ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠰᠢᠯᠢᠳᠡᠭ ᠨᠡᠶᠢᠲᠡᠯᠢᠭ ᠬᠡᠷᠡᠭ ᠤᠨ ᠵᠢᠱᠢᠶ᠎ᠡ ᠶᠢ ᠴᠤᠭᠯᠠᠭᠤᠯᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2024/6/25
  ᠣᠶᠢᠷ᠎ᠠ ᠶᠢᠨ ᠨᠢᠭᠡ ᠬᠤᠭᠤᠴᠠᠭᠠᠨ ᠠᠴᠠ ᠨᠠᠭᠠᠰᠢ᠂ ᠪᠢᠳᠡ ︽ᠡᠮᠴᠢᠯᠡᠭᠡᠨ ᠤ ᠪᠠᠲᠤᠯᠠᠭ᠎ᠠ ᠪᠠᠷ ᠡᠮᠴᠢᠯᠡᠭᠡᠨ ᠤ ᠪᠠᠶᠢᠭᠤᠯᠤᠮᠵᠢ ᠳᠤ ᠬᠦᠴᠦᠨ ᠣᠯᠭᠤᠬᠤ᠄ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢ ᠰᠠᠨᠠᠭᠠᠴᠢᠯᠠᠭ᠎ᠠ ᠠᠴᠠ ᠪᠠᠨ ᠵᠢᠷᠤᠮᠵᠢᠭᠤᠯᠵᠤ᠂ ᠡᠳᠡᠭᠡᠷ ᠡᠮᠴᠢᠯᠡᠭᠡᠨ ᠤ ᠪᠠᠶᠢᠭᠤᠯᠤᠮᠵᠢ ᠬᠡᠷᠬᠢᠨ ᠬᠢᠭᠰᠡᠨ ᠢ          ᠦᠵᠡᠶ᠎ᠡ︕︾ ᠭᠡᠬᠦ ᠰᠢᠷᠢᠰ ᠵᠣᠬᠢᠶᠠᠯ ᠢ ᠨᠡᠶᠢᠲᠡᠯᠡᠵᠦ᠂ ᠵᠠᠷᠢᠮ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠡᠷᠡᠭᠯᠡᠬᠦ ᠶᠢ ᠵᠢᠷᠤᠮᠵᠢᠭᠤᠯᠬᠤ ᠲᠠᠯ᠎ᠠ ᠪᠠᠷ ᠬᠢ ᠰᠠᠶᠢᠨ ᠠᠷᠭ᠎ᠠ ᠬᠢᠳᠡᠯ᠂ ᠰᠠᠶᠢᠨ ᠲᠤᠷᠰᠢᠯᠭ᠎ᠠ ᠶᠢ ᠲᠠᠨᠢᠯᠴᠠᠭᠤᠯᠵᠤ᠂ ᠥᠷᠭᠡᠨ ᠣᠯᠠᠨ ᠡᠮ ᠡᠮᠨᠡᠯᠭᠡ ᠶᠢᠨ ᠪᠠᠶᠢᠭᠤᠯᠤᠮᠵᠢ ᠳᠤ ᠯᠠᠪᠯᠠᠯᠲᠠ ᠪᠣᠯᠭᠠᠵᠤ᠂ ᠨᠡᠯᠢᠶᠡᠳ ᠰᠠᠶᠢᠨ ᠵᠢᠱᠢᠶ᠎ᠡ ᠦᠵᠡᠭᠦᠯᠬᠦ ᠦᠷ᠎ᠡ ᠪᠦᠲᠦᠮᠵᠢ ᠣᠯᠤᠭᠰᠠᠨ ᠪᠠᠶᠢᠨ᠎ᠠ᠃  ᠥᠷᠭᠡᠨ ᠣᠯᠠᠨ ᠡᠮᠴᠢᠯᠡᠭᠡᠨ ᠤ ᠪᠠᠶᠢᠭᠤᠯᠤᠮᠵᠢ ᠳᠤ ᠤᠯᠠᠮ ᠨᠢᠭᠡ ᠠᠯᠬᠤᠮ ᠬᠦᠴᠦᠨ ᠣᠯᠭᠤᠬᠤ ᠶᠢᠨ ᠲᠥᠯᠥᠭᠡ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠥᠬᠦ ᠤᠯᠤᠰ ᠠᠴᠠ ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠰᠢᠯᠢᠳᠡᠭ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡ ᠪᠠᠷ ᠴᠤᠭᠯᠠᠭᠤᠯᠬᠤ ᠢᠶᠠᠷ ᠪᠠᠶᠢᠨ᠎ᠠ᠃ ᠰᠢᠯᠢᠳᠡᠭ ᠨᠡᠶᠢᠲᠡᠯᠢᠭ ᠬᠡᠷᠡᠭ ᠤᠨ ᠵᠢᠱᠢᠶ᠎ᠡ ᠶᠢᠨ ᠠᠭᠤᠯᠭ᠎ᠠ ᠳᠤ ᠡᠳᠡᠭᠡᠷ ᠠᠭᠤᠯᠭ᠎ᠠ ᠪᠠᠭᠲᠠᠬᠤ ᠪᠣᠯᠪᠠᠴᠤ ᠬᠢᠵᠠᠭᠠᠷᠯᠠᠭᠳᠠᠬᠤ ᠥᠬᠡᠶ᠄ ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠡᠷᠬᠢᠨ ᠨᠠᠩ ᠰᠠᠶᠢᠲᠤᠷ ᠵᠢᠷᠤᠮᠵᠢᠭᠤᠯᠤᠨ ᠬᠠᠮᠢᠶᠠᠷᠤᠭᠰᠠᠨ᠂ ᠦᠯᠡᠳᠡᠪᠦᠷᠢ ᠶᠢ ᠦᠯᠡᠳᠡᠭᠡᠨ ᠬᠡᠷᠡᠭᠯᠡᠬᠦ ᠵᠡᠷᠭᠡ ᠤᠷᠮᠠᠰᠢᠭᠤᠯᠬᠤ ᠲᠣᠭᠲᠠᠴᠠ ᠶᠢ ᠬᠡᠷᠬᠢᠨ ᠨᠠᠶᠢᠳᠠᠪᠤᠷᠢᠵᠢᠭᠤᠯᠤᠭᠰᠠᠨ ᠂ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠵᠡᠷᠭᠡ ᠴᠢᠬᠤᠯᠠ ᠶᠡᠭᠡ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠡᠷᠬᠢᠨ ᠠᠬᠢᠭᠤᠯᠤᠭᠰᠠᠨ᠂ ᠬᠡᠷᠬᠢᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠠᠪᠴᠤ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠳᠤ ᠴᠢᠨᠠᠷ ᠰᠠᠶᠢᠲᠠᠶ ᠦᠢᠯᠡᠴᠢᠯᠡᠭᠡ ᠬᠠᠩᠭᠠᠭᠰᠠᠨ᠂ ᠬᠡᠷᠬᠢᠨ ᠳᠠᠭᠠᠳᠬᠠᠯ ᠢ ᠬᠢᠬᠠᠨ ᠮᠡᠬᠡᠯᠡᠬᠦ ᠶᠢ ᠰᠡᠷᠭᠡᠶᠢᠯᠡᠵᠦ ᠴᠣᠬᠢᠯᠲᠠ ᠥᠭᠭᠦᠭᠰᠡᠨ ᠂ ᠦᠨᠳᠦᠰᠦᠨ ᠡᠮᠴᠢᠯᠡᠭᠡᠨ ᠤ ᠳᠠᠭᠠᠳᠬᠠᠯ ᠢ ᠬᠡᠷᠬᠢᠨ ᠤᠬᠠᠭᠤᠯᠤᠭᠰᠠᠨ᠂ ᠲᠣᠭᠠᠴᠠᠭ᠎ᠠ ᠬᠢᠬᠦ ᠶᠢ ᠳᠥᠭᠦᠮᠴᠢᠯᠡᠬᠦ ᠶᠢ ᠬᠡᠷᠬᠢᠨ ᠠᠬᠢᠭᠤᠯᠤᠭᠰᠠᠨ᠂ ᠨᠠᠩ ᠣᠯᠠᠨ ᠡᠮᠴᠢᠯᠡᠭᠡᠨ ᠤ ᠳᠠᠭᠠᠳᠬᠠᠯ ᠤᠨ ᠭᠠᠷᠴᠠᠭ ᠤᠨ ᠡᠮ ᠤᠨ ᠵᠦᠢᠯᠡᠰ ᠢ ᠬᠡᠷᠬᠢᠨ ᠣᠷᠣᠭᠤᠯᠤᠨ ᠠᠪᠴᠢᠷᠠᠭᠰᠠᠨ ᠵᠡᠷᠭᠡ ᠪᠠᠭᠲᠠᠨ᠎ᠠ᠃  ᠥᠷᠭᠡᠨ ᠤᠯᠠᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠢᠳᠡᠪᠬᠢᠲᠡᠢ ᠪᠠᠷ ᠡᠬᠡ ᠪᠢᠴᠢᠭ ᠥᠭᠬᠦ ᠶᠢ ᠪᠠᠶᠠᠷᠯᠠᠨ ᠤᠭᠲᠤᠵᠤ ᠪᠠᠶᠢᠨ᠎ᠠ᠃ ᠪᠢᠳᠡ ᠲᠡᠭᠦᠨ ᠤ ᠳᠣᠲᠣᠷᠠᠬᠢ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠬᠦ ᠠᠴᠢ ᠬᠤᠯᠪᠣᠭᠳᠠᠯ ᠲᠠᠢ ᠨᠡᠶᠢᠲᠡᠯᠢᠭ ᠠᠷᠭ᠎ᠠ ᠬᠢᠳᠡᠯ ᠢ ᠰᠣᠩᠭᠤᠵᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠲᠠᠪᠴᠠᠩ ᠳᠤ ᠨᠡᠶᠢᠲᠡᠯᠡᠵᠦ᠂ ᠪᠦᠬᠦ ᠤᠯᠤᠰ ᠤᠨ ᠡᠯ᠎ᠡ ᠭᠠᠵᠠᠷ ᠤᠨ ᠡᠮᠴᠢᠯᠡᠭᠡᠨ ᠤ ᠪᠠᠶᠢᠭᠤᠯᠤᠮᠵᠢ ᠶᠢᠨ ᠯᠠᠪᠯᠠᠯᠲᠠ ᠪᠣᠯᠭᠠᠨ ᠰᠤᠷᠤᠯᠴᠠᠬᠤ ᠳᠤ ᠬᠠᠩᠭᠠᠨ᠎ᠠ᠃  ᠡᠬᠡ ᠪᠢᠴᠢᠭ ᠢᠯᠡᠭᠡᠬᠦ ᠢᠮᠧᠯ᠄ gjybjxwb@nhsa.gov.cn  ᠠᠩᠬᠠᠷᠬᠤ ᠵᠦᠢᠯ᠄  1. ᠦᠭᠡ ᠬᠡᠯᠡ ᠨᠢ ᠠᠮᠢᠳᠤᠯᠢᠭ ᠠᠪᠰᠠᠷᠬᠠᠨ᠂ ᠠᠷᠭ᠎ᠠ ᠬᠡᠮᠵᠢᠶ᠎ᠡ ᠨᠢ ᠦᠨᠡᠨ ᠬᠦ ᠶᠠᠪᠤᠭᠳᠠᠭᠤᠰᠢᠲᠠᠢ ᠪᠠᠶᠢᠵᠤ᠂ 1500 ᠦᠰᠦᠭ ᠤᠨ ᠳᠣᠲᠣᠷ᠎ᠠ ᠪᠠᠶᠢᠬᠤ ᠬᠡᠷᠡᠭᠲᠡᠢ᠃  2. ᠡᠬᠡ ᠪᠢᠴᠢᠭ ᠲᠤ word ᠬᠡᠪᠯᠡᠯ ᠢ ᠬᠡᠷᠡᠭᠯᠡᠵᠦ᠂ ᠲᠤᠰ ᠡᠮᠴᠢᠯᠡᠭᠡᠨ ᠤ ᠪᠠᠶᠢᠭᠤᠯᠤᠮᠵᠢ ᠶᠢᠨ ᠲᠠᠮᠠᠭ᠎ᠠ ᠶᠢ ᠳᠠᠷᠤᠭᠰᠠᠨ ᠡᠬᠡ ᠪᠢᠴᠢᠭ ᠶᠠᠪᠤᠭᠤᠯᠬᠤ ᠶᠢ ᠵᠥᠪᠰᠢᠶᠡᠷᠡᠭᠰᠡᠨ ᠵᠠᠬᠢᠳᠠᠯ ︵PDF ᠶᠢᠨ ᠰᠢᠷᠪᠢᠯᠲᠡ︶ ᠢ ᠳᠠᠭᠠᠯᠳᠤᠭᠤᠯᠬᠤ ᠬᠡᠷᠡᠭᠲᠡᠶ᠃  3. ᠡᠬᠡ ᠪᠢᠴᠢᠭ ᠢ ᠨᠡᠶᠢᠲᠡᠯᠡᠭᠰᠡᠨ ᠦᠭᠡᠶ ᠪᠣᠯ ᠳᠠᠬᠢᠵᠤ ᠮᠡᠳᠡᠭᠳᠡᠬᠦ ᠦᠭᠡᠶ᠃                ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ              2024 ᠣᠨ ᠤ 6 ᠳ᠋ᠤᠭᠠᠷ ᠰᠠᠷ᠎ᠠ ᠶᠢᠨ 25 ᠤ ᠡᠳᠦᠷ 
 
ᠢᠷᠡᠯᠲᠡ᠄ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号