ᠡᠯ᠎ᠡ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠢᠯᠡᠳᠪᠦᠷᠢᠯᠡᠯ ︵ᠡᠵᠡᠩᠨᠡᠯᠲᠡ︶ | ᠤᠨ ᠠᠵᠤ ᠠᠬᠤᠶᠢᠯᠠᠯ ᠳᠤ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ | ᠡᠮᠴᠢᠯᠡᠭᠡ ᠪᠠᠳᠤᠯᠠᠭ᠎ᠠ ᠠᠯᠪᠠᠨ ᠲᠠᠷᠬᠠᠭᠠᠭᠰᠠᠨ ﹇2019﹈ 41 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠳᠤ ᠬᠡᠷᠡᠭᠯᠡᠬᠦ ᠡᠮ ᠤᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ | ᠬᠠᠩᠭᠠᠬᠤ ᠶᠢᠨ ᠲᠤᠰᠠᠳᠠ᠂ ᠬᠥᠯᠥᠨ ᠪᠤᠶᠢᠷ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ | ᠶᠡᠷᠦᠩᠬᠡᠢ ᠪᠠᠲᠤᠯᠠᠭ᠎ᠠ ᠶᠢᠨ ᠲᠥᠪ ᠡᠷᠬᠡ ᠲᠡᠭᠰᠢ᠂ ᠲᠥᠪ ᠭᠤᠤᠯᠴᠢ᠂ ᠢᠯᠡ ᠪᠠᠶᠢᠯᠭᠠᠬᠤ ᠵᠠᠷᠴᠢᠮ ᠢ ᠵᠢᠷᠤᠮᠯᠠᠨ᠂ | 2024 ᠣᠨ ︵ᠳᠡᠭᠡᠷ᠎ᠡ ᠬᠠᠭᠠᠰ ᠵᠢᠯ︶ ᠤ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ | ᠪᠠ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠳ᠋ ᠢ ᠢᠯᠡ ᠪᠠᠷ ᠬᠤᠳᠠᠯᠳᠤᠨ ᠠᠪᠴᠤ | ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠣᠩᠭᠤᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ | ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠨᠡᠷ᠎ᠡ ᠮᠡᠳᠡᠭᠦᠯᠵᠦ ᠣᠷᠣᠯᠴᠠᠭᠰᠠᠨ 44 ᠠᠵᠤ ᠠᠬᠤᠶᠢᠯᠠᠯ ᠤᠨ | ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠶᠡᠷᠦᠩᠬᠡᠶᠢᠯᠡᠨ ᠬᠢᠨᠠᠨ ᠲᠣᠭᠲᠠᠭᠠᠵᠤ᠂ ᠬᠤᠷᠣᠭᠳᠠᠯ ᠮᠠᠲ᠋ᠧᠷᠢᠶᠠᠯ ᠢ | ᠳᠣᠭᠢᠷᠠᠭᠤᠯᠤᠨ ᠬᠦᠷᠭᠡᠬᠦ 25 ᠠᠵᠤ ᠠᠬᠤᠶᠢᠯᠠᠯ ᠢ ᠨᠡᠮᠡᠵᠦ ᠨᠥᠬᠦᠪᠥᠷᠢᠯᠡᠬᠦ ᠪᠠᠷ ᠲᠥᠯᠥᠪᠯᠡᠵᠦ᠂ ᠡᠳᠦᠭᠡ ᠰᠢᠯᠢᠨ | ᠰᠣᠩᠭᠤᠭᠰᠠᠨ ᠦᠷ᠎ᠡ ᠳ᠋ᠦᠩ ᠢ ᠳᠣᠤᠷᠠᠬᠢ ᠮᠡᠲᠦ ᠨᠡᠶᠢᠲᠡᠯᠡᠶ᠎ᠡ᠄ | ᠨᠢᠭᠡ᠂ ᠢᠯᠡ ᠨᠡᠶᠢᠲᠡᠯᠡᠬᠦ ᠴᠠᠭ | 2024 ᠣᠨ ᠤ 6 ᠳ᠋ᠤᠭᠠᠷ ᠰᠠᠷ᠎ᠠ ᠶᠢᠨ 25 ᠤ ᠡᠳᠦᠷ ᠠᠴᠠ 2024 ᠣᠨ ᠤ 7 ᠳ᠋ᠤᠭᠠᠷ ᠰᠠᠷ᠎ᠠ ᠶᠢᠨ | 1 ᠤ ᠡᠳᠦᠷ ᠪᠣᠯᠲᠠᠯ᠎ᠠ᠃ | ᠬᠤᠶᠠᠷ᠂ ᠢᠯᠡ ᠨᠡᠶᠢᠲᠡᠯᠡᠬᠦ ᠨᠢᠭᠡᠴᠢ | ᠬᠥᠯᠥᠨ ᠪᠤᠶᠢᠷ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠤᠪᠴᠢᠶ᠎ᠠ ᠶᠢᠨ ᠶᠡᠷᠦᠩᠬᠡᠢ ᠪᠠᠲᠤᠯᠠᠭ᠎ᠠ ᠶᠢᠨ | ᠲᠥᠪ᠃ | ᠭᠤᠷᠪᠠ᠂ ᠭᠤᠮᠣᠳᠠᠯ ︵ᠵᠠᠭᠠᠯᠳᠤᠬᠤ︶ ᠲᠣᠭᠠᠴᠢᠬᠤ ᠤᠲᠠᠰᠤ | ᠬᠥᠯᠥᠨ ᠪᠤᠶᠢᠷ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠶᠡᠷᠦᠩᠬᠡᠢ ᠪᠠᠲᠤᠯᠠᠭ᠎ᠠ ᠶᠢᠨ | ᠲᠥᠪ᠄ 0470 – 8206992 | ᠳᠥᠷᠪᠡ᠂ ᠬᠡᠪᠴᠢᠶᠡᠨ ᠳᠤ ᠣᠷᠣᠭᠤᠯᠬᠤ ᠪᠠᠷ ᠪᠠᠶᠢᠭ᠎ᠠ ᠠᠵᠤ ᠠᠬᠤᠶᠢᠯᠠᠯ ᠤᠨ ᠨᠡᠷᠡᠰ | ᠨᠠᠷᠢᠨ ᠵᠦᠢᠯ ᠢ ᠳᠠᠭᠠᠯᠳᠤᠭᠤᠯᠤᠯ ᠳᠤ ᠦᠵᠡᠭᠡᠷᠡᠢ᠃ | ᠲᠠᠪᠤ᠂ ᠢᠯᠡ ᠨᠡᠶᠢᠲᠡᠯᠡᠬᠦ ᠱᠠᠭᠠᠷᠳᠠᠯᠭ᠎ᠠ | ︵ᠨᠢᠭᠡ︶ ᠢᠯᠡ ᠨᠡᠶᠢᠲᠡᠯᠡᠬᠦ ᠬᠤᠭᠤᠴᠠᠭᠠᠨ ᠳᠤ ᠤᠲᠠᠰᠤ ᠪᠠᠷ ᠭᠥᠯᠢᠶᠡᠨ ᠠᠪᠴᠤ ᠰᠢᠢᠳᠪᠦᠷᠢᠯᠡᠬᠦ ᠴᠠᠭ ᠨᠢ | ᠠᠵᠢᠯᠯᠠᠬᠤ ᠡᠳᠦᠷ ᠤᠨ ᠦᠳᠡ ᠶᠢᠨ ᠡᠮᠦᠨ᠎ᠡ 09᠄ 00-12᠄ 00 ᠂ ᠦᠳᠡ ᠶᠢᠨ ᠬᠤᠶᠢᠨᠠᠬᠢ 2᠄ 00-5᠄ | 00 | ︵ᠬᠤᠶᠠᠷ︶ ᠢᠯᠡ ᠨᠡᠶᠢᠲᠡᠯᠡᠬᠦ ᠬᠤᠭᠤᠴᠠᠭᠠᠨ ᠳᠤ᠂ ᠨᠢᠭᠡᠴᠢ ᠪᠠ ᠬᠤᠪᠢ ᠬᠥᠮᠦᠨ ᠴᠥᠮ ᠤᠲᠠᠰᠤ ᠪᠤᠶᠤ | ᠪᠢᠴᠢᠭ ᠤᠨ ᠮᠠᠲ᠋ᠧᠷᠢᠶᠠᠯ ᠢᠶᠠᠷ ᠳᠠᠮᠵᠢᠭᠤᠯᠤᠨ ᠬᠠᠮᠢᠶ᠎ᠠ ᠪᠥᠬᠦᠶ ᠠᠰᠠᠭᠤᠳᠠᠯ ᠪᠠ ᠪᠠᠶᠢᠳᠠᠯ ᠢ ᠲᠤᠰᠬᠠᠵᠤ ᠪᠣᠯᠤᠨ᠎ᠠ᠂ | ᠲᠤᠰᠬᠠᠭᠰᠠᠨ ᠬᠥᠮᠥᠨ ᠡᠷᠬᠡᠪᠰᠢ ᠦᠨᠡᠨ ᠣᠪᠣᠭ ᠨᠡᠷ᠎ᠡ ᠪᠠᠷ ᠢᠶᠠᠨ ᠦᠨᠡᠨ ᠪᠣᠳᠠᠲᠠᠢ ᠪᠠᠶᠢᠳᠠᠯ ᠢ ᠲᠤᠰᠬᠠᠬᠤ | ᠬᠡᠷᠡᠭᠲᠡᠢ᠃ ᠠᠵᠤ ᠠᠬᠤᠶᠢᠯᠠᠯ ᠬᠡᠷᠪᠡ ᠠᠯᠪᠠᠨ ᠵᠠᠷ ᠲᠤ ᠣᠨᠳᠣᠣ ᠰᠠᠨᠠᠯ ᠲᠠᠢ ᠪᠣᠯ᠂ ︽ᠬᠡᠨ ᠰᠠᠨᠠᠭᠠᠴᠢᠯᠠᠪᠠᠯ ᠬᠡᠨ | ᠭᠡᠷᠡᠴᠢ ᠭᠠᠷᠭᠠᠬᠤ︾ ᠵᠠᠷᠴᠢᠮ ᠶᠣᠰᠣᠭᠠᠷ᠂ ᠡᠷᠬᠡᠪᠰᠢ ᠢᠯᠡ ᠨᠡᠶᠢᠲᠡᠯᠡᠬᠦ ᠬᠤᠭᠤᠴᠠᠭᠠᠨ ᠳᠤ ᠦᠨᠡᠨ ᠪᠣᠳᠠᠲᠠᠢ | ᠬᠦᠴᠦᠨ ᠲᠠᠢ᠂ ᠪᠦᠷᠢᠨ ᠪᠦᠲᠦᠨ ᠭᠡᠷᠡᠴᠢ ᠪᠠᠷᠢᠮᠲᠠ ᠪᠠ ᠭᠡᠷᠡᠴᠢ ᠮᠠᠲ᠋ᠧᠷᠢᠶᠠᠯ ᠢ ᠬᠠᠩᠭᠠᠵᠤ᠂ ᠪᠢᠴᠢᠭ ᠤᠨ | ᠮᠠᠲ᠋ᠧᠷᠢᠶᠠᠯ ᠵᠢᠴᠢ ᠬᠠᠮᠢᠶ᠎ᠠ ᠪᠦᠬᠦᠢ ᠭᠡᠷᠡᠴᠢ ᠶᠢ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ ᠳᠠᠷᠤᠭᠰᠠᠨ ᠤ ᠳᠠᠷᠠᠭ᠎ᠠ᠂ | ᠬᠠᠤᠯᠢ ᠶᠢᠨ ᠡᠷᠬᠡᠲᠡᠨ ᠠᠴᠠ ᠬᠥᠯᠥᠨ ᠪᠤᠶᠢᠷ ᠬᠤᠲᠠ ᠶᠢᠨ ᠠᠷᠠᠳ ᠤᠨ ᠠᠮᠢᠳᠤᠷᠠᠯ ᠤᠨ ᠲᠣᠮᠣ ᠠᠰᠠᠷ ᠤᠨ 720 | ᠲᠠᠰᠤᠭ ᠲᠤ ᠲᠤᠰᠢᠶᠠᠵᠤ᠂ ᠬᠤᠭᠤᠴᠠᠭ᠎ᠠ ᠬᠡᠲᠦᠷᠡᠭᠰᠡᠨ ᠤ ᠳᠠᠷᠠᠭ᠎ᠠ ᠲᠤᠰᠢᠶᠠᠭᠰᠠᠨ ᠮᠠᠲ᠋ᠧᠷᠢᠶᠠᠯ ᠢ ᠭᠥᠯᠢᠶᠡᠨ ᠠᠪᠴᠤ | ᠰᠢᠢᠳᠪᠦᠷᠢᠯᠡᠬᠦ ᠦᠭᠡᠢ᠃ | ᠣᠨᠴᠠᠭᠠᠶᠢᠯᠠᠨ ᠵᠠᠷᠯᠠᠨ ᠨᠡᠶᠢᠲᠡᠯᠡᠪᠡ | | ᠳᠠᠭᠠᠯᠳᠤᠭᠤᠯᠤᠯ᠄︽ᠬᠥᠯᠥᠨ ᠪᠤᠶᠢᠷ ᠬᠤᠲᠠ ᠶᠢᠨ 2024 ᠣᠨ ︵ᠳᠡᠭᠡᠷ᠎ᠡ ᠬᠠᠭᠠᠰ ᠵᠢᠯ︶ ᠤ ᠡᠮ ᠤᠨ | ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ | ᠲᠤᠷᠰᠢᠯᠲᠠ ᠶᠢᠨ ᠡᠳ᠋ ᠢ ᠢᠯᠡ ᠪᠠᠷ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠰᠢᠨ᠎ᠡ ᠪᠠᠷ ᠨᠡᠮᠡᠵᠦ | ᠨᠥᠬᠦᠪᠦᠷᠢᠯᠡᠭᠰᠡᠨ ᠠᠵᠤ ᠠᠬᠤᠶᠢᠯᠠᠯ ᠤᠨ ᠨᠡᠷᠡᠰ︾ | | ᠬᠥᠯᠥᠨ ᠪᠣᠶᠢᠷ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠶᠡᠷᠦᠩᠬᠡᠢ | ᠪᠠᠲᠤᠯᠠᠭ᠎ᠠ ᠶᠢᠨ ᠲᠥᠪ | 2024 ᠣᠨ ᠤ 6 ᠳ᠋ᠤᠭᠠᠷ ᠰᠠᠷ᠎ᠠ ᠶᠢᠨ 25 ᠤ ᠡᠳᠦᠷ | | | |