ᠰᠢ ᠶᠢᠨ ᠫᠢᠩ 2024 ᠳᠡᠯᠡᠬᠡᠢ ᠶᠢᠨ ᠣᠶᠤᠨᠴᠢ ᠴᠢᠳᠠᠪᠤᠷᠢ ᠶᠢᠨ ᠠᠵᠤ ᠦᠢᠯᠡᠰ ᠤᠨ ᠦᠵᠡᠰᠭᠦᠯᠡᠩ ᠤᠨ ᠴᠤᠭᠯᠠᠭᠠᠨ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2024/6/21
  ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 20 ᠤ ᠴᠠᠭᠢᠯᠭᠠᠨ ᠮᠡᠳᠡᠭᠡ  6 ᠰᠠᠷ᠎ᠠ ᠶᠢᠨ 20 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ 2024 ᠳᠡᠯᠡᠬᠡᠢ ᠶᠢᠨ ᠣᠶᠤᠨᠴᠢ ᠴᠢᠳᠠᠪᠤᠷᠢ ᠶᠢᠨ ᠠᠵᠤ ᠦᠢᠯᠡᠰ ᠤᠨ ᠦᠵᠡᠰᠭᠦᠯᠡᠩ ᠤᠨ ᠴᠤᠭᠯᠠᠭᠠᠨ ᠳᠤ ᠪᠠᠶᠠᠷ ᠤᠨ ᠵᠠᠬᠢᠳᠠᠯ ᠢᠯᠡᠭᠡᠪᠡ ᠃  ᠰᠢ ᠶᠢᠨ ᠫᠢᠩ ᠂ ᠵᠣᠬᠢᠶᠠᠮᠠᠯ ᠤᠶᠤᠨ ᠴᠢᠳᠠᠪᠤᠷᠢ ᠪᠣᠯ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢᠨ ᠴᠢᠬᠤᠯᠠ ᠬᠥᠳᠡᠯᠭᠡᠬᠦ ᠬᠦᠴᠦᠨ ᠮᠥᠨ ᠂ ᠪᠦᠭᠦ ᠪᠥᠮᠪᠥᠷᠴᠡᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠳᠤ ᠠᠯᠤᠰ ᠭᠡᠳᠤ ᠶᠢᠨ ᠨᠥᠯᠥᠭᠡ ᠦᠵᠡᠭᠦᠯᠭᠦ ᠪᠣᠯᠣᠨ᠎ᠠ ᠃ ᠳᠤᠮᠳᠠᠳᠤ ᠤᠯᠤᠰ ᠵᠣᠬᠢᠶᠠᠮᠠᠯ ᠣᠶᠤᠨ ᠴᠢᠳᠠᠪᠤᠷᠢ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠢᠨᠲ᠋ᠧᠷ ᠰᠦᠯᠵᠢᠶ᠎ᠡ ᠂ ᠲᠣᠮᠣ ᠳ᠋ᠠᠶᠢᠲ᠋ᠠ ᠂ ᠵᠣᠬᠢᠶᠠᠮᠠᠯ ᠣᠶᠤᠨ ᠴᠢᠳᠠᠪᠤᠷᠢ ᠪᠣᠯᠣᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠢᠳᠡᠪᠬᠢᠲᠡᠢ ᠠᠬᠢᠭᠤᠯᠵᠤ ᠂ ᠣᠶᠤᠨᠴᠢ ᠴᠢᠳᠠᠪᠤᠷᠢ ᠶᠢᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ ᠂ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠴᠢᠳᠠᠪᠤᠷᠢ ᠬᠠᠩᠭᠠᠪᠠ ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠲᠠᠢ ᠬᠠᠮᠲᠤ ᠪᠠᠷ ᠲᠣᠭᠠᠴᠢᠯᠠᠭᠰᠠᠨ ᠂ ᠰᠦᠯᠵᠢᠶᠡᠵᠢᠭᠰᠡᠨ ᠂ ᠣᠶᠤᠨᠴᠢᠯᠠᠭᠰᠠᠨ ᠬᠥᠭᠵᠢᠯᠲᠡ ᠶᠢᠨ ᠠᠵᠠ ᠲᠣᠭᠢᠶᠠᠯ ᠢ ᠡᠵᠡᠮᠳᠡᠵᠦ ᠂ ᠵᠣᠬᠢᠶᠠᠮᠠᠯ ᠤᠶᠤᠨ ᠴᠢᠳᠠᠪᠤᠷᠢ ᠶᠢᠨ ᠬᠥᠭᠵᠢᠯᠲᠡ ᠪᠣᠯᠣᠨ ᠵᠠᠰᠠᠯᠲᠠ ᠶᠢᠨ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠵᠣᠬᠢᠶᠠᠮᠠᠯ ᠤᠶᠤᠨ ᠴᠢᠳᠠᠪᠤᠷᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠂ ᠡᠯ᠎ᠡ ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠪᠠᠷ ᠴᠢᠷᠮᠠᠶᠢᠨ᠎ᠠ ᠭᠡᠵᠦ ᠵᠢᠭᠠᠵᠤ ᠭᠠᠷᠭᠠᠪᠠ ᠃  2024 ᠳᠡᠯᠡᠬᠡᠢ ᠶᠢᠨ ᠣᠶᠤᠨᠴᠢ ᠴᠢᠳᠠᠪᠤᠷᠢ ᠶᠢᠨ ᠠᠵᠤ ᠦᠢᠯᠡᠰ ᠤᠨ ᠦᠵᠡᠰᠭᠦᠯᠡᠩ ᠤᠨ ᠴᠤᠭᠯᠠᠭᠠᠨ ᠨᠢ ︽ ᠣᠶᠤᠨᠴᠢ ᠶᠢᠷᠲᠢᠨᠴᠦ ᠂ ᠴᠠᠬᠢᠮ ᠢᠷᠡᠭᠡᠳᠦᠢ ︾ ᠪᠠᠷ ᠭᠤᠣᠯ ᠰᠡᠳᠦᠪ ᠪᠤᠯᠭᠠᠵᠤ ᠂ ᠲᠢᠶᠠᠨᠵᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠴᠦᠩᠴᠢᠩ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠭᠤᠣᠯᠯᠠᠨ ᠡᠷᠭᠢᠯᠡᠵᠦ ᠂ ᠲᠣᠰ ᠡᠳᠦᠷ ᠲᠢᠶᠠᠨᠵᠢᠨ ᠬᠤᠲᠠ ᠳᠤ ᠡᠬᠢᠯᠡᠪᠡ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号