ᠪᠦᠬᠦ ᠤᠯᠤᠰ ᠤᠨ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ︵ᠨᠣᠶᠢᠷ ᠤᠨ ᠠᠷᠠᠯ ᠤᠨ ᠡᠳ᠋ ᠢ ᠲᠤᠰᠬᠠᠢ ᠵᠦᠢᠯ ᠢᠶᠠᠷ ᠦᠷᠭᠦᠯᠵᠢᠯᠡᠭᠦᠯᠬᠦ︶ ᠳᠤ ᠰᠣᠩᠭᠤᠭᠳᠠᠭᠰᠠᠨ ᠦᠷ᠎ᠡ ᠳ᠋ᠦᠩ ᠢ ᠬᠡᠷᠡᠭᠵᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/6/20
    ᠥᠪᠥᠷ ᠡᠮ ᠬᠤᠳᠠᠯᠳᠤᠨ ᠠᠪᠬᠤ ᠲᠥᠪ ᠦᠰᠦᠭ ﹇2024﹈ 133 ᠳ᠋ᠤᠭᠠᠷ ᠲᠣᠭᠠᠲᠤᠡᠯ᠎ᠡ ᠬᠠᠮᠢᠶ᠎ᠠ ᠪᠥᠬᠦᠶ ᠨᠢᠭᠡᠴᠢ᠄  ᠦᠪᠡᠷᠳᠡᠭᠡᠨ ᠵᠠᠰᠠᠬᠤ ᠣᠷᠣᠨ ᠤ ᠠᠵᠢᠯ ᠤᠨ ᠲᠣᠬᠢᠷᠡᠭᠤᠯᠥᠯᠳᠡ ᠪᠠ ᠬᠠᠮᠳᠣᠷᠡᠨ ᠬᠤᠳᠠᠯᠳᠣᠨ ᠠᠪᠬᠤ ᠠᠯᠪᠠᠨ ᠭᠡᠷ ᠤᠨ ᠨᠡᠶᠢᠳᠡᠯᠡᠭᠰᠡᠨ ᠪᠦᠬᠦ ᠣᠯᠥᠰ ᠤᠨ ᠡᠮ ᠤᠨ ᠵᠦᠢᠯ ᠢ ᠳᠥᠪᠯᠡᠷᠡᠬᠦᠯᠥᠨ ᠬᠤᠳᠠᠯᠳᠣᠨ ᠠᠪᠬᠤ ︵GY-YD2024 —1 ︶ ᠳᠤ ᠰᠣᠩᠭᠤᠭᠳᠠᠭᠰᠠᠨ ᠦᠷ᠎ᠠ ᠳ᠋ᠥᠡᠭ ᠢ ᠦᠨᠳᠣᠰᠣᠯᠡᠨ ᠂ ᠡᠳᠦᠭᠡ ᠪᠦᠬᠦ ᠣᠯᠥᠰ ᠤᠨ ᠡᠮ ᠤᠨ ᠵᠦᠢᠯ ᠢ ᠳᠥᠪᠯᠡᠷᠡᠬᠦᠯᠥᠨ ᠬᠤᠳᠠᠯᠳᠣᠨ ᠠᠪᠬᠤ ︵ᠨᠣᠶᠢᠷ ᠤᠨ ᠠᠷᠠᠯ ᠤᠨ ᠡᠳ᠋ ᠢ ᠲᠤᠰᠬᠠᠢ ᠵᠦᠢᠯ ᠢᠶᠠᠷ ᠦᠷᠭᠦᠯᠵᠢᠯᠡᠭᠦᠯᠬᠦ︶ ᠳᠤ ᠰᠣᠩᠭᠤᠭᠳᠠᠭᠰᠠᠨ ᠦᠷ᠎ᠠ ᠳ᠋ᠥᠡᠭ ᠢ ᠭᠡᠷᠡᠭᠵᠢᠬᠦᠯᠬᠦ ᠠᠵᠢᠯ ᠢ ᠰᠠᠶᠢᠳᠣᠷ ᠬᠢᠬᠦ ᠲᠣᠬᠠᠢ ᠲᠣᠣᠷᠡᠬᠢ ᠮᠡᠳᠣ ᠮᠡᠳᠡᠭᠳᠡᠶ᠎ᠡ᠄  ᠨᠢᠭᠡ ᠂ ᠬᠡᠷᠡᠭᠵᠢᠭᠦᠯᠬᠦ ᠬᠡᠪᠴᠢᠶ᠎ᠡ  ︵ᠨᠢᠭᠡ︶ ᠪᠠᠶᠢᠭᠤᠯᠤᠮᠵᠢ ᠶᠢᠨ ᠬᠦᠷᠢᠶ᠎ᠡ ᠬᠡᠪᠴᠢᠶ᠎ᠡ  ᠪᠦᠬᠦ ᠣᠷᠣᠨ ᠤ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ︵ᠴᠡᠷᠢᠭ ᠠᠩᠭᠢ ᠶᠢᠨ ᠡᠮᠴᠢᠯᠡᠭᠡᠨ ᠤ ᠪᠠᠶᠢᠭᠤᠯᠤᠮᠵᠢ ᠪᠠᠭᠲᠠᠨ᠎ᠠ︶ ᠪᠦᠬᠦᠨ ᠴᠥᠮ ᠡᠮ ᠤᠨ ᠵᠦᠢᠯᠡᠰ ᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠳᠤ ᠣᠷᠣᠯᠴᠠᠵᠤ ᠂ ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠭᠰᠠᠨ ᠨᠡᠶᠢᠭᠡᠮ ᠤᠨ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠪᠠ ᠴᠡᠭ ᠲᠣᠭᠲᠠᠭᠰᠠᠨ ᠡᠮ ᠤᠨ ᠳᠡᠯᠭᠡᠭᠦᠷ ᠢ ᠴᠡᠭ ᠲᠣᠭᠲᠠᠭᠠᠨ ᠬᠡᠯᠡᠯᠴᠡᠭᠡᠷ ᠢᠶᠠᠷ ᠬᠠᠮᠢᠶᠠᠷᠬᠤ ᠱᠠᠭᠠᠷᠳᠠᠯᠭ᠎ᠠ ᠶᠣᠰᠣᠭᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ ᠃  ︵ᠬᠤᠶᠠᠷ︶ ᠡᠮ ᠤᠨ ᠵᠦᠢᠯ ᠤᠨ ᠬᠡᠪᠴᠢᠶ᠎ᠠ  ᠪᠦᠬᠦ ᠤᠯᠤᠰ ᠤᠨ ᠡᠮ ᠤᠨ ᠵᠦᠢᠯᠡᠰ ᠢ ᠲᠥᠪᠯᠡᠷᠡᠭᠦᠯᠦᠨ ᠬᠤᠳᠠᠯᠳᠤᠨ ᠠᠪᠬᠤ ︵ᠨᠦᠢᠷ ᠤᠨ ᠠᠷᠠᠯ ᠤᠨ ᠡᠳ᠋ ᠢ ᠲᠤᠰᠬᠠᠶ ᠵᠦᠢᠯ ᠢᠶᠠᠷ ᠦᠷᠭᠦᠯᠵᠢᠯᠡᠭᠦᠯᠬᠦ︶ ᠳᠤ ᠰᠣᠩᠭᠤᠭᠳᠠᠭᠰᠠᠨ ᠲᠥᠷᠥᠯ ᠵᠦᠢᠯ ᠤᠨ ᠬᠠᠩᠭᠠᠬᠤ ᠨᠠᠷᠢᠨ ᠬᠠᠭᠤᠳᠠᠰᠤ ︵ᠳᠠᠭᠠᠯᠳᠤᠭᠤᠯᠤᠯ 1︶ ᠃  ᠬᠤᠶᠠᠷ ᠂ ᠬᠡᠷᠡᠭᠵᠢᠭᠦᠯᠬᠦ ᠴᠠᠭ ᠬᠤᠭᠤᠴᠠᠭ᠎ᠠ  2024 ᠣᠨ ᠤ 7 ᠳ᠋ᠤᠭᠠᠷ ᠰᠠᠷ᠎ᠠ ᠶᠢᠨ 1 ᠤ ᠡᠳᠦᠷ ᠃  ᠭᠤᠷᠪᠠ ᠂ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ  ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ ᠨᠢ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ︽ᠪᠥᠬᠦ ᠤᠯᠤᠰ ᠤᠨ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠪᠢᠴᠢᠭ ᠮᠠᠲ᠋ᠧᠷᠢᠶᠠᠯ ︵ᠨᠦᠢᠷ ᠤᠨ ᠠᠷᠠᠯ ᠤᠨ ᠡᠳ᠋ ᠢ ᠲᠤᠰᠬᠠᠶ ᠵᠦᠢᠯ ᠢᠶᠠᠷ ᠦᠷᠭᠦᠯᠵᠢᠯᠡᠭᠦᠯᠬᠦ︶ ︵GY-YD2024 —1 ︶︾ ︵ᠳᠠᠭᠠᠯᠳᠤᠭᠤᠯᠤᠯ 2︶ ᠤᠨ ᠬᠠᠮᠢᠶ᠎ᠠ ᠪᠦᠬᠦᠢ ᠳᠦᠷᠢᠮ ᠲᠣᠭᠲᠠᠭᠠᠯ ᠶᠣᠰᠣᠭᠠᠷ ᠤᠯᠤᠰ ᠠᠴᠠ ᠵᠣᠬᠢᠶᠠᠨ ᠪᠠᠶᠢᠭᠤᠯᠵᠤ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠳᠤ ᠨᠤᠲᠠᠯᠠᠭᠰᠠᠨ ᠬᠡᠯᠡᠯᠴᠡᠭᠡᠷ ᠤᠨ ᠬᠤᠳᠠᠯᠳᠤᠨ ᠠᠪᠬᠤ ᠬᠡᠮᠵᠢᠶ᠎ᠡ ᠪᠣᠯᠣᠨ᠎ᠠ ᠃ ᠡᠮᠴᠢᠯᠡᠭᠡᠨ ᠤ ᠪᠠᠶᠢᠭᠤᠯᠤᠮᠵᠢ ᠪᠣᠯᠤᠨ ᠦᠢᠯᠡᠳᠪᠦᠷᠢᠯᠡᠯ ᠤᠨ ᠠᠵᠤ ᠠᠬᠤᠶᠢᠯᠠᠯ ᠴᠥᠮ ᠥᠪᠥᠷ ᠮᠣᠩᠭᠤᠯ ᠤᠨ ᠡᠮ ᠤᠨ ᠵᠦᠢᠯ ᠪᠣᠯᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠬᠠᠮᠢᠶᠠᠷᠤᠯᠲᠠ ᠶᠢᠨ ᠰᠢᠰᠲ᠋ᠧᠮ ᠳᠤ ᠪᠠᠶᠢᠴᠠᠭᠠᠨ ᠦᠵᠡᠵᠦ ᠪᠣᠯᠤᠨ᠎ᠠ ᠃  ᠳᠥᠷᠪᠡ ᠂ ᠠᠵᠢᠯ ᠤᠨ ᠠᠭᠤᠯᠭ᠎ᠠ  ︵ᠨᠢᠭᠡ︶ ᠬᠡᠷᠡᠭᠯᠡᠭᠴᠢ ᠳᠠᠩᠰᠠᠯᠠᠭᠤᠯᠬᠤ  1. ᠨᠢᠭᠡᠨᠲᠡ ᠰᠦᠯᠵᠢᠶᠡᠨ ᠳᠤ ᠬᠤᠯᠪᠣᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠤᠤᠯ ᠤᠨ ᠬᠡᠷᠡᠭᠯᠡᠭᠴᠢ ᠶᠢᠨ ᠨᠡᠷ᠎ᠡ ᠨᠢᠭᠤᠴᠠ ᠺᠣᠳ᠋ ᠢᠶᠠᠨ ᠦᠷᠭᠦᠯᠵᠢᠯᠡᠨ ᠬᠡᠷᠡᠭᠯᠡᠵᠦ ᠥᠪᠥᠷ ᠮᠣᠩᠭᠤᠯ ᠤᠨ ᠡᠮ ᠤᠨ ᠵᠦᠢᠯ ᠪᠣᠯᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠬᠠᠮᠢᠶᠠᠷᠤᠯᠲᠠ ᠶᠢᠨ ᠰᠢᠰᠲ᠋ᠧᠮ ᠳᠤ ᠣᠷᠣᠵᠤ ᠡᠮ ᠤᠨ ᠵᠦᠢᠯ ᠤᠨ ᠮᠡᠳᠡᠭᠡ ᠵᠠᠩᠭᠢ ᠪᠠᠨ ᠭᠤᠶᠤᠴᠢᠯᠠᠨ ᠮᠡᠳᠡᠭᠦᠯᠵᠦ ᠂ ᠳᠠᠬᠢᠨ ᠳᠠᠩᠰᠠᠯᠠᠭᠤᠯᠬᠤ ᠴᠢᠬᠤᠯᠠ ᠥᠬᠡᠶ ᠃  2. ᠰᠢᠨ᠎ᠡ ᠪᠠᠷ ᠨᠡᠮᠡᠭᠳᠡᠭᠰᠡᠨ ᠰᠦᠯᠵᠢᠶᠡᠨ ᠳᠤ ᠬᠤᠯᠪᠤᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠨᠢ ᠡᠷᠬᠡᠪᠰᠢ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢᠶᠠᠷ ᠳᠡᠩᠰᠡᠯᠡᠵᠦ ᠭᠡᠷᠡᠴᠢᠯᠡᠬᠦ ᠬᠡᠷᠡᠭᠲᠡᠶ ᠂ ᠭᠡᠷᠡᠴᠢᠯᠡᠯ ᠢ ᠠᠮᠵᠢᠯᠲᠠ ᠣᠯᠤᠭᠰᠠᠨ ᠤ ᠳᠠᠷᠠᠭ᠎ᠠ ᠥᠪᠥᠷ ᠮᠣᠩᠭᠤᠯ ᠤᠨ ᠡᠮ ᠤᠨ ᠵᠦᠢᠯ ᠪᠣᠯᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠬᠠᠮᠢᠶᠠᠷᠤᠯᠲᠠ ᠶᠢᠨ ᠰᠢᠰᠲ᠋ᠧᠮ ᠳᠤ ᠣᠷᠣᠵᠤ ᠡᠮ ᠤᠨ ᠵᠦᠢᠯ ᠤᠨ ᠮᠡᠳᠡᠭᠡ ᠵᠠᠩᠭᠢ ᠶᠢ ᠮᠡᠳᠡᠭᠦᠯᠦᠨ᠎ᠡ ᠃  ᠰᠣᠩᠭᠤᠭᠳᠠᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠴᠠᠭ ᠲᠤᠬᠠᠶ ᠳᠤᠨᠢ ᠪᠢᠴᠢᠭ ᠮᠠᠲ᠋ᠧᠷᠢᠶᠠᠯ ᠤᠨ ᠳᠣᠤᠷ᠎ᠠ ᠲᠠᠯ᠎ᠠ ᠶᠢᠨ ᠬᠤᠶᠠᠷ ᠬᠡᠮᠵᠢᠯᠳᠦ ᠺᠣᠳ᠋ ᠢ ᠰᠢᠷᠪᠢᠵᠦ ᠵᠢᠷᠭᠤᠳᠤᠭᠠᠷ ᠪᠦᠯᠦᠭ ᠤᠨ ᠤᠯᠤᠰ ᠤᠨ ᠲᠥᠪᠯᠡᠷᠡᠭᠦᠯᠦᠨ ᠬᠤᠳᠠᠯᠳᠤᠨ ᠠᠪᠬᠤ ᠨᠦᠢᠷ ᠤᠨ ᠠᠷᠠᠯ ᠤᠨ ᠡᠳ᠋ ᠶᠢ ᠦᠷᠭᠦᠯᠵᠢᠯᠡᠭᠦᠯᠬᠦ ᠠᠵᠢᠯ ᠤᠨ ᠴᠤᠭᠯᠠᠷᠠᠯ ᠳᠤ ᠣᠷᠣᠵᠤ ᠂ ᠴᠤᠭᠯᠠᠷᠠᠯ ᠤᠨ ᠠᠯᠪᠠᠨ ᠵᠠᠷ ᠤᠨ ᠱᠠᠭᠠᠷᠳᠠᠯᠭ᠎ᠠ ᠶᠣᠰᠣᠭᠠᠷ ᠬᠠᠮᠢᠶ᠎ᠠ ᠪᠥᠬᠦᠶ ᠠᠵᠢᠯ ᠢ ᠵᠢᠷᠤᠮᠵᠢᠭᠤᠯᠤᠨ ᠥᠷᠨᠢᠭᠦᠯᠦᠨ᠎ᠡ ᠃  ︵ᠬᠤᠶᠠᠷ︶ ᠡᠮ ᠤᠨ ᠵᠦᠢᠯ ᠢ ᠮᠡᠳᠡᠭᠦᠯᠬᠦ  ᠰᠣᠩᠭᠤᠭᠳᠠᠭᠰᠠᠨ ᠠᠵᠤ ᠠᠬᠤᠶᠢᠯᠠᠯ 2024 ᠣᠨ ᠤ 6 ᠳ᠋ᠤᠭᠠᠷ ᠰᠠᠷ᠎ᠠ ᠶᠢᠨ 20 ᠤ ᠡᠳᠦᠷ ᠠᠴᠠ 6 ᠳ᠋ᠤᠭᠠᠷ ᠰᠠᠷ᠎ᠠ ᠶᠢᠨ 23 ᠤ ᠡᠳᠦᠷ ᠪᠣᠯᠲᠠᠯ᠎ᠠ ︽ᠥᠪᠥᠷ ᠮᠣᠩᠭᠤᠯ ᠤᠨ ᠡᠮ ᠤᠨ ᠵᠦᠢᠯ ᠪᠣᠯᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠬᠠᠮᠢᠶᠠᠷᠤᠯᠲᠠ ᠶᠢᠨ ᠰᠢᠰᠲ᠋ᠧᠮ︾ — ︽ᠡᠮ ᠤᠨ ᠵᠦᠢᠯ ᠤᠨ ᠳᠠᠭᠠᠭᠠᠴᠢᠯᠠᠯᠲᠠ ᠵᠠᠷᠯᠠᠬᠤ ᠬᠠᠮᠢᠶᠠᠷᠤᠯᠲᠠ︾ ᠶᠢᠨ ᠬᠡᠰᠡᠭ ᠲᠤ ᠣᠷᠣᠵᠤ ᠂ ᠬᠠᠮᠢᠶ᠎ᠠ ᠪᠥᠬᠦᠶ ᠰᠣᠩᠭᠤᠭᠳᠠᠭᠰᠠᠨ ᠡᠮ ᠤᠨ ᠵᠦᠢᠯ ᠢ ᠭᠤᠶᠤᠴᠢᠯᠠᠨ ᠮᠡᠳᠡᠭᠦᠯᠵᠦ ᠰᠦᠯᠵᠢᠶᠡᠨ ᠳᠤ ᠬᠤᠯᠪᠣᠬᠤ ᠶᠢ ᠪᠡᠶᠡᠯᠡᠭᠦᠯᠵᠦ ᠂ ᠨᠢᠭᠡᠨᠲᠡ ᠰᠦᠯᠵᠢᠶᠡᠨ ᠳᠤ ᠬᠤᠯᠪᠤᠭᠰᠠᠨ ᠡᠮ ᠤᠨ ᠵᠦᠢᠯ ᠢ ᠭᠤᠶᠤᠴᠢᠯᠠᠨ ᠮᠡᠳᠡᠭᠦᠯᠬᠦ ᠴᠢᠬᠤᠯᠠ ᠥᠬᠡᠶ ᠃  1. ︽ᠬᠢᠷᠢ ᠬᠡᠮ ᠤᠨ ᠬᠥᠮᠥᠷᠭᠡ ᠶᠢᠨ ᠬᠠᠮᠢᠶᠠᠷᠤᠯᠲᠠ︾ — ︽ᠮᠢᠨᠦ ᠠᠵᠤ ᠠᠬᠤᠶᠢᠯᠠᠯ ᠤᠨ ᠮᠡᠳᠡᠭᠡ ᠵᠠᠩᠭᠢ ︾ / ︽ᠮᠢᠨᠤ ᠡᠮ ᠤᠨ ᠵᠦᠢᠯ ᠤᠨ ᠬᠥᠮᠥᠷᠭᠡ︾ ᠳᠤ ᠣᠷᠣᠵᠤ ᠠᠵᠤ ᠠᠬᠤᠶᠢᠯᠠᠯ ᠵᠢᠴᠢ ᠡᠮ ᠤᠨ ᠵᠦᠢᠯ ᠤᠨ ᠬᠢᠷᠢ ᠬᠡᠮ ᠤᠨ ᠮᠡᠳᠡᠭᠡ ᠵᠠᠩᠭᠢ ᠶᠢ ᠬᠠᠮᠠᠭᠠᠯᠠᠨ᠎ᠠ ︵ᠬᠢᠷᠢ ᠬᠡᠮ ᠤᠨ ᠬᠥᠮᠥᠷᠭᠡ ᠳᠠᠬᠢ ᠠᠵᠤ ᠠᠬᠤᠶᠢᠯᠠᠯ ᠤᠨ ᠮᠡᠳᠡᠭᠡ ᠵᠠᠩᠭᠢ ᠪᠠ ᠡᠮ ᠤᠨ ᠵᠦᠢᠯ ᠤᠨ ᠮᠡᠳᠡᠭᠡ ᠵᠠᠩᠭᠢ ᠶᠢᠨ ᠬᠠᠮᠠᠭᠠᠯᠠᠯᠲᠠ ᠨᠢ ︽ᠮᠡᠳᠡᠭᠦᠯᠬᠦ ᠴᠢᠬᠤᠯᠠᠲᠠᠶ ᠬᠦᠰᠦᠨᠦᠭᠲᠦ︾ ᠪᠣᠯᠵᠤ ᠪᠦᠷᠢᠯᠳᠦᠨ᠎ᠡ︶  2. ︽ᠬᠥᠳᠡᠯᠦᠩᠭᠢ ᠲᠣᠬᠢᠷᠠᠭᠤᠯᠤᠯᠲᠠ ᠬᠠᠮᠢᠶᠠᠷᠤᠯᠲᠠ︾ — ︽ᠡᠮ ᠤᠨ ᠵᠦᠢᠯ ᠢ ᠭᠤᠶᠤᠴᠢᠯᠠᠨ ᠮᠡᠳᠡᠭᠦᠯᠬᠦ︾ ᠳᠤ ᠣᠷᠣᠵᠤ ᠂ ︽ᠤᠯᠤᠰ ᠤᠨ ᠬᠡᠮᠵᠢᠶ᠎ᠡ ᠲᠠᠢ ᠪᠠᠷ ᠬᠤᠳᠠᠯᠳᠤᠨ ᠠᠪᠬᠤ︾ ᠶᠢᠨ ᠳᠠᠭᠠᠭᠠᠴᠢᠯᠠᠯᠲᠠ ᠵᠠᠷᠯᠠᠬᠤ ᠲᠦᠷᠦᠯ ᠵᠦᠢᠯ ᠤᠨ ᠨᠡᠪᠲᠡᠷᠡᠬᠦ ᠵᠠᠮ ᠤᠨ ︽ᠦᠢᠯᠡᠳᠬᠦᠨ ᠢ ᠭᠤᠶᠤᠴᠢᠯᠠᠨ ᠮᠡᠳᠡᠭᠦᠯᠬᠦ︾ ᠶᠢ ᠳᠠᠷᠤᠵᠤ ᠂ ︽ᠭᠤᠶᠤᠴᠢᠯᠠᠨ ᠮᠡᠳᠡᠭᠦᠯᠬᠦ ᠪᠠᠷ ᠪᠠᠶᠢᠭ᠎ᠠ ᠬᠦᠰᠦᠨᠦᠭᠲᠦ︾ ᠳᠤ ᠭᠤᠶᠤᠴᠢᠯᠠᠨ ᠮᠡᠳᠡᠭᠦᠯᠬᠦ ᠴᠢᠬᠤᠯᠠᠲᠠᠢ ᠡᠮ ᠤᠨ ᠵᠦᠢᠯ ᠢ ᠰᠤᠩᠭᠤᠵᠤ ᠂ ᠦᠨ᠎ᠡ ᠬᠠᠩᠰᠢ ᠵᠢᠴᠢ ᠡᠷᠬᠡ ᠣᠯᠭᠤᠭᠰᠠᠨ ᠡᠷᠬᠡᠲᠦ ᠬᠦᠮᠦᠨ ᠤ ᠬᠠᠮᠢᠶ᠎ᠠ ᠪᠦᠬᠦᠢ ᠮᠡᠳᠡᠭᠡ ᠵᠠᠩᠭᠢ ᠶᠢ ᠲᠠᠭᠯᠠᠨ ᠮᠡᠳᠡᠭᠦᠯᠵᠦ ᠂ ᠡᠷᠬᠡ ᠣᠯᠭᠤᠭᠰᠠᠨ ᠭᠡᠷᠡᠴᠢ ᠪᠢᠴᠢᠭ ᠮᠠᠲ᠋ᠧᠷᠢᠶᠠᠯ ᠢ ᠵᠡᠷᠭᠡ ᠪᠠᠷ ᠳᠡᠭᠡᠭᠰᠢ ᠳᠠᠮᠵᠢᠭᠤᠯᠵᠤ ᠂ ᠮᠡᠳᠡᠭᠡ ᠵᠠᠩᠭᠢ ᠨᠢ ᠵᠥᠪ ᠣᠨᠤᠪᠴᠢᠲᠠᠢ ᠪᠤᠷᠤᠭᠤ ᠦᠭᠡᠢ ᠪᠣᠯ ᠲᠤᠰᠢᠶᠠᠵᠤ ᠂ ᠮᠡᠳᠡᠭᠡ ᠵᠠᠩᠭᠢ ᠶᠢ ᠲᠤᠰᠢᠶᠠᠭᠰᠠᠨ ᠤ ᠳᠠᠷᠠᠭ᠎ᠠ ᠪᠤᠴᠠᠭᠠᠬᠤ ᠦᠭᠡᠢ ᠂ ᠵᠠᠰᠠᠪᠤᠷᠢ ᠣᠷᠣᠭᠤᠯᠬᠤ ᠦᠭᠡᠢ ᠃  ︵ᠭᠤᠷᠪᠠ︶ ca  ᠳ᠋ᠢᠬᠢᠲ ᠦᠨᠡᠮᠯᠡᠯ ᠢ ᠭᠦᠢᠴᠡᠳᠬᠡᠬᠦ ᠃ ᠰᠣᠩᠭᠤᠭᠳᠠᠭᠰᠠᠨ ᠠᠵᠤ ᠠᠬᠤᠶᠢᠯᠠᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ca ᠲᠠᠮᠠᠭ᠎ᠠ ᠳᠠᠷᠤᠭᠰᠠᠨ ᠮᠡᠳᠡᠭᠡ ᠵᠠᠩᠭᠢ ᠴᠤᠭᠯᠠᠭᠤᠯᠬᠤ ᠲᠠᠪᠴᠠᠩ︾ ᠳᠤ ᠣᠷᠣᠵᠤ ᠂ ca ᠳ᠋ᠢᠬᠢᠲ ᠦᠨᠡᠮᠯᠡᠯ ᠭᠦᠢᠴᠡᠳᠬᠡᠬᠦ ᠶᠠᠪᠤᠴᠠ ᠶᠢᠨ ᠶᠣᠰᠣᠭᠠᠷ ᠂ ᠥᠪᠥᠷ ᠮᠣᠩᠭᠤᠯ ᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠬᠠᠮᠢᠶᠠᠷᠤᠯᠲᠠ ᠶᠢᠨ ᠰᠢᠰᠲ᠋ᠧᠮ ᠤᠨ ca ᠳ᠋ᠢᠬᠢᠲ ᠦᠨᠡᠮᠯᠡᠯ ᠢ ᠭᠤᠶᠤᠴᠢᠯᠠᠨ᠎ᠠ ᠃  ︵ᠳᠥᠷᠪᠡ︶ ᠨᠠᠶᠢᠳᠠᠵᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠮᠡᠳᠡᠭᠦᠯᠦᠨ ᠬᠦᠷᠭᠡᠬᠦ ᠃ ᠰᠣᠩᠭᠤᠭᠳᠠᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠨᠢ ᠡᠷᠬᠡᠪᠰᠢ ᠱᠠᠭᠠᠷᠳᠠᠯᠭ᠎ᠠ ᠶᠣᠰᠣᠭᠠᠷ 2024 ᠣᠨ ᠤ 6 ᠳ᠋ᠤᠭᠠᠷ ᠰᠠᠷ᠎ᠠ ᠶᠢᠨ 20 ᠤ ᠡᠳᠦᠷ ᠠᠴᠠ 6 ᠳ᠋ᠤᠭᠠᠷ ᠰᠠᠷ᠎ᠠ ᠶᠢᠨ 25 ᠤ ᠡᠳᠦᠷ ᠠᠴᠠ ᠡᠮᠦᠨ᠎ᠡ ᠨᠠᠶᠢᠳᠠᠵᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠮᠠᠲ᠋ᠧᠷᠢᠶᠠᠯ ᠢ ᠮᠡᠳᠡᠭᠦᠯᠦᠨ ᠬᠦᠷᠭᠡᠬᠦ ᠬᠡᠷᠡᠭᠲᠡᠶ ︵ᠳᠠᠭᠠᠯᠳᠤᠭᠤᠯᠤᠯ 3︶ ᠃  ︵ᠲᠠᠪᠤ︶ ᠲᠣᠬᠢᠷᠠᠭᠤᠯᠤᠨ ᠬᠦᠷᠭᠡᠬᠦ ᠬᠠᠷᠢᠴᠠᠭ᠎ᠠ ᠪᠠᠶᠢᠭᠤᠯᠬᠤ ᠃ 2024 ᠣᠨ ᠤ 6 ᠳ᠋ᠤᠭᠠᠷ ᠰᠠᠷ᠎ᠠ ᠶᠢᠨ 26 ᠤ ᠡᠳᠦᠷ ᠠᠴᠠ ᠡᠬᠢᠯᠡᠨ ᠰᠣᠩᠭᠤᠭᠳᠠᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠬᠢᠭᠡᠳ ᠲᠡᠭᠦᠨ ᠤ ᠨᠠᠶᠢᠳᠠᠭᠰᠠᠨ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠥᠪᠥᠷ ᠮᠣᠩᠭᠤᠯ ᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠬᠠᠮᠢᠶᠠᠷᠤᠯᠲᠠ ᠶᠢᠨ ᠰᠢᠰᠲ᠋ᠧᠮ ᠤᠨ ︽ᠡᠮ ᠤᠨ ᠵᠦᠢᠯ ᠤᠨ ᠠᠷᠠᠯᠵᠢᠶᠠᠨ ᠤ ᠳ᠋ᠦᠩᠨᠡᠨ ᠪᠣᠳᠣᠯᠲᠠ︾ ᠶᠢᠨ ᠬᠡᠰᠡᠭ ᠲᠠᠬᠢ ︽ᠳᠣᠭᠢᠷᠠᠭᠤᠯᠤᠨ ᠬᠦᠷᠭᠡᠬᠦ ᠬᠠᠷᠢᠴᠠᠭᠠᠨ ᠤ ᠬᠠᠮᠢᠶᠠᠷᠤᠯᠲᠠ︾ ᠳᠤ ᠣᠷᠣᠵᠤ ᠲᠣᠬᠢᠷᠠᠭᠤᠯᠤᠨ ᠬᠦᠷᠭᠡᠬᠦ ᠬᠠᠷᠢᠴᠠᠭ᠎ᠠ ᠪᠠᠶᠢᠭᠤᠯᠤᠨ ᠂ ᠡᠮᠴᠢᠯᠡᠭᠡᠨ ᠤ ᠪᠠᠶᠢᠭᠤᠯᠤᠮᠵᠢ ᠠᠴᠠ ᠰᠣᠩᠭᠤᠭᠳᠠᠭᠰᠠᠨ ᠡᠮ ᠤᠨ ᠵᠦᠢᠯᠡᠰ ᠢ ᠪᠠᠶᠢᠩᠭᠤ ᠬᠤᠳᠠᠯᠳᠤᠨ ᠠᠪᠬᠤ ᠭᠠᠷᠴᠠᠭ ᠲᠤ ᠣᠷᠣᠭᠤᠯᠬᠤ ᠶᠢᠨ ᠬᠠᠮᠲᠤ ᠰᠣᠩᠭᠤᠭᠳᠠᠭᠰᠠᠨ ᠡᠮ ᠤᠨ ᠵᠦᠢᠯᠡᠰ ᠲᠤ ᠨᠢᠭᠡᠨᠲᠡ ᠲᠣᠬᠢᠷᠠᠭᠤᠯᠤᠨ ᠬᠦᠷᠭᠡᠬᠦ ᠬᠠᠷᠢᠴᠠᠭ᠎ᠠ ᠪᠠᠶᠢᠭᠤᠯᠤᠭᠰᠠᠨ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠠᠴᠠ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠣᠩᠭᠤᠨ ᠲᠣᠭᠲᠠᠭᠠᠨ᠎ᠠ ᠃  ︵ᠵᠢᠷᠭᠤᠭ᠎ᠠ︶ ᠡᠯᠧᠺᠲᠷᠣᠨ ᠬᠡᠯᠡᠯᠴᠡᠭᠡᠷ ᠲᠣᠭᠲᠠᠭᠠᠬᠤ ᠃ ᠡᠯ᠎ᠡ ᠨᠢᠭᠡᠴᠢ 2024 ᠣᠨ ᠤ 6 ᠳ᠋ᠤᠭᠠᠷ ᠰᠠᠷ᠎ᠠ ᠶᠢᠨ 26 ᠤ ᠡᠳᠦᠷ ᠠᠴᠠ ᠡᠬᠢᠯᠡᠨ ᠥᠪᠥᠷ ᠮᠣᠩᠭᠤᠯ ᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠬᠠᠮᠢᠶᠠᠷᠤᠯᠲᠠ ᠶᠢᠨ ᠰᠢᠰᠲ᠋ᠧᠮ ᠤᠨ ︽ᠡᠮ ᠤᠨ ᠵᠦᠢᠯ ᠤᠨ ᠠᠷᠠᠯᠵᠢᠶᠠᠨ ᠤ ᠳ᠋ᠦᠩᠨᠡᠨ ᠪᠣᠳᠣᠯᠲᠠ︾ ᠳᠤ ᠣᠷᠣᠵᠤ ᠬᠡᠯᠡᠯᠴᠡᠭᠡᠷ ᠲᠣᠭᠲᠠᠬᠤ ᠠᠵᠢᠯ ᠢ ᠥᠷᠨᠢᠭᠦᠯᠦᠨ᠎ᠡ ᠃ ᠡᠮᠴᠢᠯᠡᠭᠡᠨ ᠤ ᠪᠠᠶᠢᠭᠤᠯᠤᠮᠵᠢ ᠨᠢ ᠲᠣᠰ ᠲᠣᠰ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ ᠲᠠᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠬᠢᠭᠡᠳ ᠡᠮ ᠡᠮᠨᠡᠯᠭᠡ ᠶᠢᠨ ᠠᠵᠤ ᠠᠬᠤᠶᠢᠯᠠᠯ ᠤᠨ ᠰᠢᠭᠤᠳ ᠳ᠋ᠦᠩᠨᠡᠨ ᠪᠤᠳᠤᠬᠤ ᠨᠠᠶᠢᠳᠠᠯᠭ᠎ᠠ ︵ᠡᠯᠧᠺᠲᠷᠣᠨ︶ ᠶᠢᠨ ᠬᠡᠯᠡᠯᠴᠡᠭᠡᠷ︾ ᠢ ᠲᠣᠭᠲᠠᠭᠠᠵᠤ ᠂ ᠰᠣᠩᠭᠤᠭᠳᠠᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠵᠢᠴᠢ ᠦᠢᠯᠡᠳᠪᠦᠷᠢᠯᠡᠯ ᠤᠨ ᠠᠵᠤ ᠠᠬᠤᠶᠢᠯᠠᠯ ᠤᠨ ᠨᠠᠶᠢᠳᠠᠭᠰᠠᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠲᠠᠢ ︽ᠬᠡᠮᠵᠢᠶ᠎ᠡ ᠲᠠᠢ ᠪᠠᠷ ᠡᠮ ᠤᠨ ᠵᠦᠢᠯ ᠢ ᠬᠤᠳᠠᠯᠳᠤᠨ ᠠᠪᠬᠤ ᠪᠠ ᠪᠣᠷᠣᠯᠠᠭᠤᠯᠬᠤ ᠭᠤᠷᠪᠠᠨ ᠲᠠᠯ᠎ᠠ ᠶᠢᠨ ᠬᠡᠯᠡᠯᠴᠡᠭᠡᠷ︾ ᠢ ᠲᠣᠭᠲᠠᠭᠠᠵᠤ ᠂ ᠦᠢᠯᠡᠳᠪᠦᠷᠢᠯᠡᠯ ᠤᠨ ᠠᠵᠤ ᠠᠬᠤᠶᠢᠯᠠᠯ ᠤᠨ ᠨᠠᠶᠢᠳᠠᠭᠰᠠᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠂ ᠨᠢᠭᠡᠳᠦᠯᠲᠡᠶ ᠲᠥᠯᠥᠪᠯᠡᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠪᠠᠶᠢᠭᠤᠯᠤᠮᠵᠢ ᠵᠢᠴᠢ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ ᠯᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠬᠢᠭᠡᠳ ᠡᠮ ᠡᠮᠨᠡᠯᠭᠡ ᠶᠢᠨ ᠠᠵᠤ ᠠᠬᠤᠶᠢᠯᠠᠯ ᠤᠨ ᠰᠢᠭᠤᠳ ᠳ᠋ᠦᠩᠨᠡᠨ ᠪᠤᠳᠤᠬᠤ ︵ᠡᠯᠧᠺᠲᠷᠣᠨ︶ ᠬᠡᠯᠡᠯᠴᠡᠭᠡᠷ︾ ᠲᠣᠭᠲᠠᠨ᠎ᠠ ᠂ ᠡᠭᠦᠨ ᠳᠤ ᠡᠮᠴᠢᠯᠡᠭᠡᠨ ᠤ ᠪᠠᠶᠢᠭᠤᠯᠤᠮᠵᠢ ᠬᠢᠭᠡᠳ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ  ᠲᠠᠢ ᠨᠢᠭᠡᠨᠲᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠬᠢᠭᠡᠳ ᠡᠮ ᠡᠮᠨᠡᠯᠭᠡ ᠶᠢᠨ ᠠᠵᠤ ᠠᠬᠤᠶᠢᠯᠠᠯ ᠤᠨ ᠰᠢᠭᠤᠳ ᠳ᠋ᠦᠩᠨᠡᠨ ᠪᠤᠳᠤᠬᠤ ᠨᠠᠶᠢᠳᠠᠯᠭ᠎ᠠ ︵ᠡᠯᠧᠺᠲᠷᠣᠨ︶ ᠶᠢᠨ ᠬᠡᠯᠡᠯᠴᠡᠭᠡᠷ︾ ᠲᠣᠭᠲᠠᠭᠰᠠᠨ ᠨᠢ ᠳᠠᠬᠢᠨ ᠲᠣᠭᠲᠠᠬᠤ ᠴᠢᠬᠤᠯᠠ ᠦᠭᠡᠢ ᠃  ︵ᠳᠤᠯᠤᠭ᠎ᠠ︶ ᠬᠤᠳᠠᠯᠳᠤᠨ ᠠᠪᠬᠤ ᠪᠠᠷᠠᠭ᠎ᠠ ᠶᠢᠨ ᠵᠣᠭᠤᠰ ᠢ ᠤᠷᠢᠳᠴᠢᠯᠠᠨ ᠰᠠᠯᠭᠠᠨ ᠥᠭᠬᠦ ᠃ ᠮᠠᠨ ᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠬᠢᠭᠡᠳ ᠡᠮ ᠡᠮᠨᠡᠯᠭᠡ ᠶᠢᠨ ᠠᠵᠤ ᠠᠬᠤᠶᠢᠯᠠᠯ ᠤᠨ ᠰᠢᠭᠤᠳ ᠳ᠋ᠦᠩᠨᠡᠨ ᠪᠤᠳᠤᠬᠤ ᠱᠠᠭᠠᠷᠳᠠᠯᠭ᠎ᠠ ᠶᠣᠰᠣᠭᠠᠷ ᠂ ᠡᠯ᠎ᠡ ᠨᠢᠭᠡᠳᠦᠯᠲᠡᠶ ᠲᠥᠯᠥᠪᠯᠡᠬᠦ ᠣᠷᠣᠨ ᠨᠢ ᠮᠠᠨ ᠤ ᠲᠥᠪ ᠤᠨ ᠪᠠᠭᠤᠯᠭᠠᠭᠰᠠᠨ ᠪᠠᠷᠠᠭᠠᠨ ᠤ ᠵᠣᠭᠤᠰ ᠢ ᠤᠷᠢᠳᠴᠢᠯᠠᠨ ᠰᠠᠯᠭᠠᠨ ᠥᠭᠬᠦ ᠵᠠᠬᠢᠳᠠᠯ ᠢ ᠦᠨᠳᠦᠰᠦᠯᠡᠨ ᠰᠣᠩᠭᠤᠭᠳᠠᠭᠰᠠᠨ ᠡᠮ ᠤᠨ ᠵᠦᠢᠯ ᠤᠨ ᠪᠠᠷᠠᠭᠠᠨ ᠤ ᠵᠣᠭᠤᠰ ᠢ ᠴᠠᠭ ᠲᠤᠬᠠᠶ ᠳᠤ ᠨᠢ ᠤᠷᠢᠳᠴᠢᠯᠠᠨ ᠰᠠᠯᠭᠠᠨ ᠥᠭᠴᠦ ᠂ ᠡᠮᠴᠢᠯᠡᠭᠡᠨ ᠤ ᠪᠠᠶᠢᠭᠤᠯᠤᠮᠵᠢ ᠶᠢᠨ ᠤᠷᠢᠳᠴᠢᠯᠠᠨ ᠰᠠᠯᠭᠠᠨ ᠥᠭᠬᠦ ᠪᠠᠷᠠᠭᠠᠨ ᠤ ᠵᠣᠭᠤᠰ ᠤᠨ ᠲᠤᠭ᠎ᠠ ᠬᠡᠮᠵᠢᠶ᠎ᠡ ᠶᠢᠨ ᠳᠣᠲᠣᠷ᠎ᠠ ᠬᠤᠳᠠᠯᠳᠤᠨ ᠠᠪᠬᠤ ᠶᠢ ᠦᠨᠡᠨ ᠬᠦ ᠪᠠᠲᠤᠯᠠᠨ᠎ᠠ ᠃  ᠲᠠᠪᠤ ᠂ ᠬᠤᠳᠠᠯᠳᠤᠨ ᠠᠪᠬᠤ ᠱᠠᠭᠠᠷᠳᠠᠯᠭ᠎ᠠ  ︵ᠨᠢᠭᠡ︶ ᠬᠤᠳᠠᠯᠳᠤᠨ ᠠᠪᠬᠤ ᠪᠠ ᠬᠥᠮᠥᠷᠭᠡ ᠳᠤ ᠣᠷᠣᠭᠤᠯᠬᠤ ᠃ ᠡᠮᠴᠢᠯᠡᠭᠡᠨ ᠤ ᠪᠠᠶᠢᠭᠤᠯᠤᠮᠵᠢ ᠨᠢ ᠪᠣᠳᠠᠲᠠᠶ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ ᠪᠠᠷ ᠳᠠᠮᠵᠢᠭᠤᠯᠤᠨ ᠰᠣᠩᠭᠤᠭᠳᠠᠭᠰᠠᠨ ᠡᠮ ᠤᠨ ᠵᠦᠢᠯ ᠢ ᠬᠤᠳᠠᠯᠳᠤᠨ ᠠᠪᠬᠤ ᠶᠢᠨ ᠬᠠᠮᠲᠤ ᠪᠠᠷᠢᠮᠲᠠ ᠶᠢ ᠬᠢᠨᠠᠨ ᠰᠢᠯᠭᠠᠵᠤ ᠂ ᠪᠠᠷᠢᠮᠲᠠ ᠪᠠᠷᠠᠭ᠎ᠠ ᠬᠠᠷᠢᠯᠴᠠᠨ ᠨᠡᠶᠢᠴᠡᠭᠰᠡᠨ ᠪᠠᠶᠢᠪᠠᠯ ᠴᠠᠭ ᠲᠤᠬᠠᠶ ᠳᠤ ᠨᠢ ᠰᠢᠯᠭᠠᠨ ᠠᠪᠴᠤ ᠬᠥᠮᠥᠷᠭᠡ ᠳᠤ ᠣᠷᠣᠭᠤᠯᠬᠤ ᠬᠡᠷᠡᠭᠲᠡᠶ ᠃ ᠰᠣᠩᠭᠤᠭᠳᠠᠭᠰᠠᠨ ᠡᠮ ᠤᠨ ᠵᠦᠢᠯ ᠢ ᠬᠤᠳᠠᠯᠳᠤᠨ ᠠᠪᠬᠤ ᠳᠠᠭᠠᠨ ᠵᠠᠷᠴᠢᠮ ᠳᠡᠭᠡᠷ᠎ᠡ ᠪᠠᠨ ᠪᠠᠷᠠᠭ᠎ᠠ ᠪᠤᠴᠠᠭᠠᠬᠤ ᠶᠢ ᠵᠥᠪᠰᠢᠶᠡᠷᠡᠬᠦ ᠦᠭᠡᠢ ︵ᠣᠨᠴᠠᠭᠠᠢ ᠪᠠᠶᠢᠳᠠᠯ ᠠᠴᠠ ᠭᠠᠳᠠᠨ᠎ᠠ︶ ᠃  ︵ᠬᠤᠶᠠᠷ︶ ᠡᠮ ᠤᠨ ᠵᠦᠢᠯᠡᠰ ᠶᠢ ᠲᠣᠬᠢᠷᠠᠭᠤᠯᠤᠨ ᠬᠦᠷᠭᠡᠬᠦ ᠃ ᠦᠢᠯᠡᠳᠪᠦᠷᠢᠯᠡᠯ ᠤᠨ ᠠᠵᠤ ᠠᠬᠤᠶᠢᠯᠠᠯ ᠪᠣᠯ ᠡᠮ ᠤᠨ ᠵᠦᠢᠯᠡᠰ ᠢ ᠬᠠᠩᠭᠠᠵᠤ ᠲᠣᠬᠢᠷᠠᠭᠤᠯᠤᠨ ᠬᠦᠷᠭᠡᠬᠦ ᠨᠢᠭᠡᠳᠦᠭᠡᠷ ᠬᠠᠷᠢᠭᠤᠴᠠᠯᠭᠠᠲᠠᠨ ᠪᠣᠯᠬᠤᠷ ᠂ ᠡᠮ ᠤᠨ ᠵᠦᠢᠯᠡᠰ ᠢ ᠴᠠᠭ ᠲᠤᠬᠠᠶ ᠳᠤᠨᠢ ᠭᠦᠢᠴᠡᠳ ᠬᠠᠩᠭᠠᠬᠤ ᠶᠢ ᠪᠠᠲᠤᠯᠠᠬᠤ ᠬᠡᠷᠡᠭᠲᠡᠶ ᠃ ᠡᠮ ᠤᠨ ᠵᠦᠢᠯ ᠦᠢᠯᠡᠳᠪᠦᠷᠢᠯᠡᠬᠦ ᠪᠤᠶᠤ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠬᠤᠳᠠᠯᠳᠤᠨ ᠠᠪᠬᠤ ᠵᠠᠬᠢᠶᠠᠯᠠᠭ᠎ᠠ ᠶᠢᠨ ᠬᠠᠭᠤᠳᠠᠰᠤ ᠶᠢ ᠬᠦᠯᠢᠶᠡᠨ ᠠᠪᠤᠭᠰᠠᠨ ᠠᠴᠠ ᠡᠬᠢᠯᠡᠨ ᠂ 72 ᠴᠠᠭ ᠤᠨ ᠳᠣᠲᠣᠷ᠎ᠠ ᠴᠠᠭ ᠲᠤᠬᠠᠶ ᠳᠤᠨᠢ ᠭᠦᠢᠴᠡᠳ ᠵᠣᠬᠢᠶᠠᠨ ᠪᠠᠶᠢᠭᠤᠯᠵᠤ ᠲᠣᠬᠢᠷᠠᠭᠤᠯᠤᠨ ᠬᠦᠷᠭᠡᠬᠦ ᠬᠡᠷᠡᠭᠲᠡᠢ ᠃ ᠡᠮ ᠤᠨ ᠵᠦᠢᠯ ᠦᠢᠯᠡᠳᠪᠦᠷᠢᠯᠡᠬᠦ ᠪᠤᠶᠤ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠡᠮ ᠤᠨ ᠵᠦᠢᠯ ᠢ ᠲᠣᠬᠢᠷᠠᠭᠤᠯᠤᠨ ᠬᠦᠷᠭᠡᠬᠦ ᠦᠶ᠎ᠡ ᠳᠤ ᠪᠠᠷᠠᠭ᠎ᠠ ᠪᠠᠷᠢᠮᠲᠠ ᠶᠢ ᠬᠠᠮᠲᠤ ᠳᠤᠨᠢ ᠶᠠᠪᠤᠭᠤᠯᠵᠤ ᠂ ᠪᠠᠷᠢᠮᠲᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠰᠲ᠋ᠧᠮ ᠳᠤ ᠳᠠᠮᠵᠢᠭᠤᠯᠬᠤ ᠬᠡᠷᠡᠭᠲᠡᠶ ᠪᠥᠭᠡᠳ ᠪᠠᠷᠢᠮᠲᠠ ᠳᠤ ᠪᠤᠰᠤᠳ ᠰᠣᠩᠭᠤᠭᠳᠠᠭᠰᠠᠨ ᠦᠭᠡᠢ ᠡᠮ ᠤᠨ ᠵᠦᠢᠯ ᠢ ᠬᠤᠯᠢᠵᠤ ᠣᠷᠣᠭᠤᠯᠵᠤ ᠪᠣᠯᠬᠤ ᠦᠭᠡᠶ ᠃  ︵ᠭᠤᠷᠪᠠ︶ ᠪᠠᠷᠠᠭᠠᠨ ᠤ ᠵᠣᠭᠤᠰ ᠢ ᠳ᠋ᠦᠩᠨᠡᠨ ᠪᠣᠳᠣᠬᠤ ᠃ ᠰᠣᠩᠭᠤᠭᠳᠠᠭᠰᠠᠨ ᠡᠮ ᠤᠨ ᠵᠦᠢᠯ ᠢ ᠬᠦᠮᠦᠷᠭᠡ ᠳᠤ ᠤᠷᠤᠭᠤᠯᠤᠭᠰᠠᠨ ᠤ ᠳᠠᠷᠠᠭ᠎ᠠ ᠰᠢᠰᠲ᠋ᠧᠮ ᠨᠢ ᠳ᠋ᠦᠩᠨᠡᠨ ᠪᠤᠳᠤᠬᠤ ᠬᠠᠭᠤᠳᠠᠰᠤ ᠶᠢ ᠠᠶᠠᠨᠳᠠᠭᠠᠨ ᠪᠣᠢ ᠪᠣᠯᠭᠠᠵᠤ ᠂ ᠡᠮᠴᠢᠯᠡᠭᠡᠨ ᠤ ᠪᠠᠶᠢᠭᠤᠯᠤᠮᠵᠢ ᠨᠢ 15 ᠡᠳᠦᠷ ᠤᠨ ᠳᠣᠲᠤᠷ᠎ᠠ ᠡᠳ᠋ ᠤᠨ ᠶᠠᠪᠤᠳᠠᠯ ᠤᠨ ᠲᠠᠮᠠᠭ᠎ᠠ ᠪᠠ ᠬᠠᠤᠯᠢ ᠶᠢᠨ ᠡᠷᠬᠡᠲᠡᠨ ᠤ ᠲᠠᠮᠠᠭ᠎ᠠ ᠶᠢ ᠳᠠᠷᠤᠵᠤ ᠂ ᠲᠣᠭᠲᠠᠭᠰᠠᠨ ᠬᠤᠭᠤᠴᠠᠭᠠᠨ ᠳᠤ ᠲᠠᠮᠠᠭ᠎ᠠ ᠳᠠᠷᠤᠭᠰᠠᠨ ᠦᠭᠡᠢ ᠪᠣᠯ ᠰᠢᠰᠲ᠋ᠧᠮ ᠢᠶᠠᠷ ᠳ᠋ᠦᠩᠨᠡᠨ ᠪᠣᠳᠣᠯᠲᠠ ᠳᠤ ᠠᠶᠠᠨᠳᠠᠭᠠᠨ ᠣᠷᠣᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ ᠠᠴᠠ ᠰᠣᠩᠭᠤᠭᠳᠠᠭᠰᠠᠨ ᠡᠮ ᠤᠨ ᠵᠦᠢᠯ ᠢ ᠬᠦᠮᠦᠷᠭᠡ ᠳᠤ ᠣᠷᠣᠭᠤᠯᠤᠭᠰᠠᠨ ᠤ ᠳᠠᠷᠠᠭ᠎ᠠ 30 ᠡᠳᠦᠷ ᠤᠨ ᠳᠣᠲᠤᠷ᠎ᠠ ᠵᠣᠭᠤᠰ ᠥᠭᠬᠦ ᠶᠢ ᠦᠨᠡᠨ ᠬᠦ ᠪᠠᠲᠤᠯᠠᠵᠤ ᠂ ᠡᠯ᠎ᠡ ᠬᠠᠮᠢᠶ᠎ᠠ ᠪᠦᠬᠦᠢ ᠨᠢᠭᠡᠴᠢ ᠠᠴᠠ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠳ᠋ᠦᠩᠨᠡᠨ ᠪᠤᠳᠤᠬᠤ ᠰᠢᠰᠲ᠋ᠧᠮ ᠳᠤ ᠪᠠᠩᠬᠢ ᠶᠢᠨ ᠭᠠᠷᠭᠠᠭᠰᠠᠨ ᠡᠯ᠎ᠡ ᠲᠥᠷᠥᠯ ᠤᠨ ᠬᠠᠷᠢᠭᠤ ᠬᠠᠭᠤᠳᠠᠰᠤ ᠶᠢ ᠪᠠᠭᠤᠯᠭᠠᠨ ᠲᠣᠰ ᠪᠦᠷᠢ ᠬᠠᠷᠠᠭᠠᠯᠵᠠᠭᠰᠠᠨ ᠳᠠᠩᠰᠠᠨ ᠤ ᠶᠠᠪᠤᠳᠠᠯ ᠢ ᠰᠢᠢᠳᠪᠦᠷᠢᠯᠡᠵᠦ ᠪᠣᠯᠣᠨ᠎ᠠ ᠃ ᠳᠠᠭᠠᠯᠳᠤᠭᠤᠯᠤᠯ᠄  1 . ᠪᠥᠬᠦ ᠤᠯᠤᠰ ᠤᠨ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ︵ᠨᠦᠢᠷ ᠤᠨ ᠠᠷᠠᠯ ᠤᠨ ᠡᠳ᠋ ᠢ ᠲᠤᠰᠬᠠᠶ ᠵᠦᠢᠯ ᠢᠶᠠᠷ ᠦᠷᠭᠦᠯᠵᠢᠯᠡᠭᠦᠯᠬᠦ︶ ᠳᠤ ᠰᠤᠩᠭᠤᠭᠳᠠᠭᠰᠠᠨ ᠲᠥᠷᠥᠯ ᠵᠦᠢᠯ ᠤᠨ ᠬᠠᠩᠭᠠᠯᠭ᠎ᠠ ᠶᠢᠨ ᠨᠠᠷᠢᠨ ᠬᠠᠭᠤᠳᠠᠰᠤ  2 . ᠪᠥᠬᠦ ᠤᠯᠤᠰ ᠤᠨ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠮᠠᠲ᠋ᠧᠷᠢᠶᠠᠯ ︵ᠨᠦᠢᠷ ᠤᠨ ᠠᠷᠠᠯ ᠤᠨ ᠡᠳ᠋ ᠢ ᠲᠤᠰᠬᠠᠶ ᠵᠦᠢᠯ ᠢᠶᠠᠷ ᠦᠷᠭᠦᠯᠵᠢᠯᠡᠭᠦᠯᠬᠦ︶ ︵GY — YD2024 —1 ︶  3 . ᠨᠦᠢᠷ ᠤᠨ ᠠᠷᠠᠯ ᠤᠨ ᠡᠳ᠋ ᠢ ᠦᠷᠭᠦᠯᠵᠢᠯᠡᠨ ᠬᠡᠮᠵᠢᠶ᠎ᠡ ᠲᠠᠢ ᠬᠤᠳᠠᠯᠳᠤᠨ ᠠᠪᠬᠤ ᠳᠤ ᠰᠣᠩᠭᠤᠭᠳᠠᠭᠰᠠᠨ ᠠᠵᠤ ᠠᠬᠤᠶᠢᠯᠠᠯ ᠤᠨ ᠨᠠᠶᠢᠳᠠᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷᠡᠰ ᠵᠢᠴᠢ ᠬᠠᠮᠢᠶ᠎ᠠ ᠪᠥᠬᠦᠶ ᠵᠦᠢᠯᠡᠰ ᠢ ᠮᠡᠳᠡᠭᠦᠯᠦᠨ ᠬᠦᠷᠭᠡᠬᠦ ᠱᠠᠭᠠᠷᠳᠠᠯᠭ᠎ᠠ ᠵᠢᠴᠢ ᠥᠯᠢᠭᠡᠷ ᠬᠦᠰᠦᠨᠦᠭᠲᠦ             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ          2024 ᠣᠨ ᠤ 6 ᠳ᠋ᠤᠭᠠᠷ ᠰᠠᠷ᠎ᠠ ᠶᠢᠨ 20 ᠤ ᠡᠳᠦᠷ

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号