ ᠲᠡᠷᠡ᠂ ᠥᠪᠥᠷ ᠮᠣᠩᠭᠤᠯ ᠤᠯᠤᠰ ᠤᠨ ᠨᠠᠢᠮᠠᠨ ᠶᠡᠭᠡ ᠪᠣᠳᠣᠯᠲᠠ ᠶᠢᠨ ᠴᠢᠳᠠᠪᠤᠷᠢ ᠶᠢᠨ ᠬᠦᠢᠰᠦ ᠵᠠᠩᠭᠢᠯᠠᠭ᠎ᠠ ᠶᠢᠨ ᠨᠢᠭᠡ ᠨᠢ ᠪᠣᠯᠣᠭᠰᠠᠨ ᠤ ᠬᠤᠪᠢ ᠳᠤ᠂ ᠡᠷᠬᠡᠪᠰᠢ ︽ᠠᠵᠠ ᠲᠣᠬᠢᠶᠠᠯ︾ ᠢ ᠦᠨᠡᠨ ᠬᠦ ᠠᠵᠠ ᠲᠣᠬᠢᠶᠠᠯ ᠪᠣᠯᠭᠠᠵᠤ᠂ ︽ᠳᠠᠪᠠᠭᠤᠯᠢᠭ︾ ᠢ ᠦᠨᠡᠨ ᠬᠦ ᠳᠠᠪᠠᠭᠤᠯᠢᠭ ᠲᠠᠯ᠎ᠠ ᠪᠣᠯᠭᠠᠵᠤ᠂ ᠬᠤᠯᠪᠣᠭᠳᠠᠯ ᠪᠦᠬᠦᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠳᠠᠷᠤᠶᠢᠬᠠᠨ ᠲᠣᠭᠲᠠᠭᠠᠵᠤ᠂ ᠨᠡᠶᠢᠲᠡᠯᠡᠭᠰᠡᠨ ᠲᠥᠷᠥ ᠶᠢᠨ ᠪᠣᠳᠣᠯᠭ᠎ᠠ ᠨᠢ ᠦᠷᠭᠦᠯᠵᠢᠯᠡᠵᠦ ᠪᠣᠯᠬᠤ᠂ ᠨᠠᠶᠢᠳᠠᠪᠤᠷᠢᠵᠢᠭᠤᠯᠵᠤ ᠳᠡᠶᠢᠯᠬᠦ ᠪᠠᠶᠢᠵᠤ᠂ ᠣᠷᠣᠨ ᠳᠠᠶᠠᠭᠠᠷ ᠤᠨ ᠬᠦᠴᠦᠨ ᠢ ᠳᠠᠶᠢᠴᠢᠯᠠᠨ ᠪᠣᠳᠣᠯᠲᠠ ᠶᠢᠨ ᠴᠢᠳᠠᠪᠤᠷᠢ ᠶᠢᠨ ᠠᠵᠤ ᠠᠬᠤᠢ ᠶᠢ ᠬᠥᠭᠵᠢᠭᠦᠯᠬᠦ ᠬᠡᠷᠡᠭᠲᠡᠢ᠃ ᠪᠥᠬᠦ ᠠᠵᠤ ᠦᠢᠯᠡᠰ ᠤᠨ ᠬᠡᠯᠬᠢᠶ᠎ᠡ ᠶᠢᠨ ᠰᠡᠳᠬᠢᠬᠦᠢ ᠶᠢ ᠪᠠᠷᠢᠮᠲᠠᠯᠠᠨ᠂ ᠳᠡᠭᠡᠷ᠎ᠡ ᠬᠡᠯᠬᠢᠶ᠎ᠡ ᠶᠢᠨ ᠬᠠᠲᠠᠭᠤ ᠲᠣᠨᠤᠭ ᠢ ᠰᠤᠳᠤᠯᠤᠨ ᠨᠡᠭᠡᠭᠡᠬᠦ᠂ ᠵᠥᠭᠡᠯᠡᠨ ᠲᠣᠨᠤᠭ ᠢ ᠵᠢᠷᠤᠭᠯᠠᠨ ᠲᠥᠯᠥᠪᠯᠡᠬᠦ ᠪᠠ ᠳᠣᠣᠷ᠎ᠠ ᠬᠡᠯᠬᠢᠶ᠎ᠡ ᠶᠢᠨ ᠠᠵᠢᠯᠯᠠᠭᠠᠨ ᠢ ᠬᠠᠮᠠᠭᠠᠯᠠᠬᠤ ᠦᠢᠯᠡᠴᠢᠯᠡᠭᠡ᠂ ᠲᠤᠭ᠎ᠠ ᠪᠠᠷᠢᠮᠲᠠ ᠶᠢᠨ ᠬᠡᠷᠡᠭᠯᠡᠭᠡᠨ ᠢ ᠵᠡᠷᠭᠡ ᠪᠠᠷ ᠬᠦᠴᠦᠯᠡᠬᠦ ᠶᠢ ᠪᠠᠷᠢᠮᠲᠠᠯᠠᠬᠤ ᠬᠡᠷᠡᠭᠲᠡᠢ᠃ ᠴᠠᠬᠢᠯᠭᠠᠨ ᠬᠦᠴᠦᠨ ᠤ ᠪᠠᠲᠤᠯᠠᠭ᠎ᠠ ᠶᠢ ᠴᠢᠩᠭᠠᠳᠬᠠᠨ᠂ ᠪᠣᠬᠢᠷᠲᠤᠯ ᠦᠭᠡᠢ ᠴᠠᠬᠢᠯᠭᠠᠨ ᠤ ᠡᠵᠡᠯᠡᠬᠦ ᠬᠠᠷᠢᠴᠠᠯ ᠢ ᠳᠡᠭᠡᠭᠰᠢᠯᠡᠭᠦᠯᠵᠦ᠂ ᠠᠯᠤᠰ ᠬᠡᠳᠦ ᠠᠴᠠ ᠡᠭᠦᠰᠴᠦ ᠨᠡᠩ ᠶᠡᠭᠡ ᠬᠡᠪᠴᠢᠶᠡᠨ ᠤ ᠪᠣᠳᠣᠯᠲᠠ ᠶᠢᠨ ᠴᠢᠳᠠᠪᠤᠷᠢ ᠪᠠᠷ ᠭᠠᠷᠳᠠᠴᠠ ᠪᠣᠯᠭᠠᠵᠤ ᠪᠡᠭᠡᠵᠢᠩ ᠲᠢᠶᠠᠨᠵᠢᠨ ᠾᠧᠪᠧᠢ ᠳᠤ ᠦᠢᠯᠡᠴᠢᠯᠡᠬᠦ ᠳᠤ ᠠᠭᠤᠰᠤᠯᠴᠠᠵᠤ᠂ ᠰᠠᠨᠠᠭᠠᠴᠢᠯᠠᠭ᠎ᠠ ᠠᠴᠠ ᠪᠠᠨ ᠬᠡᠷᠡᠭᠴᠡᠭᠡ ᠳᠤ ᠵᠣᠯᠭᠠᠯᠴᠠᠵᠤ᠂ ᠰᠦᠯᠵᠢᠶᠡᠨ ᠤ ᠬᠤᠷᠳᠤᠴᠠ ᠶᠢ ᠳᠡᠭᠡᠭᠰᠢᠯᠡᠭᠦᠯᠵᠦ᠂ ᠴᠠᠭ ᠢ ᠪᠣᠭᠤᠨᠢᠰᠬᠠᠵᠤ᠂ ᠪᠣᠬᠢᠷᠲᠤᠯ ᠦᠭᠡᠢ ᠪᠣᠳᠣᠯᠲᠠ ᠶᠢᠨ ᠴᠢᠳᠠᠪᠤᠷᠢ ᠶᠢ ︽ᠪᠡᠭᠡᠵᠢᠩ ᠳᠤ ᠣᠷᠣᠭᠤᠯᠬᠤ︾ ᠶᠢ ᠠᠬᠢᠭᠤᠯᠬᠤ ᠬᠡᠷᠡᠭᠲᠡᠢ᠃ ᠲᠠᠪᠤᠨ ᠶᠡᠭᠡ ᠡᠭᠦᠷᠭᠡ᠂ ︽ᠵᠢᠷᠭᠤᠭᠠᠨ ᠢᠨᠵᠧᠨᠧᠷᠢᠩ︾ ᠵᠡᠷᠭᠡ ᠲᠠᠢ ᠴᠢᠩᠭ᠎ᠠ ᠤᠶᠠᠯᠳᠤᠭᠤᠯᠵᠤ ᠬᠡᠷᠡᠭᠯᠡᠭᠡᠨ ᠤ ᠪᠠᠶᠢᠳᠠᠯ ᠢ ᠥᠷᠭᠡᠳᠬᠡᠵᠦ᠂ ᠵᠣᠬᠢᠶᠠᠮᠠᠯ ᠣᠶᠣᠨ ᠴᠢᠳᠠᠪᠤᠷᠢ᠂ ᠲᠣᠮᠣ ᠵᠠᠭᠪᠤᠷ ᠢ ᠪᠣᠳᠠᠲᠤ ᠴᠣᠭᠴᠠ ᠶᠢᠨ ᠠᠵᠤ ᠠᠬᠤᠢ ᠲᠠᠢ ᠤᠶᠠᠯᠳᠤᠭᠤᠯᠵᠤ᠂ ᠪᠣᠳᠣᠯᠲᠠ ᠶᠢᠨ ᠴᠢᠳᠠᠪᠤᠷᠢ ᠶᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠰᠢᠨ᠎ᠡ ᠶᠢ ᠡᠭᠦᠳᠬᠦ ᠴᠢᠳᠠᠪᠤᠷᠢ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠶᠡᠭᠡ ᠳᠡᠭᠡᠳᠦ ᠰᠤᠷᠭᠠᠭᠤᠯᠢ᠂ ᠬᠦᠷᠢᠶᠡᠯᠡᠩ ᠭᠠᠵᠠᠷ᠂ ᠠᠵᠤ ᠠᠬᠤᠶᠢᠯᠠᠯ ᠤᠨ ᠪᠣᠳᠣᠯᠲᠠ ᠶᠢᠨ ᠴᠢᠳᠠᠪᠤᠷᠢ ᠶᠢᠨ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠰᠤᠳᠤᠯᠤᠨ ᠨᠡᠭᠡᠭᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠵᠦ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ᠃ ᠣᠷᠣᠨ ᠳᠠᠶᠠᠭᠠᠷ ᠨᠢᠭᠡ ᠬᠥᠯᠭᠡ ᠰᠢᠲᠠᠷ᠎ᠠ ᠮᠡᠲᠦ ᠪᠠᠶᠢᠬᠤ ᠶᠢ ᠪᠠᠷᠢᠮᠲᠠᠯᠠᠨ᠂ ᠰᠢᠰᠲ᠋ᠧᠮᠲᠦ ᠰᠡᠳᠬᠢᠬᠦᠢ ᠪᠠᠨ ᠴᠢᠩᠭᠠᠳᠬᠠᠵᠤ᠂ ᠪᠠᠶᠢᠷᠢᠰᠢᠯ ᠢ ᠨᠢ ᠰᠢᠯᠢᠳᠡᠭᠵᠢᠭᠦᠯᠦᠨ᠂ ᠬᠦᠷᠢᠶᠡᠯᠡᠩ ᠲᠣᠭᠤᠷᠢᠭ ᠢ ᠰᠠᠶᠢᠲᠤᠷ ᠪᠠᠶᠢᠭᠤᠯᠵᠤ᠂ ᠠᠵᠤ ᠠᠬᠤᠶᠢᠯᠠᠯ ᠢ ᠤᠷᠢᠨ ᠠᠪᠴᠢᠷᠠᠵᠤ᠂ ᠪᠣᠳᠣᠯᠲᠠ ᠶᠢᠨ ᠴᠢᠳᠠᠪᠤᠷᠢ ᠶᠢᠨ ᠠᠵᠤ ᠠᠬᠤᠢ ᠶᠢ ᠴᠢᠨᠠᠷ ᠰᠠᠶᠢᠲᠠᠢ ᠬᠥᠭᠵᠢᠭᠦᠯᠬᠦ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
      ᠪᠠᠢ ᠴᠢᠩ ᠶᠤᠸᠠᠨ ᠠᠵᠢᠯᠯᠠᠭ᠎ᠠ  ᠳᠤ ᠣᠷᠣᠯᠴᠠᠵᠠᠢ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号