2024 ᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/6/24
ᠥᠪᠥᠷ ᠡᠮᠴᠢᠯᠡᠭᠡ ᠪᠠᠲᠤᠯᠠᠭ᠎ᠠ ᠠᠯᠪᠠᠨ ᠥᠰᠥᠭ ﹇2024﹈ 66 ᠳ᠋ᠤᠭᠠᠷ ᠲᠣᠭᠠᠲᠤᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠄  ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ᠣᠷᠣᠨ ᠪᠦᠰᠡ ᠶᠢᠨ ᠬᠠᠮᠵᠢᠯᠴᠠᠭ᠎ᠠ ᠶᠢ ᠴᠢᠩᠭᠠᠳᠬᠠᠵᠤ 2024 ᠣᠨ ᠤ ᠡᠮ ᠡᠮᠨᠡᠯᠭᠡ ᠲᠥᠪᠯᠡᠷᠡᠭᠦᠯᠦᠨ ᠬᠤᠳᠠᠯᠳᠤᠨ ᠠᠪᠬᠤ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠡᠳᠦᠭᠡ ᠮᠠᠨ ᠤ ᠣᠷᠣᠨ ᠤ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠰᠠᠶᠢᠲᠤᠷ ᠬᠢᠬᠦ ᠬᠠᠮᠢᠶ᠎ᠠ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠃  ᠨᠢᠭᠡ᠂ ᠲᠥᠪᠯᠡᠷᠡᠭᠦᠯᠦᠨ ᠬᠤᠳᠠᠯᠳᠤᠨ ᠠᠪᠬᠤ ᠳᠤ ᠰᠣᠩᠭᠤᠭᠳᠠᠭᠰᠠᠨ ᠦᠷ᠎ᠡ ᠳ᠋ᠦᠩ ᠪᠣᠯᠤᠨ ᠦᠷᠭᠦᠯᠵᠢᠯᠡᠭᠦᠯᠬᠦ ᠠᠵᠢᠯ ᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ  ︵ᠨᠢᠭᠡ︶ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠪᠠ ᠦᠷᠭᠦᠯᠵᠢᠯᠡᠭᠦᠯᠬᠦ ᠠᠵᠢᠯ ᠢ ᠡᠮᠬᠢ ᠵᠢᠷᠤᠮ ᠲᠠᠢ ᠥᠷᠨᠢᠭᠦᠯᠦᠨ᠎ᠡ᠃ ᠤᠯᠤᠰ ᠤᠨ ᠵᠣᠬᠢᠶᠠᠨ ᠪᠠᠶᠢᠭᠤᠯᠤᠭᠰᠠᠨ ᠰᠢᠨ᠎ᠡ ᠪᠦᠯᠦᠭ ᠤᠳᠠᠭ᠎ᠠ ᠶᠢᠨ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠳᠤ ᠰᠣᠩᠭᠤᠭᠳᠠᠭᠰᠠᠨ ᠦᠷ᠎ᠡ ᠳ᠋ᠦᠩ ᠢ ᠱᠠᠭᠠᠷᠳᠠᠯᠭ᠎ᠠ ᠶᠣᠰᠣᠭᠠᠷ ᠨᠠᠶᠢᠳᠠᠪᠤᠷᠢᠵᠢᠭᠤᠯᠤᠨ ᠬᠡᠷᠡᠭᠵᠢᠭᠦᠯᠦᠨ᠎ᠡ᠃ ᠤᠯᠤᠰ ᠤᠨ ᠵᠣᠬᠢᠶᠠᠨ ᠪᠠᠶᠢᠭᠤᠯᠤᠭᠰᠠᠨ ᠲᠥᠪᠯᠡᠷᠡᠭᠦᠯᠦᠨ ᠬᠤᠳᠠᠯᠳᠤᠨ ᠠᠪᠬᠤ ᠡᠮ ᠤᠨ ᠵᠦᠢᠯ ᠢ ᠦᠷᠭᠦᠯᠵᠢᠯᠡᠭᠦᠯᠦᠨ ᠬᠤᠳᠠᠯᠳᠤᠨ ᠠᠪᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠮᠠᠨ ᠤ ᠣᠷᠣᠨ ᠳᠤ ᠬᠠᠩᠭᠠᠬᠤ ᠪᠤᠰᠤ ᠰᠣᠩᠭᠤᠭᠳᠠᠭᠰᠠᠨ ᠠᠵᠤ ᠠᠬᠤᠶᠢᠯᠠᠯ ᠤᠨ ᠰᠦᠯᠵᠢᠶᠡᠨ ᠳᠤ ᠬᠤᠯᠪᠤᠭᠰᠠᠨ ᠦᠨ᠎ᠡ ᠬᠠᠩᠰᠢ ᠶᠢ ᠵᠦᠶ ᠵᠣᠬᠢᠰᠲᠠᠶ ᠬᠢᠵᠠᠭᠠᠷᠯᠠᠨ᠎ᠠ᠃ ᠬᠤᠪᠧᠢ ᠪᠠᠷ ᠲᠦᠷᠦᠭᠦᠯᠡᠭᠦᠯᠦᠭᠰᠡᠨ ᠬᠢᠲᠠᠳ ᠡᠮ ᠤᠨ ᠬᠤᠯᠪᠤᠭ᠎ᠠ᠂ ᠱᠠᠨᠳᠦ᠋ᠩ ᠢᠶᠠᠷ ᠲᠦᠷᠦᠭᠦᠯᠡᠭᠦᠯᠦᠭᠰᠡᠨ ᠬᠢᠳᠠᠳ ᠬᠡᠷᠴᠢᠮ ᠡᠮ ᠤᠨ ᠬᠤᠯᠪᠤᠭ᠎ᠠ᠂ ᠾᠧᠨᠠᠨ ᠢᠶᠠᠷ ᠲᠦᠷᠦᠭᠦᠯᠡᠭᠦᠯᠦᠭᠰᠡᠨ ᠤᠯᠤᠰ ᠠᠴᠠ ᠬᠤᠳᠠᠯᠳᠤᠨ ᠠᠪᠬᠤ ᠣᠷᠣᠯᠠᠵᠤ ᠪᠤᠯᠬᠤ ᠡᠮ ᠤᠨ ᠵᠦᠢᠯ ᠤᠨ ᠬᠤᠯᠪᠤᠭ᠎ᠠ᠂ ᠰᠠᠨᠮᠢᠩ ᠢᠶᠠᠷ ᠲᠦᠷᠦᠭᠦᠯᠡᠭᠦᠯᠦᠭᠰᠡᠨ ᠬᠠᠪᠤᠳᠠᠷ ᠪᠤᠯᠤᠨ ᠠᠮᠢᠰᠬᠤᠯ ᠤᠨ ᠰᠢᠰᠲ᠋ᠧᠮ ᠵᠡᠷᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠳᠤ ᠢᠳᠡᠪᠬᠢᠳᠠᠢ ᠣᠷᠣᠯᠴᠠᠨ᠎ᠠ᠃ ᠭᠠᠳᠠᠷ ᠮᠤᠵᠢ ᠳᠤ ᠨᠢᠭᠡᠨᠲᠡ ᠬᠡᠮᠵᠢᠶ᠎ᠡ ᠲᠠᠢ ᠬᠤᠳᠠᠯᠳᠤᠨ ᠠᠪᠬᠤ ᠶᠢ ᠥᠷᠨᠢᠭᠦᠯᠦᠭᠰᠡᠨ ᠮᠥᠷᠲᠡᠭᠡᠨ ᠦᠨ᠎ᠡ ᠨᠢ ᠭᠦᠢᠴᠡᠳ ᠥᠷᠢᠰᠦᠯᠳᠦᠭᠡᠨ ᠲᠠᠢ ᠲᠥᠷᠥᠯ ᠵᠦᠢᠯ ᠳᠤ ᠴᠠᠭ ᠲᠤᠨᠢ ᠲᠣᠬᠢᠷᠠᠭᠤᠯᠤᠨ ᠬᠡᠮᠵᠢᠶ᠎ᠡ ᠲᠠᠢ ᠦᠨ᠎ᠡ ᠬᠠᠩᠰᠢ ᠶᠢᠨ ᠬᠤᠯᠪᠣᠭᠠᠯᠠᠨ ᠬᠥᠳᠡᠯᠦᠯᠴᠡᠬᠦ ᠶᠢ ᠥᠷᠨᠢᠭᠦᠯᠵᠦ᠂ ᠲᠥᠷᠥ ᠶᠢᠨ ᠪᠣᠳᠣᠯᠭ᠎ᠠ ᠶᠢ ᠵᠦᠢ ᠵᠣᠬᠢᠰᠲᠠᠢ ᠲᠣᠭᠲᠠᠭᠠᠨ᠂ ᠬᠡᠮᠵᠢᠶ᠎ᠡ ᠲᠠᠢ ᠪᠠᠶᠢᠬᠤ ᠵᠠᠷᠴᠢᠮ ᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠬᠤ ᠳᠦᠷᠢᠮ ᠢᠶᠠᠷ ᠳᠠᠮᠵᠢᠭᠤᠯᠤᠨ ᠦᠨ᠎ᠡ ᠬᠠᠩᠰᠢ ᠶᠢᠨ ᠵᠥᠷᠢᠶ᠎ᠡ ᠶᠢ ᠪᠠᠭᠠᠰᠬᠠᠵᠤ᠂ ᠳᠥᠭᠦᠮᠴᠢᠯᠡᠨ ᠠᠵᠢᠯᠯᠠᠬᠤ ᠪᠠ ᠦᠨ᠎ᠡ ᠬᠠᠩᠰᠢ ᠶᠢᠨ ᠥᠨᠳᠦᠷᠯᠢᠭ ᠭᠠᠵᠠᠷ ᠪᠣᠯᠬᠤ ᠠᠴᠠ ᠵᠠᠶᠢᠯᠠᠰᠬᠢᠬᠤ ᠬᠡᠷᠡᠭᠲᠡᠢ᠃  ︵ᠬᠤᠶᠠᠷ︶ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠳ᠋ ᠢ ᠬᠡᠮᠵᠢᠶ᠎ᠡ ᠲᠠᠢ ᠪᠠᠷ ᠲᠥᠪᠯᠡᠷᠡᠭᠦᠯᠦᠨ ᠬᠤᠳᠠᠯᠳᠤᠨ ᠠᠪᠬᠤ ᠶᠢ ᠭᠦᠨᠵᠡᠭᠡᠶ ᠠᠬᠢᠭᠤᠯᠤᠨ᠎ᠠ᠃ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠶᠢᠨ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ᠂ ᠵᠣᠬᠢᠶᠠᠮᠠᠯ ᠦᠶ᠎ᠡ ᠪᠠ ᠪᠤᠰᠤᠳ ᠮᠤᠵᠢ ᠶᠢᠨ ᠬᠤᠭᠤᠷᠣᠨᠳᠣᠬᠢ ᠬᠤᠯᠪᠣᠭᠠᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠦᠷᠭᠦᠯᠵᠢᠯᠡᠭᠦᠯᠦᠨ ᠬᠤᠳᠠᠯᠳᠤᠨ ᠠᠪᠬᠤ ᠠᠵᠢᠯ ᠢ ᠰᠠᠶᠢᠲᠤᠷ ᠬᠢᠨ᠎ᠠ᠃ ᠵᠢᠶᠠᠩᠰᠢ ᠪᠠᠷ ᠲᠦᠷᠦᠭᠦᠯᠡᠭᠦᠯᠦᠭᠰᠡᠨ ᠠᠮᠢᠳᠤ ᠪᠣᠳᠠᠰ ᠤᠨ ᠬᠢᠮᠢ ᠶᠢᠨ ᠲᠥᠷᠥᠯ ᠪᠠ ᠠᠨᠾᠦ᠋ᠢ ᠪᠠᠷ ᠲᠦᠷᠦᠭᠦᠯᠡᠭᠦᠯᠦᠭᠰᠡᠨ ᠬᠠᠪᠤᠳᠠᠷ ᠤᠨ ᠪᠡᠯᠭᠡ ᠲᠡᠮᠳᠡᠭ ᠤᠨ ᠪᠣᠳᠠᠰ ᠵᠡᠷᠭᠡ ᠪᠡᠶ᠎ᠡ ᠶᠢᠨ ᠭᠠᠳᠠᠨᠠᠬᠢ ᠣᠨᠣᠰᠢᠯᠠᠬᠤ ᠲᠤᠷᠰᠢᠯᠲᠠ ᠶᠢᠨ ᠡᠳ᠋ ᠤᠨ ᠬᠤᠯᠪᠣᠭ᠎ᠠ᠂ ᠭᠤᠸᠠᠩᠳᠦ᠋ᠩ ᠢᠶᠠᠷ ᠲᠦᠷᠦᠭᠦᠯᠡᠭᠦᠯᠦᠭᠰᠡᠨ ᠬᠡᠲᠦ ᠲᠠᠭᠤᠨ ᠬᠢᠲᠤᠭᠠᠨ ᠤ ᠬᠤᠯᠪᠣᠭ᠎ᠠ᠂ ᠵᠧᠵᠢᠶᠠᠩ ᠢᠶᠠᠷ ᠲᠦᠷᠦᠭᠦᠯᠡᠭᠦᠯᠦᠭᠰᠡᠨ ᠬᠥᠬᠦᠨ ᠤ ᠡᠷᠭᠢᠯᠳᠦᠨ ᠬᠡᠷᠴᠢᠬᠦ ᠵᠡᠭᠦᠦ ᠶᠢᠨ ᠬᠤᠯᠪᠣᠭ᠎ᠠ᠂ ᠹᠦᠵᠢᠶᠠᠨ ᠢᠶᠠᠷ ᠲᠦᠷᠦᠭᠦᠯᠡᠭᠦᠯᠦᠭᠰᠡᠨ ᠴᠢᠰᠤᠨ ᠰᠤᠳᠠᠯ ᠢ ᠪᠢᠲᠡᠭᠦᠯᠡᠵᠦ ᠵᠠᠩᠭᠢᠳᠬᠤ ᠬᠠᠪᠴᠢᠭᠤᠷ ᠤᠨ ᠬᠤᠯᠪᠣᠭ᠎ᠠ᠂ ᠾᠧᠨᠠᠨ ᠢᠶᠠᠷ ᠲᠦᠷᠦᠭᠦᠯᠡᠭᠦᠯᠦᠭᠰᠡᠨ ᠲᠢᠲᠢᠮ ᠰᠤᠳᠤᠯ ᠤᠨ ᠬᠡᠷᠴᠢᠬᠦ ᠪᠥᠮᠪᠥᠭᠡᠨ ᠤᠭᠤᠲᠠ ᠵᠡᠷᠭᠡ ᠬᠤᠯᠪᠣᠭ᠎ᠠ᠂ ᠾᠧᠪᠸᠢ ᠪᠠᠷ ᠲᠦᠷᠦᠭᠦᠯᠡᠭᠦᠯᠦᠭᠰᠡᠨ ᠴᠢᠰᠤᠨ ᠰᠤᠳᠠᠯ ᠳᠤ ᠣᠷᠣᠯᠴᠠᠬᠤ ᠵᠡᠷᠭᠡ ᠬᠤᠯᠪᠣᠭ᠎ᠠ ᠶᠢᠨ ᠬᠤᠳᠠᠯᠳᠤᠨ ᠠᠪᠬᠤ ᠳᠤ ᠢᠳᠡᠪᠬᠢᠲᠡᠢ ᠣᠷᠣᠯᠴᠠᠨ᠎ᠠ᠃ ᠤᠯᠤᠰ ᠵᠢᠴᠢ ᠮᠤᠵᠢ ᠶᠢᠨ ᠬᠤᠭᠤᠷᠣᠨᠳᠣᠬᠢ ᠬᠤᠯᠪᠣᠭᠠᠨ ᠤ ᠲᠥᠪᠯᠡᠷᠡᠭᠦᠯᠦᠨ ᠬᠤᠳᠠᠯᠳᠤᠨ ᠠᠪᠬᠤ ᠠᠷᠭ᠎ᠠ ᠬᠢᠳᠡᠯ ᠢᠶᠠᠷ ᠭᠦᠢᠴᠡᠳ ᠲᠣᠯᠢ ᠪᠣᠯᠭᠠᠵᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠵᠦ᠂ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠰᠣᠨᠣᠰᠴᠤ᠂ ᠤᠷᠢᠳᠴᠢᠯᠠᠨ ᠴᠡᠨᠡᠭᠯᠡᠬᠦ ᠬᠡᠯᠪᠡᠷᠢ ᠶᠢᠨ ᠳᠠᠮᠵᠢᠭᠤᠯᠬᠤ ᠬᠤᠭᠤᠯᠠᠶ ᠶᠢᠨ ᠤᠬᠢᠶᠠᠬᠤ ᠮᠠᠰᠢᠨ ᠵᠡᠷᠭᠡ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠶᠢ ᠲᠦᠷᠦᠭᠦᠯᠡᠨ ᠥᠷᠨᠢᠭᠦᠯᠦᠨ᠎ᠡ᠃  ᠬᠤᠶᠠᠷ᠂ ᠰᠣᠩᠭᠤᠭᠳᠠᠭᠰᠠᠨ ᠦᠢᠯᠡᠳᠬᠦᠨ ᠤ ᠬᠡᠷᠡᠭᠵᠢᠭᠦᠯᠬᠦ ᠬᠠᠮᠢᠶᠠᠷᠤᠯᠲᠠ ᠶᠢ ᠴᠢᠩᠭᠠᠳᠬᠠᠨ᠎ᠠ  ︵ᠨᠢᠭᠡ︶ ᠲᠥᠪᠯᠡᠷᠡᠭᠦᠯᠦᠨ ᠬᠤᠳᠠᠯᠳᠤᠨ ᠠᠪᠬᠤ ᠬᠡᠷᠡᠭᠵᠢᠭᠦᠯᠦᠯᠲᠡ ᠶᠢᠨ ᠬᠢᠨᠠᠨ ᠬᠡᠮᠵᠢᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠥᠪᠯᠡᠷᠡᠭᠦᠯᠦᠨ ᠬᠤᠳᠠᠯᠳᠤᠨ ᠠᠪᠬᠤ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ᠎ᠡ᠃ ᠲᠥᠪᠯᠡᠷᠡᠭᠦᠯᠦᠨ ᠬᠤᠳᠠᠯᠳᠤᠨ ᠠᠪᠬᠤ ᠦᠷ᠎ᠡ ᠪᠦᠲᠦᠮᠵᠢ ᠳᠤ ᠬᠤᠯᠪᠣᠭᠳᠠᠬᠤ ᠵᠠᠩᠭᠢᠯᠠᠭ᠎ᠠ ᠶᠢᠨ ᠵᠦᠢᠯᠡᠰ᠂ ᠵᠢᠱᠢᠶᠡᠯᠡᠪᠡᠯ ᠮᠡᠳᠡᠭᠦᠯᠬᠦ ᠬᠡᠮᠵᠢᠶ᠎ᠡ ᠶᠢᠨ ᠬᠠᠮᠢᠶᠠᠷᠤᠯᠲᠠ᠂ ᠲᠥᠪᠯᠡᠷᠡᠭᠦᠯᠦᠨ ᠬᠤᠳᠠᠯᠳᠤᠨ ᠠᠪᠬᠤ ᠬᠡᠯᠡᠯᠴᠡᠭᠡᠷ ᠤᠨ ᠬᠡᠮᠵᠢᠶ᠎ᠡ ᠶᠢ ᠬᠡᠷᠡᠭᠵᠢᠭᠦᠯᠬᠦ᠂ ᠰᠣᠩᠭᠤᠭᠳᠠᠭᠰᠠᠨ ᠦᠭᠡᠢ ᠦᠢᠯᠡᠳᠬᠦᠨ ᠤ ᠦᠨ᠎ᠡ ᠬᠠᠩᠰᠢ ᠶᠢᠨ ᠬᠠᠮᠢᠶᠠᠷᠤᠯᠲᠠ ᠵᠢᠴᠢ ᠰᠦᠯᠵᠢᠶᠡᠨ ᠳᠤ ᠬᠤᠯᠪᠤᠬᠤ ᠶᠢ ᠲᠦᠷ ᠵᠣᠭᠰᠣᠭᠠᠬᠤ ᠵᠡᠷᠭᠡ ᠲᠠᠯ᠎ᠠ ᠪᠠᠷ᠂ ᠲᠦᠷᠦᠭᠦᠯᠡᠨ ᠬᠢᠬᠦ ᠮᠤᠵᠢ ᠯᠤᠭ᠎ᠠ ᠨᠢᠭᠡᠳᠦᠯᠲᠡᠶ ᠪᠠᠶᠢᠵᠤ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠠᠯ᠎ᠠ ᠪᠠᠷ ᠰᠤᠯᠠ ᠲᠠᠯᠪᠢᠵᠤ ᠡᠪᠯᠡᠭᠦᠯᠬᠦ ᠠᠴᠠ ᠵᠠᠶᠢᠯᠠᠰᠬᠢᠬᠦ ᠬᠡᠷᠡᠭᠲᠡᠶ᠃ ᠡᠯ᠎ᠡ ᠭᠠᠵᠠᠷ ᠤᠨ ᠬᠢᠨ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠵᠤ᠂ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠳᠤ ᠭᠤᠤᠯᠴᠢ ᠪᠠᠷ ᠬᠠᠨᠳᠤᠵᠤ᠂ ᠠᠵᠤ ᠠᠬᠤᠶᠢᠯᠠᠯ ᠤᠨ ᠥᠮᠴᠢᠯᠡᠯ᠂ ᠳᠠᠩᠰᠠᠯᠠᠭᠤᠯᠤᠭᠰᠠᠨ ᠭᠠᠵᠠᠷ᠂ ᠬᠡᠪᠴᠢᠶᠡᠨ ᠤ ᠶᠡᠭᠡ ᠪᠠᠭ᠎ᠠ᠂ ᠳᠣᠲᠣᠭᠠᠳᠤ ᠭᠠᠳᠠᠭᠠᠳᠤ ᠪᠡᠯᠡ᠂ ᠮᠠᠨ ᠤ ᠣᠷᠣᠨ ᠳᠤ ᠪᠣᠷᠣᠯᠠᠭᠤᠯᠤᠨ ᠬᠤᠳᠠᠯᠳᠤᠭᠰᠠᠨ ᠲᠡᠮᠳᠡᠭᠯᠡᠯ ᠲᠠᠢ ᠡᠰᠡᠬᠦ ᠵᠡᠷᠭᠡ ᠵᠦᠢ ᠵᠣᠬᠢᠰ ᠦᠭᠡᠶ ᠨᠥᠬᠦᠴᠡᠯ ᠢᠶᠠᠷ ᠭᠠᠳᠠᠭᠤᠷᠴᠢᠯᠠᠬᠤ ᠴᠢᠨᠠᠷᠲᠠᠶ ᠳᠦᠷᠢᠮ ᠢ ᠲᠣᠭᠲᠠᠭᠠᠵᠤ ᠪᠣᠯᠬᠤ ᠦᠭᠡᠶ᠂ ︽ᠣᠷᠣᠨ ᠨᠤᠲᠤᠭ ᠤᠨ ᠬᠠᠮᠠᠭᠠᠯᠠᠯᠲᠠ︾ ᠶᠢ ᠴᠢᠩᠭ᠎ᠠ ᠰᠡᠷᠭᠡᠶᠢᠯᠡᠬᠦ ᠬᠡᠷᠡᠭᠲᠡᠶ᠃  ︵ᠬᠤᠶᠠᠷ︶ ᠲᠥᠪᠯᠡᠷᠡᠭᠦᠯᠦᠨ ᠬᠤᠳᠠᠯᠳᠤᠨ ᠠᠪᠤᠭᠰᠠᠨ ᠦᠷ᠎ᠡ ᠳ᠋ᠦᠩ ᠢ ᠬᠢᠨᠠᠮᠠᠭᠠᠶ ᠵᠣᠬᠢᠶᠠᠨ ᠪᠠᠶᠢᠭᠤᠯᠬᠤ ᠶᠢᠨ ᠬᠠᠮᠲᠤ ᠰᠢᠮᠳᠠᠭᠤᠯᠤᠨ ᠬᠡᠷᠡᠭᠵᠢᠭᠦᠯᠬᠦ ᠬᠡᠷᠡᠭᠲᠡᠶ᠃ ᠡᠯ᠎ᠡ ᠭᠠᠵᠠᠷ ᠤᠨ ᠬᠢᠨ ᠬᠠᠷᠢᠶ᠎ᠠ ᠭᠠᠵᠠᠷᠵᠢᠭᠤᠯᠤᠭᠰᠠᠨ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠲᠥᠪᠯᠡᠷᠡᠭᠦᠯᠦᠨ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠪᠠ ᠬᠤᠳᠠᠯᠳᠤᠨ ᠠᠪᠬᠤ ᠬᠡᠯᠡᠯᠴᠡᠭᠡᠷ ᠢ ᠴᠢᠩᠭ᠎ᠠ ᠨᠠᠶᠢᠳᠠᠪᠤᠷᠢᠵᠢᠭᠤᠯᠵᠤ᠂ ᠰᠣᠩᠭᠤᠭᠳᠠᠭᠰᠠᠨ ᠦᠢᠯᠡᠳᠬᠦᠨ ᠤ ᠬᠠᠩᠭᠠᠯᠭ᠎ᠠ ᠶᠢ ᠵᠣᠬᠢᠴᠠᠭᠤᠯᠤᠨ ᠪᠠᠲᠤᠯᠠᠬᠤ ᠶᠢ ᠴᠢᠩᠭᠠᠳᠬᠠᠨ᠂ ᠡᠮᠴᠢᠯᠡᠭᠡᠨ ᠤ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠱᠠᠭᠠᠷᠳᠠᠯᠭ᠎ᠠ ᠶᠣᠰᠣᠭᠠᠷ ᠡᠯᠧᠺᠲᠷᠣᠨ ᠬᠡᠯᠡᠯᠴᠡᠭᠡᠷ ᠲᠣᠭᠲᠠᠵᠤ᠂ ᠬᠡᠯᠡᠯᠴᠡᠭᠡᠷ ᠤᠨ ᠬᠤᠳᠠᠯᠳᠤᠨ ᠠᠪᠬᠤ ᠬᠡᠮᠵᠢᠶ᠎ᠡ ᠶᠢ ᠴᠠᠭ ᠲᠤᠬᠠᠶ ᠳᠤᠨᠢ ᠪᠡᠶᠡᠯᠡᠭᠦᠯᠦᠨ᠂ ᠰᠣᠩᠭᠤᠭᠳᠠᠭᠰᠠᠨ ᠦᠢᠯᠡᠳᠬᠦᠨ ᠢ ᠡᠩ ᠲᠡᠷᠢᠭᠦᠨ ᠳᠤ ᠬᠡᠷᠡᠭᠯᠡᠬᠦ ᠬᠡᠷᠡᠭᠲᠡᠶ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠬᠤᠪᠢᠶᠠᠷᠢ ᠰᠢᠰᠲ᠋ᠧᠮ ᠢᠶᠠᠷ ᠳᠠᠮᠵᠢᠭᠤᠯᠤᠨ᠂ ᠪᠥᠬᠦ ᠤᠯᠤᠰ ᠤᠨ ᠬᠤᠯᠪᠣᠭᠠᠯᠠᠨ ᠬᠤᠳᠠᠯᠳᠤᠨ ᠠᠪᠬᠤ ᠶᠢ ᠲᠦᠷᠦᠭᠦᠯᠡᠨ ᠬᠢᠭᠰᠡᠨ ᠮᠤᠵᠢ ᠳᠤ ᠬᠤᠯᠪᠣᠭᠳᠠᠯ ᠪᠥᠬᠦᠶ ᠬᠤᠳᠠᠯᠳᠤᠨ ᠠᠪᠬᠤ ᠳ᠋ᠠᠶᠢᠲ᠋ᠠ ᠶᠢ ᠪᠠᠶᠢᠴᠠᠭᠠᠨ ᠯᠠᠪᠯᠠᠬᠤ ᠡᠷᠬᠡ ᠮᠡᠳᠡᠯ ᠢ ᠨᠡᠭᠡᠭᠡᠵᠦ᠂ ᠡᠯ᠎ᠡ ᠭᠠᠵᠠᠷ ᠤᠨ ᠬᠢᠨ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠬᠤᠪᠢᠶᠠᠷᠢ ᠰᠢᠰᠲ᠋ᠧᠮ ᠳᠤ ᠳ᠋ᠠᠶᠢᠲ᠋ᠠ ᠶᠢ ᠴᠠᠭ ᠲᠤᠬᠠᠶ ᠳᠤᠨᠢ ᠵᠢᠷᠤᠮᠵᠢᠭᠤᠯᠤᠨ ᠳᠠᠮᠵᠢᠭᠤᠯᠬᠤ ᠬᠡᠷᠡᠭᠲᠡᠶ᠃ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠪᠣᠯᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠢ ᠵᠣᠷᠢᠭᠵᠢᠭᠤᠯᠤᠨ ᠲᠥᠪᠯᠡᠷᠡᠭᠦᠯᠦᠨ ᠬᠤᠳᠠᠯᠳᠤᠨ ᠠᠪᠬᠤ ᠳᠤ ᠣᠷᠣᠯᠴᠠᠭᠤᠯᠬᠤ ᠶᠢᠨ ᠬᠠᠮᠲᠤ ᠴᠢᠬᠤᠯᠠ ᠪᠦᠬᠦᠢ ᠪᠣᠯᠪᠠᠰᠤᠷᠠᠯ᠂ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠵᠡᠷᠭᠡ ᠦᠢᠯᠡᠴᠢᠯᠡᠭᠡ ᠬᠠᠩᠭᠠᠬᠤ ᠬᠡᠷᠡᠭᠲᠡᠶ᠃ ᠨᠥᠬᠦᠴᠡᠯ ᠨᠢ ᠪᠣᠯᠪᠠᠰᠤᠷᠠᠩᠭᠤᠶ ᠰᠣᠩᠭᠤᠭᠳᠠᠭᠰᠠᠨ ᠲᠥᠷᠥᠯ ᠵᠦᠢᠯ ᠢ ᠦᠨᠡᠯᠡᠨ ᠵᠢᠱᠢᠬᠦ ᠪᠠᠷ ᠳᠡᠮᠵᠢᠨ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠬᠢᠭᠡᠳ ᠡᠮ ᠡᠮᠨᠡᠯᠭᠡ ᠶᠢᠨ ᠠᠵᠤ ᠠᠬᠤᠶᠢᠯᠠᠯ ᠤᠨ ᠰᠢᠭᠤᠳ ᠳ᠋ᠦᠩᠨᠡᠨ ᠪᠤᠳᠤᠬᠤ ᠳᠤ ᠣᠷᠣᠭᠤᠯᠤᠨ᠎ᠠ᠃  ᠭᠤᠷᠪᠠ᠂ ᠲᠥᠪᠯᠡᠷᠡᠭᠦᠯᠦᠨ ᠬᠤᠳᠠᠯᠳᠤᠨ ᠠᠪᠬᠤ ᠪᠠᠷ ᠭᠠᠷᠳᠠᠴᠠ ᠪᠣᠯᠭᠠᠨ ᠰᠦᠯᠵᠢᠶ᠎ᠡ ᠪᠠᠷ ᠬᠤᠳᠠᠯᠳᠤᠨ ᠠᠪᠬᠤ ᠨᠣᠷᠮ᠎ᠠ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ  ᠡᠯ᠎ᠡ ᠭᠠᠵᠠᠷ ᠤᠨ ᠬᠢᠨ ᠲᠥᠪᠯᠡᠷᠡᠭᠦᠯᠦᠨ ᠬᠤᠳᠠᠯᠳᠤᠨ ᠠᠪᠬᠤ ᠳᠤ ᠣᠷᠣᠯᠴᠠᠭᠰᠠᠨ ᠡᠮᠴᠢᠯᠡᠭᠡᠨ ᠤ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠱᠠᠭᠠᠷᠳᠠᠯᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠠᠪᠴᠠᠩ ᠠᠴᠠ ᠲᠥᠪᠯᠡᠷᠡᠭᠦᠯᠦᠨ ᠬᠤᠳᠠᠯᠳᠤᠨ ᠠᠪᠬᠤ ᠲᠥᠷᠥᠯ ᠵᠦᠢᠯ ᠢ ᠬᠤᠳᠠᠯᠳᠤᠨ ᠠᠪᠤᠭᠤᠯᠬᠤ ᠬᠡᠷᠡᠭᠲᠡᠢ᠂ ᠡᠭᠦᠨ ᠳᠤ ᠰᠣᠩᠭᠤᠭᠳᠠᠭᠰᠠᠨ ᠦᠢᠯᠡᠳᠬᠦᠨ ᠪᠠ ᠰᠣᠩᠭᠤᠭᠳᠠᠭᠰᠠᠨ ᠦᠭᠡᠢ ᠦᠢᠯᠡᠳᠭᠦᠨ ᠢ ᠪᠠᠭᠲᠠᠭᠠᠨ᠎ᠠ᠃ ᠲᠥᠪᠯᠡᠷᠡᠭᠦᠯᠦᠨ ᠬᠤᠳᠠᠯᠳᠤᠨ ᠠᠪᠬᠤ ᠲᠦᠷᠦᠯ ᠵᠦᠢᠯ ᠢᠶᠠᠷ ᠭᠠᠷᠳᠠᠴᠠ ᠪᠣᠯᠭᠠᠵᠤ᠂ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠰᠦᠯᠵᠢᠶ᠎ᠡ ᠪᠠᠷ ᠬᠤᠳᠠᠯᠳᠤᠨ ᠠᠪᠬᠤ ᠨᠣᠷᠮ᠎ᠠ ᠶᠢ ᠭᠤᠤᠯᠳᠠᠯᠭ᠎ᠠ ᠲᠠᠢ ᠳᠡᠭᠡᠭᠰᠢᠯᠡᠭᠦᠯᠬᠦ ᠬᠡᠷᠡᠭᠲᠡᠶ᠃ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠢᠶᠠᠷ ᠳᠠᠮᠵᠢᠭᠤᠯᠤᠨ ᠳ᠋ᠦᠩᠨᠡᠨ ᠪᠤᠳᠤᠭᠰᠠᠨ ᠳ᠋ᠠᠶᠢᠲ᠋ᠠ ᠪᠠ ᠰᠦᠯᠵᠢᠶ᠎ᠡ ᠪᠠᠷ ᠬᠤᠳᠠᠯᠳᠤᠨ ᠠᠪᠤᠭᠰᠠᠨ ᠳ᠋ᠠᠶᠢᠲ᠋ᠠ ᠶᠢ ᠬᠠᠷᠢᠴᠠᠭᠤᠯᠵᠤ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠰᠦᠯᠵᠢᠶ᠎ᠡ ᠪᠠᠷ ᠬᠤᠳᠠᠯᠳᠤᠨ ᠠᠪᠬᠤ ᠶᠢ ᠲᠦᠷᠭᠡᠳᠬᠡᠨ ᠠᠬᠢᠭᠤᠯᠬᠤ ᠬᠡᠷᠡᠭᠲᠡᠶ᠃  ᠳᠥᠷᠪᠡ᠂ ᠲᠥᠪᠯᠡᠷᠡᠭᠦᠯᠦᠨ ᠬᠤᠳᠠᠯᠳᠤᠨ ᠠᠪᠬᠤ ᠶᠢ ᠬᠡᠷᠡᠭᠵᠢᠭᠦᠯᠬᠦ ᠪᠥᠬᠦ ᠴᠤᠪᠤᠷᠠᠯ ᠢ ᠰᠠᠭᠤᠷᠢ ᠮᠥᠩᠭᠦ ᠶᠢᠨ ᠭᠡᠨᠡᠳᠡᠭᠦᠯᠦᠨ ᠪᠠᠶᠢᠴᠠᠭᠠᠯᠲᠠ ᠳᠤ ᠣᠷᠣᠭᠤᠯᠤᠨ᠎ᠠ  ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠭᠡᠨᠡᠳᠡᠭᠦᠯᠦᠨ ᠪᠠᠶᠢᠴᠠᠭᠠᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠪᠯᠡᠷᠡᠭᠦᠯᠦᠨ ᠬᠤᠳᠠᠯᠳᠤᠨ ᠠᠪᠬᠤ ᠳᠤ ᠰᠣᠩᠭᠤᠭᠳᠠᠭᠰᠠᠨ ᠦᠷ᠎ᠡ ᠳ᠋ᠦᠩ ᠢ ᠬᠡᠷᠡᠭᠵᠢᠭᠦᠯᠦᠭᠰᠡᠨ ᠪᠠᠶᠢᠳᠠᠯ ᠢ ᠮᠠᠨ ᠤ ᠣᠷᠣᠨ ᠤ ᠭᠡᠨᠡᠳᠡᠭᠦᠯᠦᠨ ᠪᠠᠶᠢᠴᠠᠭᠠᠯᠲᠠ ᠳᠤ ᠪᠥᠬᠦ ᠲᠠᠯ᠎ᠠ ᠪᠠᠷ ᠣᠷᠣᠭᠤᠯᠤᠨ᠂ ᠡᠮᠴᠢᠯᠡᠭᠡᠨ ᠤ ᠪᠠᠶᠢᠭᠤᠯᠤᠮᠵᠢ ᠶᠢᠨ ᠲᠥᠪᠯᠡᠷᠡᠭᠦᠯᠦᠨ ᠬᠤᠳᠠᠯᠳᠤᠨ ᠠᠪᠬᠤ ᠳᠤ ᠰᠣᠩᠭᠤᠭᠳᠠᠭᠰᠠᠨ ᠦᠢᠯᠡᠳᠬᠦᠨ ᠢ ᠬᠤᠳᠠᠯᠳᠤᠨ ᠠᠪᠬᠤ᠂ ᠬᠡᠷᠡᠭᠯᠡᠬᠦ ᠪᠠ ᠳ᠋ᠦᠩᠨᠡᠨ ᠪᠣᠳᠣᠬᠤ ᠵᠡᠷᠭᠡ ᠪᠠᠶᠢᠳᠠᠯ ᠳᠤ ᠪᠠᠶᠢᠴᠠᠭᠠᠯᠲᠠ ᠬᠢᠵᠦ᠂ ᠰᠣᠩᠭᠤᠭᠳᠠᠭᠰᠠᠨ ᠦᠢᠯᠡᠳᠬᠦᠨ ᠢ ᠡᠮᠨᠡᠯᠭᠡ ᠳᠤ ᠣᠷᠣᠭᠤᠯᠤᠭᠰᠠᠨ ᠥᠬᠡᠶ᠂ ᠬᠡᠯᠡᠯᠴᠡᠭᠡᠷ ᠲᠤ ᠲᠣᠭᠲᠠᠭᠰᠠᠨ ᠬᠡᠮᠵᠢᠶ᠎ᠡ ᠶᠢ ᠪᠡᠶᠡᠯᠡᠭᠦᠯᠦᠭᠰᠡᠨ ᠥᠬᠡᠶ᠂ ᠲᠣᠭᠲᠠᠭᠰᠠᠨ ᠴᠠᠭ ᠲᠠᠭᠠᠨ ᠵᠣᠭᠤᠰ ᠪᠤᠴᠠᠭᠠᠭᠰᠠᠨ ᠥᠬᠡᠶ᠂ ᠥᠨᠳᠥᠷ ᠦᠨ᠎ᠡ ᠲᠠᠢ ᠰᠣᠩᠭᠤᠭᠳᠠᠭᠰᠠᠨ ᠦᠭᠡᠢ ᠦᠢᠯᠡᠳᠬᠦᠨ ᠢ ᠬᠡᠷᠡᠭᠯᠡᠭᠰᠡᠨ ᠬᠠᠷᠢᠴᠠᠯ ᠥᠨᠳᠥᠷ᠂ ᠥᠨᠳᠥᠷ ᠦᠨ᠎ᠡ ᠲᠠᠢ ᠣᠷᠣᠯᠠᠵᠤ ᠪᠣᠯᠬᠤ ᠲᠥᠷᠥᠯ ᠵᠦᠢᠯ ᠤᠨ ᠬᠡᠷᠡᠭᠯᠡᠯᠲᠡ ᠶᠢᠨ ᠬᠡᠪ ᠤᠨ ᠪᠤᠰᠤ ᠨᠡᠮᠡᠭᠳᠡᠯ᠂ ᠰᠦᠯᠵᠢᠶᠡᠨ ᠭᠠᠳᠠᠨ᠎ᠠ ᠬᠤᠳᠠᠯᠳᠤᠨ ᠠᠪᠬᠤ᠂ ᠰᠣᠩᠭᠤᠭᠳᠠᠭᠰᠠᠨ ᠠᠵᠤ ᠠᠬᠤᠶᠢᠯᠠᠯ ᠪᠠᠷᠠᠭ᠎ᠠ ᠬᠠᠩᠭᠠᠬᠤ ᠶᠢ ᠬᠤᠶᠢᠰᠢᠯᠠᠭᠤᠯᠬᠤ ᠪᠤᠶᠤ ᠪᠠᠷᠠᠭ᠎ᠠ ᠬᠠᠩᠭᠠᠭᠰᠠᠨ ᠥᠬᠡᠶ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠨ᠎ᠠ᠃ ᠭᠡᠨᠡᠳᠡᠭᠦᠯᠦᠨ ᠪᠠᠶᠢᠴᠠᠭᠠᠬᠤ ᠳᠤᠮᠳᠠ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠬᠠᠮᠢᠶ᠎ᠠ ᠪᠥᠬᠦᠶ ᠡᠮᠴᠢᠯᠡᠭᠡᠨ ᠤ ᠪᠠᠶᠢᠭᠤᠯᠤᠮᠵᠢ ᠪᠠ ᠠᠵᠤ ᠠᠬᠤᠶᠢᠯᠠᠯ ᠢ ᠵᠠᠷᠯᠠᠨ ᠮᠡᠳᠡᠭᠳᠡᠵᠦ᠂ ᠪᠣᠯᠵᠣᠨ ᠶᠠᠷᠢᠯᠴᠠᠵᠤ᠂ ᠴᠡᠭᠴᠡᠯᠡᠨ ᠰᠠᠶᠢᠵᠢᠷᠠᠭᠤᠯᠤᠭᠰᠠᠨ ᠢᠶᠠᠷ ᠬᠦᠷᠦᠯᠴᠡᠬᠦ ᠥᠬᠡᠶ ᠶᠢ ᠨᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠯ ᠶᠣᠰᠣᠭᠠᠷ ᠤᠯᠠᠮ ᠨᠢᠭᠡ ᠠᠯᠬᠤᠮ ᠰᠢᠢᠳᠪᠦᠷᠢᠯᠡᠨ᠎ᠡ᠃  ᠲᠠᠪᠤ᠂ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠴᠤ ᠬᠡᠷᠡᠭᠯᠡᠬᠦ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠎ᠠ  ᠡᠯ᠎ᠡ ᠭᠠᠵᠠᠷ ᠤᠨ ᠬᠢᠨ ᠨᠢ ᠡᠮᠴᠢᠯᠡᠭᠡᠨ ᠤ ᠪᠠᠶᠢᠭᠤᠯᠤᠮᠵᠢ᠂ ᠠᠵᠤ ᠠᠬᠤᠶᠢᠯᠠᠯ ᠯᠤᠭ᠎ᠠ ᠨᠡᠪᠲᠡᠷᠡᠯᠴᠡᠬᠦ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠵᠦ᠂ ᠠᠰᠠᠭᠤᠳᠠᠯ ᠢ ᠲᠤᠰᠬᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠡᠷᠡᠭᠦᠯ ᠬᠠᠮᠠᠭᠠᠯᠠᠯ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠲᠥᠪᠯᠡᠷᠡᠩᠭᠦᠶ ᠬᠡᠮᠵᠢᠶ᠎ᠡ ᠲᠠᠢ ᠬᠤᠳᠠᠯᠳᠤᠨ ᠠᠪᠬᠤ ᠦᠢᠯᠡᠳᠬᠦᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠵᠦᠶ ᠵᠣᠬᠢᠰᠲᠠᠶ ᠬᠡᠷᠡᠭᠯᠡᠬᠦ ᠶᠢ ᠭᠦᠢᠴᠡᠳ ᠪᠠᠲᠤᠯᠠᠵᠤ᠂ ᠳᠠᠭᠠᠳᠬᠠᠯ ᠢ ᠮᠡᠬᠡᠯᠡᠭᠰᠡᠨ ᠰᠡᠵᠢᠭᠯᠡᠯᠲᠡᠶ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ᠂ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ  2024 ᠣᠨ ᠤ 6 ᠳ᠋ᠤᠭᠠᠷ ᠰᠠᠷ᠎ᠠ ᠶᠢᠨ 17 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号