ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 24 ᠤ | ᠦᠳᠡ ᠶᠢᠨ ᠬᠤᠶᠢᠨ᠎ᠠ ᠳ᠋ᠠᠯᠢᠶᠠᠨ ᠳᠤ ᠸᠢᠶᠧᠲᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠲᠠᠢ ᠠᠭᠤᠯᠵᠠᠪᠠ᠃ | | | | | | 6 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠶᠡᠷᠦᠩᠬᠡᠢ ᠰᠠᠶᠢᠳ ᠯᠢ ᠴᠢᠶᠠᠩ ᠳ᠋ᠠᠯᠢᠶᠠᠨ ᠳᠤ ᠸᠢᠶᠧᠲᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠲᠠᠢ ᠠᠭᠤᠯᠵᠠᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ ᠪᠢᠨ ᠰᠡᠭᠦᠳᠡᠷᠯᠡᠪᠡ | ᠯᠢ ᠴᠢᠶᠠᠩ ᠶᠠᠭᠤᠨ ᠤ ᠡᠮᠦᠨ᠎ᠡ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠴᠠ ᠶᠡᠷᠦᠩᠬᠡᠢ | ᠱᠦᠵᠢ ᠷᠤᠸᠠᠨ ᠹᠦ᠋ ᠵᠥᠩ ᠪᠣᠯᠣᠨ ᠤᠯᠤᠰ ᠤᠨ ᠲᠡᠷᠢᠭᠦᠯᠡᠭᠴᠢ ᠰᠤ᠋ ᠯᠢᠨ ᠳᠤ ᠬᠦᠷᠭᠡᠭᠰᠡᠨ ᠳᠣᠲᠣᠨᠣ ᠮᠡᠨᠳᠦᠴᠢᠯᠡᠯ ᠢ | ᠳᠠᠮᠵᠢᠭᠤᠯᠵᠠᠢ᠃ ᠯᠢ ᠴᠢᠶᠠᠩ ᠢᠯᠡᠳᠬᠡᠬᠦ ᠳᠤ ᠪᠠᠨ᠂ ᠳᠤᠮᠳᠠᠳᠤ ᠤᠯᠤᠰ ᠨᠢ ᠸᠢᠶᠧᠲᠨᠠᠮ ᠯᠤᠭ᠎ᠠ ︽ ᠨᠥᠬᠦᠷ ᠪᠥᠭᠡᠳ ᠠᠬ᠎ᠠ | ᠳᠡᠭᠦᠦ ︾ ᠶᠢᠨ ᠭᠦᠨ ᠵᠤᠵᠠᠭᠠᠨ ᠨᠥᠬᠦᠷᠯᠡᠯ ᠲᠠᠢ ᠶᠤᠮ ᠃ ᠨᠢᠳᠤᠨᠤᠨ ᠂ ᠶᠡᠷᠦᠩᠬᠡᠢ ᠱᠦᠵᠢ ᠰᠢ ᠶᠢᠨ ᠫᠢᠩ ᠪᠠ ᠶᠡᠷᠦᠩᠬᠡᠢ | ᠱᠦᠵᠢ ᠷᠤᠸᠠᠨ ᠹᠦ᠋ ᠵᠦᠩ ᠬᠠᠮᠲᠤ ᠪᠠᠷ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠳᠤᠮᠳᠠᠳᠤ ᠸᠢᠶᠧᠲᠨᠠᠮ ᠤᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠨᠡᠶᠢᠲᠡᠯᠡᠵᠦ ᠂ ᠰᠢᠨ᠎ᠡ ᠴᠠᠭ ᠦᠶ᠎ᠡ ᠶᠢᠨ ᠳᠤᠮᠳᠠᠳᠤ | ᠸᠢᠶᠧᠲᠨᠠᠮ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠳᠤ ᠠᠤᠭ᠎ᠠ ᠲᠥᠰᠥᠪ ᠢ ᠵᠢᠷᠤᠭᠯᠠᠵᠤ | ᠥᠭᠴᠡᠢ ᠃ ᠳᠤᠮᠳᠠᠳᠤ ᠤᠯᠤᠰ ᠳᠤᠷᠠᠲᠠᠶ᠎ᠠ ᠸᠢᠶᠧᠲᠨᠠᠮ ᠲᠠᠢ ᠬᠠᠮᠲᠤ ᠪᠠᠷ ᠬᠤᠶᠠᠷ ᠨᠠᠮ ᠤᠨ ᠬᠠᠮᠤᠭ ᠤᠨ ᠳᠡᠭᠡᠳᠦ | ᠤᠳᠤᠷᠢᠳᠬᠤ ᠬᠦᠮᠦᠰ ᠤᠨ ᠴᠢᠬᠤᠯᠠ ᠬᠠᠮᠲᠤ ᠶᠢᠨ ᠲᠠᠨᠢᠯᠲᠠ ᠶᠢ ᠴᠢᠨᠠᠭᠰᠢᠳᠠ ᠰᠠᠶᠢᠲᠤᠷ ᠨᠠᠶᠢᠳᠠᠪᠤᠷᠢᠵᠢᠭᠤᠯᠵᠤ ᠂ ᠳᠤᠮᠳᠠᠳᠤ | ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ | ᠠᠬᠢᠭᠤᠯᠤᠨ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠴᠦ ᠂ ᠭᠠᠵᠠᠷ ᠣᠷᠣᠨ ᠤ ᠡᠩᠬᠡ | ᠲᠠᠶᠢᠪᠤᠩ ᠂ ᠲᠣᠭᠲᠠᠭᠤᠨ ᠪᠠ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃ | ᠯᠢ ᠴᠢᠶᠠᠩ ᠂ ᠳᠤᠮᠳᠠᠳᠤ ᠤᠯᠤᠰ ᠳᠤᠷᠠᠲᠠᠶ᠎ᠠ ᠸᠢᠶᠧᠲᠨᠠᠮ ᠲᠠᠢ ᠬᠠᠮᠲᠤ ᠪᠠᠷ ᠳᠤᠮᠳᠠᠳᠤ ᠸᠢᠶᠧᠲᠨᠠᠮ ᠤᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠶᠡᠭᠡ ᠴᠢᠭᠯᠡᠯ ᠢ ᠰᠠᠶᠢᠲᠤᠷ ᠪᠠᠷᠢᠮᠲᠠᠯᠠᠵᠤ ᠂ | ᠰᠠᠶᠢᠲᠤᠷ ᠠᠳᠬᠤᠨ᠂ ᠬᠤᠶᠠᠷ ᠤᠯᠤᠰ ᠤᠨ ᠬᠠᠷᠢᠯᠴᠠᠭ᠎ᠠ ᠪᠠᠨ ᠬᠥᠭᠵᠢᠭᠦᠯᠬᠦ ᠶᠢ ᠢᠮᠠᠭᠲᠠ ᠲᠤᠰ ᠤᠯᠤᠰ ᠤᠨ ᠢᠶᠠᠨ | ᠭᠠᠳᠠᠭᠠᠳᠤ ᠬᠠᠷᠢᠯᠴᠠᠭᠠᠨ ᠤ ᠲᠡᠷᠢᠭᠦᠨ ᠪᠠᠶᠢᠷᠢᠨ ᠳᠤ ᠲᠠᠯᠪᠢᠨ᠎ᠠ ᠃ ᠬᠤᠶᠠᠷ ᠲᠠᠯ᠎ᠠ ᠪᠠᠷ ᠢᠶᠠᠨ ᠠᠵᠤ ᠠᠬᠤᠢ ᠶᠢᠨ ᠬᠠᠷᠢᠯᠴᠠᠨ | ᠨᠥᠬᠦᠪᠦᠷᠢᠯᠡᠬᠦ ᠳᠠᠪᠠᠭᠤᠯᠢᠭ ᠢᠶᠠᠨ ᠭᠦᠢᠴᠡᠳ ᠰᠠᠶᠢᠲᠤᠷ ᠠᠰᠢᠭᠯᠠᠵᠤ ᠂ ︽ ᠨᠢᠭᠡ ᠪᠦᠰᠡ ᠨᠢᠭᠡ ᠵᠠᠮ ︾ ᠪᠠ ︽ ᠬᠤᠶᠠᠷ | ᠬᠤᠩᠭᠢᠯ ᠨᠢᠭᠡ ᠲᠣᠭᠤᠷᠢᠭ ︾ ᠤᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠨᠠᠶᠢᠳᠠᠪᠤᠷᠢᠵᠢᠭᠤᠯᠬᠤ ᠪᠠᠷ ᠭᠤᠣᠯ | ᠰᠢᠵᠢᠮ ᠪᠣᠯᠭᠠᠵᠤ ᠂ ᠠᠷᠠᠯᠵᠢᠶᠠᠨ ᠤ ᠪᠡᠯᠡ ᠣᠷᠣᠭᠤᠯᠤᠯᠲᠠ ᠶᠢᠨ ᠬᠡᠪᠴᠢᠶ᠎ᠡ ᠪᠠᠨ ᠲᠠᠰᠤᠷᠠᠯᠳᠡ ᠦᠭᠡᠢ ᠦᠷᠭᠡᠳᠬᠡᠨ᠂ | ᠬᠤᠯᠪᠣᠯᠳᠤᠨ ᠨᠡᠪᠲᠡᠷᠡᠯᠴᠡᠬᠦ ᠪᠠᠨ ᠴᠢᠨᠠᠭᠰᠢᠳᠠ ᠴᠢᠩᠭᠠᠳᠬᠠᠵᠤ ᠂ ᠰᠢᠨ᠎ᠡ ᠡᠨᠧᠷᠭᠢ ᠂ ᠲᠣᠭᠠᠴᠢᠯᠠᠭᠰᠠᠨ ᠠᠵᠤ ᠠᠬᠤᠢ ᠵᠡᠷᠭᠡ | ᠬᠠᠮᠲᠤᠷᠠᠯᠴᠠᠭᠠᠨ ᠤ ᠰᠢᠨ᠎ᠡ ᠨᠡᠮᠡᠭᠳᠡᠯ ᠴᠡᠭ ᠢ ᠦᠷᠭᠦᠯᠵᠢᠯᠡᠨ ᠡᠭᠦᠳᠴᠦ ᠂ ᠬᠤᠶᠠᠷ ᠤᠯᠤᠰ ᠤᠨ ᠠᠷᠠᠳ ᠲᠦᠮᠡᠨ ᠳᠤ ᠠᠰᠢᠭ | ᠬᠦᠷᠲᠡᠭᠡᠬᠦ ᠨᠡᠩ ᠤᠯᠠᠨ ᠬᠠᠮᠲᠤᠷᠠᠯᠴᠠᠭᠠᠨ ᠤ ᠦᠷ᠎ᠡ ᠪᠦᠲᠦᠭᠡᠯ ᠢ ᠴᠢᠷᠮᠠᠶᠢᠨ ᠣᠯᠬᠤ ᠬᠡᠷᠡᠭᠲᠡᠢ ᠃ ᠳᠤᠮᠳᠠᠳᠤ ᠤᠯᠤᠰ | ᠳᠤᠷᠠᠲᠠᠶ᠎ᠠ ᠸᠢᠶᠧᠲᠨᠠᠮ ᠲᠠᠢ ᠵᠢᠭᠤᠯᠴᠢᠯᠠᠯ᠂ ᠡᠮᠴᠢᠯᠡᠭᠡ᠂ ᠰᠤᠷᠭᠠᠨ ᠬᠥᠮᠦᠵᠢᠯ ᠂ ᠵᠠᠯᠠᠭᠤᠴᠤᠳ ᠵᠡᠷᠭᠡ ᠬᠦᠷᠢᠶᠡᠨ ᠳᠠᠬᠢ | ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ ᠂ ᠬᠤᠶᠠᠷ ᠤᠯᠤᠰ ᠤᠨ ᠨᠥᠬᠦᠷᠯᠡᠯ ᠤᠨ ᠠᠷᠠᠳ ᠤᠨ | ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ᠎ᠡ ᠭᠡᠵᠦ ᠵᠢᠭᠠᠵᠤ ᠭᠠᠷᠭᠠᠪᠠ ᠃ | ᠹᠠᠨ ᠮᠢᠩ ᠵᠧᠩ ᠯᠢ ᠴᠢᠶᠠᠩ ᠳᠤ ᠶᠡᠷᠦᠩᠬᠡᠢ ᠱᠦᠵᠢ ᠷᠤᠸᠠᠨ ᠹᠦ᠋ ᠵᠦᠩ ᠪᠣᠯᠣᠨ ᠤᠯᠤᠰ ᠤᠨ ᠲᠡᠷᠢᠭᠦᠯᠡᠭᠴᠢ ᠰᠤ᠋ | ᠯᠢᠨ ᠤ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳᠤ ᠬᠦᠷᠭᠡᠭᠰᠡᠨ ᠴᠢᠩ ᠰᠡᠳᠬᠢᠯ ᠤᠨ | ᠮᠡᠨᠳᠦᠴᠢᠯᠡᠯ ᠢ ᠳᠠᠮᠵᠢᠭᠤᠯᠬᠤ ᠶᠢ ᠬᠦᠰᠡᠪᠡ ᠃ ᠹᠠᠨ ᠮᠢᠩ ᠵᠧᠩ ᠂ ᠸᠢᠶᠧᠲᠨᠠᠮ ᠳᠤᠮᠳᠠᠳᠤ ᠶᠢᠨ ᠤᠷᠳᠤ ᠬᠤᠭᠤᠴᠠᠭᠠᠨ ᠤ | ᠨᠥᠬᠦᠷᠰᠡᠭ ᠬᠠᠮᠲᠤᠷᠠᠯᠴᠠᠭ᠎ᠠ ᠶᠢ ᠴᠢᠩᠭᠠᠳᠬᠠᠬᠤ ᠪᠣᠯ ᠸᠢᠶᠧᠲᠨᠠᠮ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ | ᠪᠣᠳᠣᠯᠭ᠎ᠠ ᠶᠢᠨ ᠪᠤᠰᠤᠳᠴᠢ ᠱᠠᠭᠠᠷᠳᠠᠯᠭ᠎ᠠ ᠂ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠠ ᠲᠡᠷᠢᠭᠦᠨ ᠴᠢᠬᠤᠯᠠ ᠶᠠᠪᠤᠳᠠᠯ | ᠪᠣᠯᠣᠨ᠎ᠠ ᠃ ᠸᠢᠶᠧᠲᠨᠠᠮ ᠤᠯᠤᠰ ᠤᠨ ᠢᠶᠠᠨ ᠲᠤᠰᠠᠭᠠᠷ ᠲᠣᠭᠲᠠᠨᠢᠯ ᠪᠠ ᠨᠢᠭᠡᠳᠦᠯ ᠢᠶᠠᠨ ᠪᠡᠶᠡᠯᠡᠭᠦᠯᠬᠦ ᠂ ᠤᠯᠤᠰ ᠤᠨ ᠢᠶᠠᠨ | ᠠᠵᠤ ᠠᠬᠤᠢ ᠨᠡᠶᠢᠭᠡᠮ ᠤᠨ ᠬᠥᠭᠵᠢᠯᠲᠡ ᠪᠠᠨ ᠠᠬᠢᠭᠤᠯᠬᠤ ᠳᠤ ᠳᠤᠮᠳᠠᠳᠤ ᠤᠯᠤᠰ ᠬᠦᠴᠦᠲᠡᠢ ᠳᠡᠮᠵᠢᠭᠰᠡᠨ ᠢ ᠢᠮᠠᠭᠲᠠ | ᠪᠠᠲᠤ ᠴᠡᠭᠡᠵᠢᠯᠡᠭᠰᠡᠭᠡᠷ ᠢᠷᠡᠭᠰᠡᠨ ᠪᠥᠭᠡᠳ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ ᠃ ᠸᠢᠶᠧᠲᠨᠠᠮ ᠤᠯᠤᠰ ᠨᠢᠭᠡ | ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠡᠷᠡᠰ ᠪᠠᠷᠢᠮᠲᠠᠯᠠᠵᠤ᠂ ᠳᠤᠮᠳᠠᠳᠤ ᠤᠯᠤᠰ ᠤᠨ | ᠬᠦᠴᠦᠷᠬᠡᠭᠵᠢᠨ ᠬᠥᠭᠵᠢᠬᠦ ᠶᠢ ᠳᠡᠮᠵᠢᠵᠦ᠂ ᠳᠤᠮᠳᠠᠳᠤ ᠤᠯᠤᠰ ︽ ᠪᠦᠬᠦ ᠲᠠᠯ᠎ᠠ ᠶᠢᠨ ᠬᠢᠭᠡᠳ ᠲᠠᠪᠰᠢᠯᠳᠠ ᠲᠠᠢ ᠨᠣᠮᠣᠬᠠᠨ | ᠳᠠᠯᠠᠢ ᠠᠯᠤᠰᠯᠠᠭᠰᠠᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ ︾ ᠲᠤ ᠣᠷᠣᠯᠴᠠᠬᠤ ᠶᠢ ᠳᠡᠮᠵᠢᠨ᠂ ᠳᠤᠷᠠᠲᠠᠶ᠎ᠠ ᠳᠤᠮᠳᠠᠳᠤ | ᠤᠯᠤᠰ ᠲᠠᠢ ᠬᠠᠮᠲᠤ ᠪᠠᠷ ᠬᠤᠶᠠᠷ ᠨᠠᠮ ᠬᠤᠶᠠᠷ ᠤᠯᠤᠰ ᠤᠨ ᠬᠠᠮᠤᠭ ᠤᠨ ᠳᠡᠭᠡᠳᠦ ᠤᠳᠤᠷᠢᠳᠬᠤ ᠬᠦᠮᠦᠰ ᠤᠨ ᠴᠢᠬᠤᠯᠠ | ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠵᠤ ᠂ ᠡᠯ᠎ᠡ ᠬᠦᠷᠢᠶᠡᠨ ᠳᠠᠬᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠦᠨ᠂ ᠸᠢᠶᠧᠲᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠨᠡᠩ | ᠡᠯᠪᠡᠭ ᠪᠠᠶᠠᠯᠢᠭ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ ᠃ ᠳᠤᠮᠳᠠᠳᠤ ᠤᠯᠤᠰ ᠤᠨ ᠬᠥᠭᠵᠢᠯᠲᠡ ᠨᠢ ᠸᠢᠶᠧᠲᠨᠠᠮ ᠢ | ᠪᠠᠭᠲᠠᠭᠠᠭᠰᠠᠨ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠲᠤ ᠦᠯᠢᠭᠡᠷ ᠵᠢᠱᠢᠶ᠎ᠡ ᠪᠣᠯᠵᠠᠢ᠃ ᠶᠡᠷᠦᠩᠬᠡᠢ ᠱᠦᠵᠢ | ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ ᠂ ᠳᠤᠮᠳᠠᠳᠤ ᠤᠯᠤᠰ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ | ᠵᠠᠮ ᠳᠡᠭᠡᠷ᠎ᠡ ᠨᠡᠩ ᠶᠡᠭᠡ ᠠᠮᠵᠢᠯᠲᠠ ᠣᠯᠵᠤ ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠳᠤ ᠨᠡᠩ ᠶᠡᠭᠡ | ᠬᠤᠪᠢ ᠨᠡᠮᠡᠷᠢ ᠦᠵᠡᠭᠦᠯᠬᠦ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ᠃ | | | |