ᠡᠷᠢᠶᠡᠨ ᠬᠤᠲᠠ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠨᠠᠶᠢᠳᠠᠵᠤ ᠳᠣᠭᠢᠷᠠᠭᠤᠯᠤᠨ ᠬᠦᠷᠭᠡᠬᠦ ᠬᠡᠯᠡᠯᠴᠡᠭᠡᠷ ᠤᠨ ᠬᠢᠨᠠᠨ ᠬᠠᠷᠭᠤᠭᠤᠯᠬᠤ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/6/11
ᠡᠯ᠎ᠡ ᠬᠤᠯᠪᠣᠭᠳᠠᠯ ᠪᠥᠬᠦᠶ ᠦᠢᠯᠡᠳᠪᠦᠷᠢᠯᠡᠯ ᠤᠨ ᠠᠵᠤ ᠠᠬᠤᠶᠢᠯᠠᠯ᠂ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠳᠤ᠄  ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ ︿ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠪᠦᠲᠦᠭᠡᠬᠦ﹀ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ﹇ 2024﹈ 3 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠂ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠢ ᠳᠥᠭᠦᠮᠴᠢᠯᠡᠨ᠂ ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠬᠢᠨᠠᠨ ᠬᠠᠷᠭᠤᠭᠤᠯᠬᠤ ᠴᠠᠭ ᠢ ᠪᠣᠭᠤᠨᠢᠰᠬᠠᠵᠤ᠂ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠬᠦᠴᠦᠨ ᠲᠠᠢ ᠬᠤᠭᠤᠴᠠᠭ᠎ᠠ ᠶᠢ ᠳᠡᠭᠡᠭᠰᠢᠯᠡᠭᠦᠯᠬᠦ ᠶᠢᠨ ᠲᠤᠰᠠᠳᠠ᠂ ᠡᠳᠦᠭᠡ ᠨᠠᠶᠢᠳᠠᠵᠤ ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠬᠢᠨᠠᠨ ᠬᠠᠷᠭᠤᠭᠤᠯᠬᠤ ᠴᠤᠪᠤᠷᠠᠯ ᠢ ᠰᠢᠯᠢᠳᠡᠭᠵᠢᠭᠦᠯᠬᠦ ᠲᠤᠬᠠᠶ ᠳᠣᠤᠷᠠᠬᠢ ᠮᠡᠲᠦ ᠮᠡᠳᠡᠭᠳᠡᠪᠡ᠄  ᠨᠢᠭᠡ᠂ ᠲᠣᠬᠢᠷᠠᠭᠤᠯᠤᠨ ᠬᠦᠷᠭᠡᠬᠦ ᠬᠡᠯᠡᠯᠴᠡᠭᠡᠷ ᠤᠨ ᠬᠢᠨᠠᠨ ᠬᠠᠷᠭᠤᠭᠤᠯᠬᠤ ᠮᠠᠲ᠋ᠧᠷᠢᠶᠠᠯ ᠢ ᠬᠦᠴᠦᠨ ᠥᠬᠡᠶ ᠪᠣᠯᠭᠠᠨ᠎ᠠ᠃ ᠦᠢᠯᠡᠳᠪᠦᠷᠢᠯᠡᠯ ᠤᠨ ᠠᠵᠤ ᠠᠬᠤᠶᠢᠯᠠᠯ ᠬᠢᠭᠡᠳ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠰᠢᠰᠲ᠋ᠧᠮ ᠤᠨ ᠳᠣᠲᠣᠷ᠎ᠠ ᠲᠣᠬᠢᠷᠠᠭᠤᠯᠤᠨ ᠬᠦᠷᠭᠡᠬᠦ ᠬᠠᠷᠢᠴᠠᠭ᠎ᠠ ᠪᠠᠶᠢᠭᠤᠯᠳᠠᠭ ᠯᠠ ᠶᠤᠮ ᠪᠣᠯ᠂ ᠬᠤᠶᠠᠷ ᠲᠠᠯ᠎ᠠ ᠪᠠᠷ ᠢᠶᠠᠨ ᠨᠢᠭᠡᠨᠲᠡ ᠲᠣᠬᠢᠷᠠᠭᠤᠯᠤᠨ ᠬᠦᠷᠭᠡᠬᠦ ᠶᠢ ᠨᠠᠶᠢᠳᠠᠭᠰᠠᠨ ᠢ ᠪᠡᠶᠡᠯᠡᠭᠦᠯᠵᠦ᠂ ᠬᠤᠶᠠᠷ ᠲᠠᠯ᠎ᠠ ᠪᠠᠷ ᠢᠶᠠᠨ ᠡᠷᠬᠡᠪᠰᠢ ᠲᠣᠬᠢᠷᠠᠭᠤᠯᠤᠨ ᠬᠦᠷᠭᠡᠬᠦ ᠡᠭᠦᠷᠭᠡ ᠪᠠ ᠠᠮᠠᠯᠠᠯᠲᠠ ᠪᠠᠨ ᠤᠬᠠᠮᠰᠠᠷ ᠠᠴᠠ ᠪᠠᠨ ᠭᠦᠢᠴᠡᠳᠬᠡᠬᠦ ᠬᠡᠷᠡᠭᠲᠡᠶ᠃ 2024 ᠣᠨ ᠤ 6 ᠳ᠋ᠤᠭᠠᠷ ᠰᠠᠷ᠎ᠠ ᠶᠢᠨ 11 ᠤ ᠡᠳᠦᠷ ᠠᠴᠠ ᠡᠬᠢᠯᠡᠨ᠂ ᠦᠢᠯᠡᠳᠪᠦᠷᠢᠯᠡᠯ ᠤᠨ ᠠᠵᠤ ᠠᠬᠤᠶᠢᠯᠠᠯ ᠬᠢᠭᠡᠳ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠲᠥᠪᠯᠡᠷᠡᠭᠦᠯᠦᠨ ᠬᠤᠳᠠᠯᠳᠤᠨ ᠠᠪᠬᠤ ᠬᠠᠮᠢᠶᠠᠷᠤᠯᠲᠠ ᠶᠢᠨ ᠰᠢᠰᠲ᠋ᠧᠮ ᠢᠶᠠᠷ ᠡᠷᠢᠶᠡᠨ ᠬᠤᠲᠠ ᠶᠢᠨ ᠭᠠᠵᠠᠷ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠪᠠᠶᠢᠭᠤᠯᠤᠭᠰᠠᠨ ︵ᠬᠦᠴᠦᠨ ᠥᠬᠡᠶ ᠪᠣᠯᠭᠠᠭᠰᠠᠨ︶ ᠪᠣᠯ᠂ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠨᠠᠶᠢᠳᠠᠯᠭ᠎ᠠ ᠶᠢᠨ ᠬᠡᠯᠡᠯᠴᠡᠭᠡᠷ ︵ᠬᠦᠴᠦᠨ ᠥᠬᠡᠶ ᠪᠣᠯᠭᠠᠭᠰᠠᠨ︶ ᠤᠨ ᠪᠢᠴᠢᠭ ᠤᠨ ᠪᠠ ᠡᠯᠧᠺᠲᠷᠣᠨ ᠬᠡᠪᠯᠡᠯ ᠤᠨ ᠮᠠᠲ᠋ᠧᠷᠢᠶᠠᠯ ᠢ ᠳᠠᠭᠢᠵᠤ ᠬᠤᠷᠢᠶᠠᠬᠤ ᠥᠬᠡᠶ᠂ 3 ᠠᠵᠢᠯᠯᠠᠬᠤ ᠡᠳᠦᠷ ᠤᠨ ᠳᠣᠲᠣᠷ᠎ᠠ ᠰᠢᠰᠲ᠋ᠧᠮ ᠤᠨ ᠬᠢᠨᠠᠨ ᠬᠠᠷᠭᠤᠭᠤᠯᠬᠤ ᠶᠢ ᠪᠡᠶᠡᠯᠡᠭᠦᠯᠵᠦ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠥᠬᠡᠶ᠃  ᠬᠤᠶᠠᠷ᠂ ᠲᠣᠬᠢᠷᠠᠭᠤᠯᠤᠨ ᠬᠦᠷᠭᠡᠬᠦ ᠬᠠᠷᠢᠴᠠᠭ᠎ᠠ ᠶᠢᠨ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠥᠪᠡᠰᠦᠪᠡᠨ ᠪᠠᠶᠢᠴᠠᠭᠠᠨ ᠦᠵᠡᠭᠡᠷᠡᠢ᠃ ᠦᠢᠯᠡᠳᠪᠦᠷᠢᠯᠡᠬᠦ ᠠᠵᠤ ᠠᠬᠤᠶᠢᠯᠠᠯ ᠬᠢᠭᠡᠳ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠳᠠᠭᠠᠭᠠᠴᠢᠯᠠᠯᠲᠠ ᠵᠠᠷᠯᠠᠨ ᠲᠥᠪᠯᠡᠷᠡᠭᠦᠯᠦᠨ ᠬᠤᠳᠠᠯᠳᠤᠨ ᠠᠪᠬᠤ ᠬᠤᠪᠢᠶᠠᠷᠢ ᠰᠢᠰᠲ᠋ᠧᠮ ᠢᠶᠠᠷ ᠳᠠᠮᠵᠢᠭᠤᠯᠤᠨ ᠲᠣᠬᠢᠷᠠᠭᠤᠯᠤᠨ ᠬᠦᠷᠭᠡᠬᠦ ᠬᠠᠷᠢᠴᠠᠭ᠎ᠠ ᠶᠢ  ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠥᠪᠡᠰᠦᠪᠡᠨ ᠪᠠᠶᠢᠴᠠᠭᠠᠨ ᠦᠵᠡᠵᠦ ᠪᠣᠯᠤᠨ᠎ᠠ᠃  ᠭᠤᠷᠪᠠ᠂ ᠳᠠᠩᠰᠠᠨ ᠡᠷᠦᠬᠡ ᠶᠢᠨ ᠨᠢᠭᠤᠴᠠ ᠺᠣᠳ᠋ ᠢ ᠬᠠᠳᠠᠭᠠᠯᠠᠬᠤ ᠶᠠᠪᠤᠳᠠᠯ ᠢ ᠴᠢᠩᠭᠠᠳᠬᠠᠬᠤ ᠬᠡᠷᠡᠭᠲᠡᠶ᠃ ᠦᠢᠯᠡᠳᠪᠦᠷᠢᠯᠡᠯ ᠤᠨ ᠠᠵᠤ ᠠᠬᠤᠶᠢᠯᠠᠯ ᠬᠢᠭᠡᠳ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠳ ᠲᠣᠰ ᠠᠵᠤ ᠠᠬᠤᠶᠢᠯᠠᠯ ᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠲᠥᠪᠯᠡᠷᠡᠭᠦᠯᠦᠨ ᠬᠤᠳᠠᠯᠳᠤᠨ ᠠᠪᠬᠤ ᠬᠠᠮᠢᠶᠠᠷᠤᠯᠲᠠ ᠶᠢᠨ ᠰᠢᠰᠲ᠋ᠧᠮ ᠤᠨ ᠬᠡᠷᠡᠭᠯᠡᠭᠴᠢ ᠶᠢᠨ ᠨᠡᠷ᠎ᠡ ᠨᠢᠭᠤᠴᠠ ᠺᠣᠳ᠋ ᠢ ᠴᠢᠩᠭ᠎ᠠ ᠬᠠᠮᠢᠶᠠᠷᠴᠤ᠂ ᠲᠤᠰᠬᠠᠶ ᠬᠥᠮᠦᠨ ᠲᠣᠭᠲᠠᠭᠠᠨ ᠬᠠᠷᠢᠭᠤᠴᠠᠭᠤᠯᠵᠤ᠂ ᠬᠡᠷᠡᠭᠯᠡᠭᠴᠢ ᠶᠢᠨ ᠨᠡᠷ᠎ᠡ ᠨᠢᠭᠤᠴᠠ ᠺᠣᠳ᠋ ᠢ ᠵᠠᠳᠠᠷᠠᠭᠤᠯᠤᠭᠰᠠᠨ ᠠᠴᠠ ᠪᠣᠯᠣᠭᠰᠠᠨ ᠠᠰᠠᠭᠤᠳᠠᠯ ᠢ ᠠᠵᠤ ᠠᠬᠤᠶᠢᠯᠠᠯ ᠥᠪᠡᠰᠦᠪᠡᠨ ᠡᠭᠦᠷᠭᠡᠯᠡᠨ᠎ᠡ᠃  ᠢᠮᠧᠯ᠄ 18404877136@163.com  ᠬᠠᠷᠢᠯᠴᠠᠬᠤ ᠤᠲᠠᠰᠤ᠄ 0479 – 7523781    ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ  2024 ᠣᠨ ᠤ 6 ᠳ᠋ᠤᠭᠠᠷ ᠰᠠᠷ᠎ᠠ ᠶᠢᠨ 11 ᠤ ᠡᠳᠦᠷ 
 
ᠢᠷᠡᠯᠲᠡ᠄ ᠡᠷᠢᠶᠡᠨ ᠬᠤᠳᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号