ᠠᠯᠠᠱᠠ ᠠᠶᠢᠮᠠᠭ ᠤᠨ 2024 ᠣᠨ ᠤ ᠬᠤᠶᠠᠳᠤᠭᠠᠷ ᠤᠯᠠᠷᠢᠯ ᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/6/26
ᠡᠯ᠎ᠡ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠳᠤ᠄  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ ﹇2022﹈ 246 ᠳ᠋ᠤᠭᠠᠷ ᠲᠣᠭᠠᠲᠤ︶ ᠪᠠ ︽2024 ᠣᠨ ᠤ ᠬᠤᠶᠠᠳᠤᠭᠠᠷ ᠤᠯᠠᠷᠢᠯ ᠤᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠢᠨ ᠰᠣᠩᠭᠤᠬᠤ ᠠᠵᠢᠯ ᠢ ᠥᠷᠨᠢᠭᠦᠯᠬᠦ ᠲᠤᠬᠠᠶ ᠠᠯᠠᠱᠠ ᠠᠶᠢᠮᠠᠭ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠣᠲᠣ 2024 ᠣᠨ ᠤ ᠬᠤᠶᠠᠳᠤᠭᠠᠷ ᠤᠯᠠᠷᠢᠯ ᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠢᠯᠡ ᠨᠡᠶᠢᠲᠡᠯᠡᠬᠦ ᠶᠢᠨ ᠬᠠᠮᠲᠤ᠂ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠄  ᠨᠢᠭᠡ᠂ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠦᠭᠰᠡᠨ ᠦᠷ᠎ᠡ ᠳ᠋ᠦᠩ  ᠲᠣᠰ ᠤᠳᠠᠭ᠎ᠠ ᠨᠡᠷ᠎ᠡ ᠮᠡᠳᠡᠭᠦᠯᠬᠦ ᠪᠠᠷ ᠭᠤᠶᠤᠴᠢᠯᠠᠭᠰᠠᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠡᠶᠢᠲᠡ 20 ᠪᠠᠶᠢᠵᠤ᠂18 ᠡᠷᠦᠬᠡ ᠨᠢ ᠬᠢᠷᠢ ᠬᠡᠮ ᠤᠨ ᠬᠢᠨᠠᠨ ᠬᠠᠷᠭᠤᠭᠤᠯᠤᠯᠲᠠ ︵ᠳᠠᠭᠠᠯᠳᠤᠭᠤᠯᠤᠯ 1 ᠳᠤ ᠦᠵᠡ︶ ᠳᠤ ᠪᠠᠲᠤᠯᠠᠭᠳᠠᠪᠠ᠃  ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ  2024 ᠣᠨ ᠤ 6 ᠳ᠋ᠤᠭᠠᠷ ᠰᠠᠷ᠎ᠠ ᠶᠢᠨ 26 ᠤ ᠡᠳᠦᠷ ᠠᠴᠠ 2024 ᠣᠨ ᠤ 7 ᠳ᠋ᠤᠭᠠᠷ ᠰᠠᠷ᠎ᠠ ᠶᠢᠨ 3 ᠤ ᠡᠳᠦᠷ ᠪᠣᠯᠲᠠᠯ᠎ᠠ᠃ ︵ᠦᠳᠡ ᠶᠢᠨ ᠡᠮᠦᠨ᠎ᠡ 9᠄ 00 - 12᠄ 00︔ ᠦᠳᠡ ᠶᠢᠨ ᠬᠤᠶᠢᠨ᠎ᠠ 15᠄ 00-18᠄ 00 ᠴᠠᠭ ᠲᠤ ᠭᠤᠮᠣᠳᠠᠯ ᠲᠣᠭᠠᠴᠢᠯᠲᠠ ᠶᠢ ᠬᠦᠯᠢᠶᠡᠨ ᠠᠪᠤᠨ᠎ᠠ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠠᠭᠲᠠᠬᠤ ᠦᠭᠡᠢ︶  ᠭᠤᠷᠪᠠ᠂ ᠪᠤᠰᠤᠳ ᠱᠠᠭᠠᠷᠳᠠᠯᠭ᠎ᠠ  1. ᠢᠯᠡ ᠨᠡᠶᠢᠲᠡᠯᠡᠭᠰᠡᠨ ᠠᠭᠤᠯᠭ᠎ᠠ ᠶᠢᠨ ᠬᠢᠨᠠᠨ ᠬᠠᠷᠭᠤᠭᠤᠯᠤᠭᠰᠠᠨ ᠦᠷ᠎ᠡ ᠳ᠋ᠦᠩ ᠳᠤ ᠣᠨᠳᠣᠤ ᠰᠠᠨᠠᠯ ᠲᠠᠢ ᠪᠠᠶᠢᠪᠠᠯ᠂ ᠢᠯᠡ ᠨᠡᠶᠢᠲᠡᠯᠡᠬᠦ ᠬᠤᠭᠤᠴᠠᠭᠠᠨ ᠳᠤ ᠦᠨᠡᠨ ᠪᠣᠳᠠᠲᠠᠶ ᠬᠦᠴᠦᠨ ᠲᠠᠢ᠂ ᠪᠦᠷᠢᠨ ᠭᠦᠢᠴᠡᠳ ᠭᠤᠮᠣᠳᠠᠯ ᠲᠣᠭᠠᠴᠢᠬᠤ ︵ᠵᠠᠭᠠᠯᠳᠤᠬᠤ︶ ᠮᠠᠲ᠋ᠧᠷᠢᠶᠠᠯ ᠢ ᠬᠠᠩᠭᠠᠬᠤ ᠬᠡᠷᠡᠭᠲᠡᠶ᠂ ᠡᠷᠬᠡ ᠣᠯᠣᠭᠴᠢ ᠠᠴᠠ ᠠᠯᠠᠱᠠ ᠠᠶᠢᠮᠠᠭ ᠤᠨ ᠡᠮ ᠡᠮᠨᠡᠯᠭᠡ ᠬᠤᠳᠠᠯᠳᠤᠨ ᠠᠪᠬᠤ ᠲᠥᠪ ᠲᠤ ᠲᠤᠰᠢᠶᠠᠵᠤ᠂ ᠬᠤᠭᠤᠴᠠᠭ᠎ᠠ ᠬᠡᠲᠦᠷᠡᠭᠰᠡᠨ ᠤ ᠳᠠᠷᠠᠭ᠎ᠠ ᠲᠤᠰᠢᠶᠠᠭᠰᠠᠨ ᠭᠤᠮᠣᠳᠠᠯ ᠲᠣᠭᠠᠴᠢᠬᠤ ︵ᠵᠠᠭᠠᠯᠳᠤᠬᠤ︶ ᠮᠠᠲ᠋ᠧᠷᠢᠶᠠᠯ ᠢ ᠭᠥᠯᠢᠶᠡᠨ ᠠᠪᠴᠤ ᠰᠢᠢᠳᠪᠦᠷᠢᠯᠡᠬᠦ ᠥᠬᠡᠶ᠃  2. ᠭᠤᠮᠣᠳᠠᠯ ᠲᠣᠭᠠᠴᠢᠬᠤ ︵ᠵᠠᠭᠠᠯᠳᠤᠬᠤ︶ ᠮᠠᠲ᠋ᠧᠷᠢᠶᠠᠯ ᠳᠤ ᠠᠯᠠᠱᠠ ᠠᠶᠢᠮᠠᠭ ᠤᠨ ᠨᠡᠮᠡᠵᠦ ᠨᠥᠬᠦᠪᠥᠷᠢᠯᠡᠬᠦ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠭᠤᠮᠣᠳᠠᠯ ᠲᠣᠭᠠᠴᠢᠬᠤ ︵ᠵᠠᠭᠠᠯᠳᠤᠬᠤ︶ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ ︵ᠳᠠᠭᠠᠯᠳᠤᠭᠤᠯᠤᠯ 2 ᠲᠤ ᠦᠵᠡ︶ ᠪᠠ ᠭᠡᠷᠡᠴᠢ ᠮᠠᠲ᠋ᠧᠷᠢᠶᠠᠯ ᠪᠠᠭᠲᠠᠨ᠎ᠠ᠃  ᠬᠠᠷᠢᠯᠴᠠᠬᠤ ᠬᠥᠮᠦᠨ᠄ ᠳ᠋ᠦᠩ ᠸᠧᠨ ᠵᠢᠩ  ᠫᠠᠨ ᠰᠢᠤᠸᠠᠢ ᠵᠢᠶᠣᠣ  ᠬᠠᠷᠢᠯᠴᠠᠬᠤ ᠬᠠᠶ᠋ᠢᠭ᠄ ᠠᠯᠠᠱᠠ ᠠᠶᠢᠮᠠᠭ ᠤᠨ ᠡᠮ ᠡᠮᠨᠡᠯᠭᠡ ᠬᠤᠳᠠᠯᠳᠤᠨ ᠠᠪᠬᠤ ᠲᠥᠪ ︵ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠲᠧᠩ ᠹᠧᠢ ᠵᠠᠮ ᠤᠨ ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠠᠰᠠᠷ ᠤᠨ 419 ᠲᠠᠰᠤᠭ︶  ᠬᠠᠷᠢᠯᠴᠠᠬᠤ ᠤᠲᠠᠰᠤ᠄ 0483 — 8350180    ᠳᠠᠭᠠᠯᠳᠤᠭᠤᠯᠤᠯ᠄  1.2024 ᠣᠨ ᠤ ᠬᠤᠶᠠᠳᠤᠭᠠᠷ ᠤᠯᠠᠷᠢᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠬᠢᠨᠠᠨ ᠬᠠᠷᠭᠤᠭᠤᠯᠤᠭᠰᠠᠨ ᠪᠠᠶᠢᠳᠠᠯ  2. ᠠᠯᠠᠱᠠ ᠠᠶᠢᠮᠠᠭ ᠤᠨ ᠨᠡᠮᠡᠵᠦ ᠨᠥᠬᠦᠪᠥᠷᠢᠯᠡᠬᠦ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠭᠤᠮᠣᠳᠠᠯ ᠲᠣᠭᠠᠴᠢᠬᠤ ︵ᠵᠠᠭᠠᠯᠳᠤᠬᠤ︶ ᠲᠤᠬᠠᠶᠢᠯᠠᠭᠰᠠᠨ ᠠᠵᠢᠯ ᠢ ᠬᠦᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ

 

 

 
ᠢᠷᠡᠯᠲᠡ᠄ ᠠᠯᠠᠱᠠ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号