2024 ᠣᠨ ᠤ ᠵᠢᠷᠭᠤᠳᠤᠭᠠᠷ ᠪᠦᠯᠦᠭ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠲᠥᠪᠯᠡᠷᠡᠭᠦᠯᠦᠨ ᠰᠦᠯᠵᠢᠶᠡᠨ ᠳᠤ ᠬᠤᠯᠪᠤᠬᠤ ᠦᠢᠯᠡᠳᠭᠦᠨ ᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/6/19
    ᠥᠪᠥᠷ ᠡᠮ ᠬᠤᠳᠠᠯᠳᠤᠨ ᠠᠪᠬᠤ ᠲᠥᠪ ᠦᠰᠦᠭ ﹇2024﹈ 132 ᠳ᠋ᠤᠭᠠᠷ ᠲᠣᠭᠠᠲᠤᠡᠯ᠎ᠡ ᠬᠠᠮᠢᠶ᠎ᠠ ᠪᠥᠬᠦᠶ ᠨᠢᠭᠡᠴᠢ᠄  ︽ᠡᠮ ᠤᠨ ᠵᠦᠢᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠤ ᠬᠤᠯᠪᠣᠬᠤ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ ﹇2024﹈ 40 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠳᠦᠭᠡ ᠢᠯᠡ ᠨᠡᠶᠢᠲᠡᠯᠡᠭᠡᠳ ᠣᠨᠳᠣᠤ ᠰᠠᠨᠠᠯ ᠥᠬᠡᠶ ᠦᠢᠯᠡᠳᠭᠦᠨ ᠢ ᠨᠡᠶᠢᠲᠡᠯᠡᠵᠦ᠂ ᠡᠯ᠎ᠡ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠨᠢ ᠥᠪᠥᠷ ᠮᠣᠩᠭᠤᠯ ᠤᠨ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ — ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠢᠲᠡ ᠶᠢᠨ ᠦᠢᠯᠡᠴᠢᠯᠡᠭᠡᠨ ᠤ ᠰᠢᠰᠲ᠋ᠧᠮ — ᠬᠥᠳᠡᠯᠦᠩᠭᠦᠶ ᠲᠣᠬᠢᠷᠠᠭᠤᠯᠤᠯᠲᠠ ᠬᠠᠮᠢᠶᠠᠷᠤᠯᠲᠠ ᠳᠤ ᠣᠷᠣᠵᠤ ᠦᠷ᠎ᠡ ᠳ᠋ᠦᠩ ᠢ ᠪᠠᠶᠢᠴᠠᠭᠠᠨ ᠦᠵᠡᠭᠡᠷᠡᠢ᠃  ᠦᠢᠯᠡᠳᠬᠦᠨ ᠢ ᠰᠦᠯᠵᠢᠶᠡᠨ ᠳᠤ ᠬᠤᠯᠪᠣᠭᠰᠠᠨ ᠤ ᠳᠠᠷᠠᠭ᠎ᠠ᠂ ᠦᠢᠯᠡᠳᠪᠦᠷᠢᠯᠡᠯ ᠤᠨ ᠠᠵᠤ ᠠᠬᠤᠶᠢᠯᠠᠯ ᠨᠢ ᠠᠶᠢᠮᠠᠭ ᠬᠤᠲᠠ ᠶᠢᠨ ᠰᠢᠯᠢᠨ ᠰᠣᠩᠭᠤᠭᠰᠠᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠳᠤ ᠨᠠᠶᠢᠳᠠᠵᠤ ᠳᠣᠭᠢᠷᠠᠭᠤᠯᠤᠨ ᠬᠦᠷᠭᠡᠬᠦ ᠪᠤᠶᠤ ᠥᠪᠡᠰᠦᠪᠡᠨ ᠵᠣᠬᠢᠶᠠᠨ ᠪᠠᠶᠢᠭᠤᠯᠵᠤ᠂ ᠡᠮᠴᠢᠯᠡᠭᠡᠨ ᠳᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠡᠮᠴᠢᠯᠡᠭᠡᠨ ᠤ ᠪᠠᠶᠢᠭᠤᠯᠤᠮᠵᠢ ᠨᠢ ᠠᠵᠤ ᠠᠬᠤᠶᠢᠯᠠᠯ ᠤᠨ ᠮᠡᠳᠡᠭᠦᠯᠦᠭᠰᠡᠨ ᠦᠨ᠎ᠡ ᠬᠠᠩᠰᠢ ᠪᠠᠷ ᠯᠠᠪᠯᠠᠯᠲᠠ ᠪᠣᠯᠭᠠᠨ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠳᠤ ᠵᠥᠪᠯᠡᠭᠰᠡᠨ ᠦᠨ᠎ᠡ ᠪᠠᠷ ᠬᠤᠳᠠᠯᠳᠤᠨ ᠠᠪᠤᠨ᠎ᠠ᠃ ᠦᠢᠯᠡᠳᠬᠦᠨ ᠬᠤᠳᠠᠯᠳᠤᠨ ᠠᠪᠬᠤ᠂ ᠲᠣᠬᠢᠷᠠᠭᠤᠯᠤᠨ ᠬᠦᠷᠭᠡᠬᠦ ᠵᠢᠴᠢ ᠳ᠋ᠦᠩᠨᠡᠨ ᠪᠣᠳᠣᠬᠤ ᠵᠡᠷᠭᠡ ᠶᠢ ᠥᠪᠡᠷᠲᠡᠭᠡᠨ ᠵᠠᠰᠠᠬᠤ ᠣᠷᠣᠨ ᠤ ᠡᠮ ᠤᠨ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ  2024 ᠣᠨ ᠤ 6 ᠳ᠋ᠤᠭᠠᠷ ᠰᠠᠷ᠎ᠠ ᠶᠢᠨ 19 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号