ᠪᠤᠭᠤᠲᠤ ᠡᠮ ᠬᠤᠳᠠᠯᠳᠤᠨ ᠠᠪᠬᠤ ᠵᠠᠬᠢᠳᠠᠯ ﹇ 2024﹈ 7 ᠳ᠋ᠤᠭᠠᠷ ᠲᠣᠭᠠᠲᠤ | ᠡᠯ᠎ᠡ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠢᠯᠡᠳᠪᠦᠷᠢᠯᠡᠯ ᠡᠵᠡᠩᠨᠡᠯᠲᠡ ᠶᠢᠨ | ᠠᠵᠤ ᠠᠬᠤᠶᠢᠯᠠᠯ ᠳᠤ᠄ | ︽ᠪᠤᠭᠤᠲᠤ ᠬᠤᠲᠠ ᠶᠢᠨ 2024 ᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ | ᠮᠡᠳᠡᠭᠦᠯᠬᠦ ᠠᠵᠢᠯ ᠤᠨ ᠲᠤᠬᠠᠶ ᠮᠡᠳᠡᠭᠳᠡᠯ︾ ︵ᠪᠤᠭᠤᠲᠤ ᠡᠮ ᠬᠤᠳᠠᠯᠳᠤᠨ ᠠᠪᠬᠤ ᠲᠠᠷᠬᠠᠭᠠᠭᠰᠠᠨ ﹇2024﹈ 4 | ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠪᠤᠭᠤᠲᠤ ᠬᠤᠲᠠ ᠶᠢᠨ ᠡᠮ | ᠡᠮᠨᠡᠯᠭᠡ ᠬᠤᠳᠠᠯᠳᠤᠨ ᠠᠪᠬᠤ ᠦᠢᠯᠡᠴᠢᠯᠡᠭᠡᠨ ᠤ ᠲᠥᠪ 6 ᠳ᠋ᠤᠭᠠᠷ ᠰᠠᠷ᠎ᠠ ᠶᠢᠨ 3 ᠤ ᠡᠳᠦᠷ ᠠᠴᠠ 6 ᠳ᠋ᠤᠭᠠᠷ | ᠰᠠᠷ᠎ᠠ ᠶᠢᠨ 7 ᠤ ᠡᠳᠦᠷ ᠪᠣᠯᠲᠠᠯ᠎ᠠ ᠪᠥᠬᠦ ᠬᠤᠲᠠ ᠶᠢᠨ 2024 ᠣᠨ ᠤ ᠬᠤᠶᠠᠳᠤᠭᠠᠷ ᠤᠯᠠᠷᠢᠯ ᠤᠨ ᠡᠮ ᠤᠨ ᠵᠦᠢᠯ | ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ | ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ | ᠵᠠᠷᠯᠠᠨ ᠨᠡᠢᠲᠡᠯᠡᠵᠦ᠂ ᠡᠳᠦᠭᠡ ᠬᠤᠶᠠᠳᠤᠭᠠᠷ ᠤᠯᠠᠷᠢᠯ ᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠢ ᠬᠢᠨᠠᠨ ᠬᠠᠷᠭᠤᠭᠤᠯᠵᠤ ᠪᠠᠲᠤᠯᠠᠭᠰᠠᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ | ᠨᠡᠷᠡᠰ ᠵᠢᠴᠢ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠪᠡ᠄ | ᠨᠢᠭᠡ᠂ ᠪᠤᠭᠤᠲᠤ ᠬᠤᠲᠠ ᠶᠢᠨ 2024 ᠣᠨ ᠤ ᠬᠤᠶᠠᠳᠤᠭᠠᠷ ᠤᠯᠠᠷᠢᠯ ᠤᠨ ᠡᠮ ᠤᠨ ᠵᠦᠢᠯ ᠪᠠ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ | ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠵᠦ ᠬᠢᠨᠠᠨ ᠬᠠᠷᠭᠤᠭᠤᠯᠵᠤ ᠪᠠᠲᠤᠯᠠᠭᠰᠠᠨ ᠨᠡᠷᠡᠰ | ︵ᠳᠠᠭᠠᠯᠳᠤᠭᠤᠯᠤᠯ ᠳᠤ ᠦᠵᠡ︶᠃ | ᠬᠤᠶᠠᠷ᠂ ᠨᠡᠷᠡᠰ ᠲᠠᠬᠢ ᠠᠩᠬ᠎ᠠ ᠤᠳᠠᠭ᠎ᠠ ᠨᠡᠷ᠎ᠡ ᠮᠡᠳᠡᠭᠦᠯᠦᠭᠰᠡᠨ ᠠᠵᠤ ᠠᠬᠤᠶᠢᠯᠠᠯ ᠨᠢ ᠥᠪᠥᠷ | ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠦᠯᠵᠢᠶ᠎ᠡ ︵https: | //ylbzj.nmg.gov.cn/ggfw/hallEnter/#/Index ︶ ᠳᠤ ᠣᠷᠣᠵᠤ ᠳᠠᠩᠰᠠᠯᠠᠵᠤ᠂ | ᠢᠲᠡᠭᠡᠮᠵᠢ ᠶᠢᠨ ᠠᠮᠠᠯᠠᠯᠲᠠ ᠶᠢᠨ ᠪᠢᠴᠢᠭ ᠢᠶᠠᠨ ᠳᠠᠮᠵᠢᠭᠤᠯᠵᠤ ᠪᠠᠲᠤᠯᠠᠭᠰᠠᠨ ᠤ ᠳᠠᠷᠠᠭ᠎ᠠ᠂ ᠳᠠᠬᠢᠨ ᠳᠦᠷᠢ ᠶᠢᠨ | ᠭᠡᠷᠡᠴᠢᠯᠡᠯ ᠬᠢᠵᠦ᠂ ᠭᠡᠷᠡᠴᠢᠯᠡᠯ ᠢ ᠠᠮᠵᠢᠯᠲᠠ ᠣᠯᠤᠭᠰᠠᠨ ᠤ ᠳᠠᠷᠠᠭ᠎ᠠ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ | ᠠᠵᠤ ᠠᠬᠤᠶᠢᠯᠠᠯ ᠤᠨ ᠦᠢᠯᠡᠴᠢᠯᠡᠭᠡᠨ ᠤ ᠬᠡᠰᠡᠭ ᠲᠤ ᠣᠷᠣᠵᠤ᠂ ᠠᠵᠤ ᠠᠬᠤᠶᠢᠯᠠᠯ ᠤᠨ ᠦᠨᠳᠦᠰᠦᠨ ᠮᠡᠳᠡᠭᠡ | ᠵᠠᠩᠭᠢ ᠶᠢ ᠬᠠᠮᠠᠭᠠᠯᠠᠬᠤ ᠶᠢᠨ ᠬᠠᠮᠲᠤ ᠳᠡᠪᠰᠢᠭᠦᠯᠵᠦ᠂ ᠠᠵᠤ ᠠᠬᠤᠶᠢᠯᠠᠯ ᠤᠨ ᠮᠡᠳᠡᠭᠡ ᠵᠠᠩᠭᠢ ᠪᠠᠲᠤᠯᠠᠭᠰᠠᠨ ᠤ | ᠳᠠᠷᠠᠭ᠎ᠠ᠂ ᠪᠤᠭᠤᠲᠤ ᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠦᠢᠯᠡᠴᠢᠯᠡᠭᠡᠨ ᠤ ᠲᠥᠪ ᠠᠴᠠ ᠪᠤᠭᠤᠲᠤ ᠶᠢᠨ | ᠲᠣᠬᠢᠷᠠᠭᠤᠯᠤᠨ ᠬᠦᠷᠭᠡᠬᠦ ᠣᠷᠣᠨ ᠪᠦᠰᠡ ᠶᠢ ᠨᠡᠪᠲᠡᠷᠡᠭᠦᠯᠵᠦ᠂ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ | ᠦᠢᠯᠡᠳᠪᠦᠷᠢᠯᠡᠯ ᠤᠨ ᠠᠵᠤ ᠠᠬᠤᠶᠢᠯᠠᠯ ᠲᠠᠢ ᠬᠠᠷᠢᠯᠴᠠᠵᠤ ᠰᠢᠰᠲ᠋ᠧᠮ ᠤᠨ ᠳᠣᠲᠣᠷ᠎ᠠ ᠳᠣᠭᠢᠷᠠᠭᠤᠯᠤᠨ ᠬᠦᠷᠭᠡᠬᠦ | ᠬᠠᠷᠢᠴᠠᠭ᠎ᠠ ᠶᠢ ᠪᠠᠶᠢᠭᠤᠯᠬᠤ ᠶᠢᠨ ᠬᠠᠮᠲᠤ᠂ ᠱᠠᠭᠠᠷᠳᠠᠯᠭ᠎ᠠ ᠶᠣᠰᠣᠭᠠᠷ ᠳᠣᠭᠢᠷᠠᠭᠤᠯᠤᠨ ᠬᠦᠷᠭᠡᠬᠦ ᠨᠠᠶᠢᠳᠠᠯᠭ᠎ᠠ ᠶᠢᠨ | ᠬᠡᠯᠡᠯᠴᠡᠭᠡᠷ ᠢ ᠢᠮᠧᠯ btypcg@163.com ᠳᠤ ᠬᠦᠷᠭᠡᠵᠦ᠂ ᠬᠢᠨᠠᠨ ᠬᠠᠷᠭᠤᠭᠤᠯᠵᠤ ᠪᠠᠲᠤᠯᠠᠭᠰᠠᠨ ᠤ | ᠳᠠᠷᠠᠭ᠎ᠠ ᠰᠠᠶ᠋ᠢ ᠳᠣᠭᠢᠷᠠᠭᠤᠯᠤᠨ ᠬᠦᠷᠭᠡᠵᠦ ᠪᠣᠯᠤᠨ᠎ᠠ᠃ | ᠭᠤᠷᠪᠠ᠂ ᠪᠠᠲᠤᠯᠠᠭᠰᠠᠨ ᠨᠡᠷᠡᠰ ᠤᠨ ᠵᠢᠭᠰᠠᠭᠠᠯᠲᠠ ᠳᠤ ᠨᠢᠭᠡᠨᠲᠡ ᠪᠠᠶᠢᠭ᠎ᠠ ᠠᠵᠤ ᠠᠬᠤᠶᠢᠯᠠᠯ ᠨᠢ ᠪᠤᠭᠤᠲᠤ | ᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠦᠢᠯᠡᠴᠢᠯᠡᠭᠡᠨ ᠤ ᠲᠥᠪ ᠨᠢ ᠪᠤᠭᠤᠲᠤ ᠶᠢᠨ ᠳᠣᠭᠢᠷᠠᠭᠤᠯᠤᠨ | ᠬᠦᠷᠭᠡᠬᠦ ᠣᠷᠣᠨ ᠪᠦᠰᠡ ᠶᠢ ᠨᠢᠭᠡᠨᠲᠡ ᠨᠡᠪᠲᠡᠷᠡᠭᠦᠯᠵᠦ᠂ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ | ᠦᠢᠯᠡᠳᠪᠦᠷᠢᠯᠡᠯ ᠤᠨ ᠠᠵᠤ ᠠᠬᠤᠶᠢᠯᠠᠯ ᠲᠠᠢ ᠬᠠᠷᠢᠯᠴᠠᠵᠤ ᠰᠢᠰᠲ᠋ᠧᠮ ᠤᠨ ᠳᠣᠲᠣᠷ᠎ᠠ ᠳᠣᠭᠢᠷᠠᠭᠤᠯᠤᠨ ᠬᠦᠷᠭᠡᠬᠦ | ᠬᠠᠷᠢᠴᠠᠭ᠎ᠠ ᠶᠢ ᠪᠠᠶᠢᠭᠤᠯᠬᠤ ᠶᠢᠨ ᠬᠠᠮᠲᠤ᠂ ᠱᠠᠭᠠᠷᠳᠠᠯᠭ᠎ᠠ ᠶᠣᠰᠣᠭᠠᠷ ᠳᠣᠭᠢᠷᠠᠭᠤᠯᠤᠨ ᠬᠦᠷᠭᠡᠬᠦ ᠨᠠᠶᠢᠳᠠᠯᠭ᠎ᠠ ᠶᠢᠨ | ᠬᠡᠯᠡᠯᠴᠡᠭᠡᠷ ᠢ ᠢᠮᠧᠯ btypcg@163.com ᠳᠤ ᠬᠦᠷᠭᠡᠵᠦ᠂ ᠬᠢᠨᠠᠨ ᠬᠠᠷᠭᠤᠭᠤᠯᠵᠤ ᠪᠠᠲᠤᠯᠠᠭᠰᠠᠨ ᠤ | ᠳᠠᠷᠠᠭ᠎ᠠ ᠰᠠᠶ᠋ᠢ ᠳᠣᠭᠢᠷᠠᠭᠤᠯᠤᠨ ᠬᠦᠷᠭᠡᠵᠦ ᠪᠣᠯᠤᠨ᠎ᠠ᠃ | ᠳᠥᠷᠪᠡ᠂ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠢᠯᠡᠳᠪᠦᠷᠢᠯᠡᠯ | ᠡᠵᠡᠩᠨᠡᠯᠲᠡ ᠶᠢᠨ ᠠᠵᠤ ᠠᠬᠤᠶᠢᠯᠠᠯ ᠪᠤᠭᠤᠲᠤ ᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠦᠢᠯᠡᠴᠢᠯᠡᠭᠡᠨ ᠤ | ᠲᠥᠪ ᠤᠨ ᠣᠯᠠᠨ ᠨᠡᠶᠢᠲᠡ ᠶᠢᠨ ᠸᠢᠴᠠᠲ ᠳ᠋ᠤᠭᠠᠷ ᠢ ᠠᠩᠬᠠᠷᠪᠠᠯ᠂ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ | ᠮᠡᠳᠡᠭᠳᠡᠯ ᠵᠢᠴᠢ ᠰᠠᠷ᠎ᠠ ᠪᠦᠷᠢ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ | ᠲᠣᠬᠢᠷᠠᠭᠤᠯᠤᠨ ᠬᠦᠷᠭᠡᠬᠦ ᠬᠠᠷᠢᠴᠠᠭ᠎ᠠ ᠶᠢ ᠬᠢᠨᠠᠨ ᠬᠠᠷᠭᠤᠭᠤᠯᠤᠭᠰᠠᠨ ᠪᠠᠶᠢᠳᠠᠯ ᠢ ᠪᠠᠶᠢᠴᠠᠭᠠᠨ ᠯᠠᠪᠯᠠᠵᠤ ᠪᠣᠯᠤᠨ᠎ᠠ᠃ | ︵ᠬᠠᠷᠢᠯᠴᠠᠬᠤ ᠬᠥᠮᠦᠨ᠄ ᠵᠢᠶᠠ ᠷᠦᠩ ᠬᠠᠷᠢᠯᠴᠠᠬᠤ ᠤᠲᠠᠰᠤ᠄ 0472 — 6185845︶ | | ᠳᠠᠭᠠᠯᠳᠤᠭᠤᠯᠤᠯ᠄ ᠪᠤᠭᠤᠲᠤ ᠬᠤᠲᠠ ᠶᠢᠨ 2024 ᠣᠨ ᠤ ᠬᠤᠶᠠᠳᠤᠭᠠᠷ ᠤᠯᠠᠷᠢᠯ ᠤᠨ ᠡᠮ ᠤᠨ ᠵᠦᠢᠯ ᠪᠠ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ | ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠵᠦ ᠬᠢᠨᠠᠨ ᠬᠠᠷᠭᠤᠭᠤᠯᠵᠤ ᠪᠠᠲᠤᠯᠠᠭᠰᠠᠨ ᠨᠡᠷᠡᠰ | | ᠪᠤᠭᠤᠲᠤ ᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠦᠢᠯᠡᠴᠢᠯᠡᠭᠡᠨ ᠤ ᠲᠥᠪ | 2024 ᠣᠨ ᠤ 6 ᠳ᠋ᠤᠭᠠᠷ ᠰᠠᠷ᠎ᠠ ᠶᠢᠨ 11 ᠤ ᠡᠳᠦᠷ | |