ᠨᠢᠭᠡᠳᠦᠭᠡᠷ ᠹᠷᠣᠨᠲ ᠤᠨ ᠡᠮᠴᠢ ᠰᠤᠪᠢᠯᠠᠭᠴᠢᠳ ᠠᠴᠠ ︽ᠪᠠᠶᠢᠴᠠᠭᠠᠨ ᠰᠢᠯᠭᠠᠬᠤ ᠲᠥᠷᠥᠯ︾ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠣᠬᠢᠶᠠᠯ ᠡᠯᠰᠡᠬᠦ ᠲᠤᠬᠠᠶ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠶᠢᠨ ᠠᠯᠪᠠᠨ ᠵᠠᠷ
ᠨᠡᠶᠢᠲᠡᠯᠡᠭᠰᠡᠨ ᠴᠠᠭ᠄
2024/6/27
  ᠠᠨᠠᠭᠠᠬᠤ ᠤᠬᠠᠭᠠᠨ ᠤ ᠪᠠᠶᠢᠴᠠᠭᠠᠨ ᠰᠢᠯᠭᠠᠬᠤ ᠨᠢ ᠡᠪᠡᠳᠴᠢᠨ ᠡᠮᠭᠡᠭ ᠢ ᠣᠨᠣᠰᠢᠯᠠᠨ ᠡᠮᠨᠡᠬᠦ ᠶᠢᠨ ᠴᠢᠬᠤᠯᠠ ᠲᠤᠰᠠᠯᠠᠬᠤ ᠠᠷᠭ᠎ᠠ ᠪᠠᠷᠢᠯ ᠪᠣᠯᠤᠭᠰᠠᠨ ᠤ ᠬᠤᠪᠢ ᠳᠤ᠂ ᠡᠮᠴᠢ ᠰᠤᠪᠢᠯᠠᠭᠴᠢᠳ ᠲᠤ ᠬᠡᠪ ᠤᠨ ᠪᠤᠰᠤ ᠪᠠᠶᠢᠳᠠᠯ ᠢ ᠴᠠᠭ ᠲᠤᠬᠠᠶ ᠳᠤᠨᠢ ᠢᠯᠡᠷᠡᠭᠦᠯᠬᠦ᠂ ᠡᠪᠡᠳᠴᠢᠨ ᠤ ᠰᠢᠯᠲᠠᠭᠠᠨ ᠢ ᠮᠠᠭᠠᠳᠯᠠᠨ ᠲᠣᠭᠲᠠᠭᠠᠬᠤ᠂ ᠡᠮᠴᠢᠯᠡᠭᠡᠨ ᠤ ᠠᠴᠢ ᠲᠤᠰᠠ ᠶᠢ ᠮᠥᠷᠳᠡᠵᠦ ᠰᠢᠢᠳᠪᠦᠷᠢᠲᠦ ᠪᠣᠳᠣᠯᠭ᠎ᠠ ᠶᠢᠨ ᠲᠤᠰᠠᠯᠠᠮᠵᠢ ᠬᠠᠩᠭᠠᠬᠤ᠂ ᠡᠪᠡᠳᠴᠢᠲᠡᠨ ᠤ ᠡᠷᠡᠭᠦᠯᠵᠢᠬᠦ ᠡᠳᠡᠭᠡᠷᠡᠯᠲᠡ ᠳᠤ ᠬᠠᠪᠰᠤᠷᠤᠯᠭ᠎ᠠ ᠵᠢᠯᠤᠭᠤᠳᠤᠯᠭ᠎ᠠ ᠬᠠᠩᠭᠠᠪᠠ᠃ ᠡᠭᠦᠨ ᠤ ᠬᠠᠮᠲᠤ᠂ ᠮᠠᠰᠢ ᠣᠯᠠᠨ ᠪᠠᠶᠢᠴᠠᠭᠠᠨ ᠰᠢᠯᠭᠠᠬᠤ ᠲᠥᠷᠥᠯ ᠵᠦᠢᠯ ᠤᠨ ᠦᠨᠳᠦᠰᠦᠯᠡᠯ ᠨᠢ ᠨᠡᠯᠢᠶᠡᠳ ᠪᠤᠳᠤᠯᠢᠶᠠᠨᠲᠠᠶ ᠪᠠᠶᠢᠵᠤ᠂ ᠥᠷᠭᠡᠨ ᠣᠯᠠᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠳᠤ ᠠᠪᠴᠤ ᠬᠡᠯᠡᠪᠡᠯ᠂ ᠶᠠᠮᠠᠷ ᠶᠠᠮᠠᠷ ᠲᠥᠷᠥᠯ ᠵᠦᠢᠯ ᠢ ᠪᠠᠶᠢᠴᠠᠭᠠᠬᠤ ᠴᠢᠬᠤᠯᠠᠲᠠᠶ᠂ ᠶᠠᠭᠤᠨ ᠳᠤ ᠪᠠᠶᠢᠴᠠᠭᠠᠬᠤ ᠪᠠ ᠬᠡᠷᠬᠢᠨ ᠪᠠᠶᠢᠴᠠᠭᠠᠬᠤ ᠶᠢ ᠲᠣᠳᠣᠷᠬᠠᠶ ᠮᠡᠳᠡᠬᠦ ᠥᠬᠡᠶ ᠪᠠᠶᠢᠳᠠᠭ᠃  ᠠᠷᠠᠳ ᠲᠦᠮᠡᠨ ᠤ ᠡᠷᠡᠭᠦᠯ ᠮᠡᠨᠳᠦ ᠳᠤ ᠨᠠᠩ ᠰᠠᠶᠢᠨ ᠦᠢᠯᠡᠴᠢᠯᠡᠬᠦ ᠶᠢᠨ ᠲᠥᠯᠥᠭᠡ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠣᠯᠠᠨ ᠲᠠᠯ᠎ᠠ ᠶᠢᠨ ᠬᠢᠨ ᠤ ᠨᠡᠪᠲᠡᠷᠡᠯᠴᠡᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠪᠴᠠᠩ ᠢ ᠴᠢᠷᠮᠠᠶᠢᠨ ᠪᠠᠶᠢᠭᠤᠯᠪᠠ᠃ ᠲᠣᠰ ᠤᠳᠠᠭᠠᠨ ᠤ ᠡᠬᠡ ᠪᠢᠴᠢᠭ ᠡᠯᠰᠡᠬᠦ ᠨᠢ ᠭᠤᠤᠯᠳᠠᠭᠤ ᠨᠢᠭᠡᠳᠦᠭᠡᠷ ᠹᠷᠣᠨᠲ ᠤᠨ ᠡᠮᠴᠢ ᠰᠤᠪᠢᠯᠠᠭᠴᠢᠳ ᠲᠤ ᠬᠠᠨᠳᠤᠭᠤᠯᠵᠤ᠂ ᠠᠨᠠᠭᠠᠬᠤ ᠤᠬᠠᠭᠠᠨ ᠤ ᠪᠠᠶᠢᠴᠠᠭᠠᠯᠲᠠ᠂ ᠰᠢᠯᠭᠠᠨ ᠪᠠᠶᠢᠴᠠᠭᠠᠬᠤ ᠲᠥᠷᠥᠯ ᠤᠨ ᠬᠠᠮᠢᠶ᠎ᠠ ᠪᠥᠬᠦᠶ ᠭᠤᠤᠯ ᠰᠡᠳᠦᠪᠲᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠣᠬᠢᠶᠠᠯ ᠴᠤᠭᠯᠠᠭᠤᠯᠤᠨ᠎ᠠ᠃ ᠥᠷᠭᠡᠨ ᠣᠯᠠᠨ ᠨᠢᠭᠡᠳᠦᠭᠡᠷ ᠹᠷᠣᠨᠲ ᠤᠨ ᠡᠮᠴᠢ ᠰᠤᠪᠢᠯᠠᠭᠴᠢᠳ ᠥᠪᠡᠷ ᠤᠨ ᠪᠡᠶ᠎ᠡ ᠶᠢᠨ ᠥᠩᠭᠡᠷᠡᠯᠲᠡ ᠪᠠ ᠦᠨᠡᠨ ᠰᠡᠳᠬᠢᠯ ᠤᠨ ᠲᠥᠷᠥᠭᠳᠡᠯ ᠢᠶᠠᠷ ᠢᠶᠠᠨ ᠠᠮᠢᠳᠤᠷᠠᠯ ᠤᠨ ᠳᠤᠮᠳᠠ ᠦᠷᠭᠦᠯᠵᠢ ᠲᠣᠬᠢᠶᠠᠯᠳᠤᠳᠠᠭ ᠪᠥᠭᠡᠳ ᠵᠠᠷᠢᠮ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠴᠤ ᠰᠡᠵᠢᠭ ᠲᠠᠢ ᠪᠠᠶᠢᠳᠠᠭ ᠠᠰᠠᠭᠤᠳᠠᠯ ᠳᠤ ᠴᠢᠭᠯᠡᠭᠦᠯᠦᠨ᠂ ᠣᠯᠠᠨ ᠢ ᠬᠠᠪᠰᠤᠷᠤᠨ ᠮᠠᠳᠠᠭ ᠲᠠᠢ ᠠᠰᠠᠭᠤᠳᠠᠯ ᠢ ᠨᠢ ᠰᠢᠢᠳᠪᠦᠷᠢᠯᠡᠬᠦ ᠶᠢ ᠪᠠᠶᠠᠷᠯᠠᠨ ᠤᠭᠲᠤᠵᠤ ᠪᠠᠶᠢᠨ᠎ᠠ᠃  ᠳᠤᠤᠷᠠᠬᠢ ᠰᠡᠳᠦᠪ ᠢ ᠣᠯᠠᠨ ᠳᠤ ᠯᠠᠪᠯᠠᠯᠲᠠ ᠪᠣᠯᠭᠠᠶ᠎ᠠ᠃ ᠡᠮᠴᠢ ᠰᠤᠪᠢᠯᠠᠭᠴᠢᠳ ᠥᠭᠡᠷ᠎ᠡ ᠰᠡᠳᠦᠪ ᠰᠣᠩᠭᠤᠭᠰᠠᠨ ᠴᠤ ᠪᠣᠯᠤᠨ᠎ᠠ᠃ ᠡᠭᠦᠨ ᠤ ᠬᠠᠮᠲᠤ᠂ ᠤᠩᠰᠢᠭᠴᠢᠳ ᠰᠢᠭᠦᠮᠵᠢ ᠶᠢᠨ ᠲᠣᠭᠤᠷᠢᠭ ᠲᠤ ᠥᠪᠡᠷ ᠤᠨ ᠠᠩᠬᠠᠷᠴᠤ ᠪᠠᠶᠢᠭ᠎ᠠ ᠠᠰᠠᠭᠤᠳᠠᠯ ᠢᠶᠠᠨ ᠳᠤᠷᠠᠳᠬᠤ ᠶᠢ ᠪᠠᠶᠠᠷᠯᠠᠨ ᠤᠭᠲᠤᠵᠤ ᠪᠠᠶᠢᠨ᠎ᠠ᠃  ︵ᠨᠢᠭᠡ︶ ᠰᠢᠯᠭᠠᠨ ᠪᠠᠶᠢᠴᠠᠭᠠᠬᠤ ᠲᠥᠷᠥᠯ  1. ᠵᠠᠷᠢᠮ ᠬᠥᠮᠦᠨ ᠲᠣᠩ ᠡᠴᠡᠩᠬᠡᠢ᠂ ᠪᠠᠰᠠ ᠵᠡᠭᠦᠦ ᠳᠤ ᠲᠣᠯᠣᠭᠠᠢ ᠡᠷᠭᠢᠵᠦ ᠮᠡᠳᠡᠨ᠎ᠡ᠂ ᠶᠠᠭᠤᠨ ᠳᠤ ᠬᠤᠷᠤᠭᠤᠨ ᠦᠵᠦᠭᠦᠷ ᠤᠨ ᠴᠢᠰᠤ ᠪᠠᠷ ᠨᠠᠮᠵᠢᠭᠤᠨ ᠰᠤᠳᠠᠯ ᠤᠨ ᠴᠢᠰᠤ ᠶᠢ ᠣᠷᠣᠯᠠᠭᠤᠯᠵᠤ ᠪᠣᠯᠳᠠᠭ ᠦᠭᠡᠢ ᠪᠣᠢ︖  2. ᠥᠯᠥᠨ ᠪᠠᠶᠢᠳᠠᠯ ᠤᠨ ᠴᠢᠰᠤᠨ ᠰᠢᠬᠢᠷ᠂ ᠬᠤᠭᠤᠯᠠᠨ ᠤ ᠳᠠᠷᠠᠭᠠᠬᠢ ᠴᠢᠰᠤᠨ ᠤ ᠰᠢᠬᠢᠷ᠂ ᠰᠢᠬᠢᠷᠵᠢᠭᠰᠡᠨ ᠴᠢᠰᠤᠨ ᠤ ᠤᠭᠤᠷᠠᠭ᠂ ᠰᠢᠬᠢᠷ ᠤᠨ ᠳᠠᠭᠠᠭᠠᠴᠠ ᠶᠢᠨ ᠬᠡᠮᠵᠢᠶ᠎ᠡ ᠭᠡᠳᠡᠭ ᠨᠢ ᠨᠢᠭᠡ ᠶᠠᠭᠤᠮ᠎ᠠ ᠶᠢ ᠵᠢᠭᠠᠵᠤ ᠪᠠᠶᠢᠨ᠎ᠠ ᠤᠤ ︖ ᠶᠠᠭᠤᠨ ᠳᠤ ᠬᠠᠷᠢᠯᠴᠠᠨ ᠣᠷᠣᠯᠠᠵᠤ ᠪᠣᠯᠳᠠᠭ ᠦᠭᠡᠢ ᠪᠤᠢ︖  3. ᠶᠠᠭᠤᠨ ᠤ ᠤᠴᠢᠷ ᠠᠴᠠ ᠵᠢᠯ ᠪᠦᠷᠢ ᠶᠢᠨ ᠪᠡᠶ᠎ᠡ ᠶᠢᠨ ᠪᠠᠶᠢᠴᠠᠭᠠᠯᠲᠠ ᠶᠢᠨ ᠥᠯᠥᠨ ᠪᠠᠶᠢᠳᠠᠯ ᠤᠨ ᠴᠢᠰᠤᠨ ᠰᠢᠬᠢᠷ ᠨᠢ ᠬᠡᠪ ᠤᠨ ᠪᠠᠶᠢᠬᠤ ᠳᠤ᠂ ᠭᠡᠨᠡᠳᠲᠡ ᠪᠠᠷ ᠰᠢᠬᠢᠷ ᠰᠢᠵᠢᠩ ᠡᠪᠡᠳᠴᠢᠨ ᠢᠶᠠᠷ ᠣᠨᠢᠰᠤᠯᠠᠭᠳᠠᠳᠠᠭ ᠪᠤᠢ︖  4. ᠶᠠᠭᠤᠨ ᠳᠤ ᠡᠯᠢᠭᠡᠨ ᠤ ᠦᠷᠪᠢᠰᠦᠯ ᠢ ᠡᠯᠢᠭᠡᠨ ᠤ A ᠦᠷᠪᠢᠰᠦᠯ᠂ ᠡᠯᠢᠭᠡᠨ ᠤ ᠬᠦᠬᠡᠭᠴᠢᠨ ᠦᠷᠪᠢᠰᠦᠯ᠂ C ᠬᠡᠯᠪᠡᠷᠢᠲᠦ ᠡᠯᠢᠭᠡᠨ ᠦᠷᠪᠢᠰᠦᠯ᠂ ᠪᠦᠲ᠋ᠢᠯ ᠸᠢᠷᠦ᠋ᠰ ᠡᠯᠢᠭᠡᠨ ᠦᠷᠪᠢᠰᠦᠯ ᠂ ᠡᠯᠢᠭᠡᠨ ᠤ E ᠦᠷᠪᠢᠰᠦᠯ ᠭᠡᠵᠦ ᠡᠶᠢᠮᠦ ᠨᠠᠷᠢᠯᠢᠭ ᠬᠤᠪᠢᠶᠠᠳᠠᠭ ᠪᠤᠢ︖ ᠶᠠᠭᠤᠨ ᠳᠤ ᠵᠠᠷᠢᠮ ᠡᠯᠢᠭᠡᠨ ᠤ ᠦᠷᠪᠢᠰᠦᠯ ᠤᠨ ᠸᠢᠷᠦ᠋ᠰ ᠤᠨ ᠬᠡᠮᠵᠢᠶ᠎ᠡ ᠶᠢ ᠪᠠᠶᠢᠴᠠᠭᠠᠳᠠᠭ ᠪᠤᠢ︖  5. ᠵᠤᠨ ᠤ ᠤᠯᠠᠷᠢᠯ ᠳᠤ ᠳᠠᠯᠠᠢ ᠶᠢᠨ ᠢᠳᠡᠭᠡᠨ᠂ ᠫᠢᠸᠣ ᠶᠢ ᠬᠡᠮᠵᠢᠶᠡᠨ ᠠᠴᠠ ᠬᠡᠲᠦᠷᠡᠲᠡᠯ᠎ᠡ ᠤᠤᠭᠤᠭᠰᠠᠨ ᠤ ᠳᠠᠷᠠᠭ᠎ᠠ᠂ ᠬᠥᠯ ᠤᠯᠠᠶᠢᠵᠤ ᠭᠠᠵᠠᠷ ᠬᠦᠷᠴᠦ ᠳᠡᠶᠢᠯᠬᠦ ᠦᠭᠡᠢ ᠪᠣᠯᠵᠤ᠂ ᠡᠮᠨᠡᠯᠭᠡ ᠶᠢᠨ ᠬᠤᠷᠢᠶᠠᠨ ᠳᠤ ᠣᠴᠢᠬᠤ ᠪᠠᠶᠢᠴᠠᠭᠠᠯᠭᠠᠬᠤ ᠳᠤ ᠶᠠᠭᠤᠨ ᠳᠤ ᠤᠷᠢᠳᠠᠪᠡᠷ ᠬᠥᠯ ᠤᠨ ᠵᠢᠷᠤᠭ ᠠᠪᠬᠤ ᠦᠭᠡᠢ᠂ ᠬᠠᠷᠢᠨ ᠤᠷᠢᠳᠠᠪᠡᠷ ᠴᠢᠰᠤ ᠶᠢ ᠪᠠᠶᠢᠴᠠᠭᠠᠳᠠᠭ ᠪᠤᠢ︖  6. ᠠᠷᠢᠬᠢ ᠤᠤᠭᠤᠵᠤ ᠰᠢᠷᠠᠯᠠᠭ᠎ᠠ ᠢᠳᠡᠭᠡᠨ ᠢᠳᠡᠭᠰᠡᠨ ᠤ ᠳᠠᠷᠠᠭ᠎ᠠ ᠭᠡᠨᠡᠳᠲᠡ ᠭᠡᠳᠡᠰᠦ ᠡᠪᠡᠳᠴᠦ᠂ ᠲᠦᠷᠭᠡᠨ ᠡᠮᠴᠢᠯᠡᠭᠡ ᠳᠤ ᠬᠥᠷᠥᠭᠰᠡᠨ ᠤ ᠳᠠᠷᠠᠭ᠎ᠠ ᠡᠮᠴᠢ ᠶᠠᠭᠠᠬᠢᠭᠠᠳ ᠴᠢᠰᠤ ᠪᠠᠶᠢᠴᠠᠭᠠᠯᠭᠠᠳᠠᠭ ᠪᠣᠢ︖  7. ᠡᠳᠦᠷ ᠨᠢ ᠰᠢᠷᠦᠭᠦᠨ ᠬᠥᠳᠡᠯᠭᠡᠭᠡᠨ ᠬᠢᠭᠰᠡᠨ ᠤ ᠳᠠᠷᠠᠭ᠎ᠠ ᠵᠢᠵᠢᠭ ᠰᠠᠮ ᠬᠤᠷᠣᠬᠠᠢ ᠢᠳᠡᠭᠰᠡᠨ ᠴᠢᠨᠢ᠂ ᠣᠷᠣᠢ ᠪᠤᠯᠴᠢᠩ ᠰᠦᠷᠡᠬᠡᠢ ᠡᠪᠡᠳᠴᠦ᠂ ᠪᠥᠭᠡᠯᠵᠢᠰᠦ ᠬᠦᠷᠴᠦ᠂ ᠵᠢᠷᠦᠬᠡᠨ ᠴᠣᠬᠢᠯᠭ᠎ᠠ ᠲᠦᠷᠭᠡᠰᠴᠦ᠂ ᠡᠮᠴᠢ ᠶᠠᠭᠤᠨ ᠳᠤ ᠬᠤᠳᠣᠭᠤᠳᠣ ᠭᠡᠳᠡᠰᠦᠨ ᠤ ᠠᠰᠠᠭᠤᠳᠠᠯ ᠢ ᠢᠯᠡᠭᠦᠬᠡᠨ ᠠᠰᠠᠭᠤᠬᠤ ᠦᠭᠡᠢ ᠬᠠᠷᠢᠨ ᠴᠢᠰᠤ ᠪᠠᠶᠢᠴᠠᠭᠠᠯᠭᠠᠳᠠᠭ ᠪᠣᠢ︖  8. ᠦᠷᠭᠦᠯᠵᠢᠯᠡᠨ ᠴᠠᠭ ᠨᠡᠮᠡᠵᠦ ᠠᠵᠢᠯᠯᠠᠭᠰᠠᠨ ᠤ ᠳᠠᠷᠠᠭ᠎ᠠ ᠲᠠᠭᠰᠢᠭᠤᠷ ᠲᠤ ᠨᠡᠷᠪᠡᠭᠳᠡᠵᠦ᠂ ᠬᠠᠨᠢᠶᠠᠵᠤ᠂ ᠬᠠᠯᠠᠭᠤᠷᠠᠵᠤ᠂ ᠴᠡᠭᠡᠵᠢ ᠵᠢᠭᠠᠬᠠᠨ ᠡᠪᠡᠳᠴᠦ᠂ ᠡᠮᠴᠢ ᠪᠠᠷ ᠦᠵᠡᠭᠦᠯᠬᠦ ᠳᠤ᠂ ᠶᠠᠭᠤᠨ ᠳᠤ ᠲᠠᠭᠰᠢᠭᠤᠷ ᠤᠨ ᠡᠮ ᠥᠭᠬᠦ ᠦᠭᠡᠢ ᠬᠠᠷᠢᠨ ᠴᠢᠰᠤ ᠪᠠᠶᠢᠴᠠᠭᠠᠯᠭᠠᠳᠠᠭ ᠪᠤᠢ︖  9. ᠴᠢᠰᠤ ᠪᠠᠶᠢᠴᠠᠭᠠᠬᠤ ᠨᠢ ᠲᠡᠶᠢᠮᠦ ᠴᠢᠬᠤᠯᠠ ᠮᠥᠷᠲᠡᠭᠡᠨ ᠪᠠᠰᠠ ᠮᠠᠰᠢ ᠣᠯᠠᠨ ᠥᠮᠡᠨ ᠡᠪᠡᠳᠴᠢᠨ ᠤ ᠬᠦᠢᠴᠡᠳᠬᠡᠯ ᠲᠤᠭ᠎ᠠ ᠶᠢ ᠰᠢᠯᠭᠠᠨ ᠪᠠᠶᠢᠴᠠᠭᠠᠵᠤ ᠭᠠᠷᠭᠠᠳᠠᠭ᠂ ᠲᠡᠭᠡᠭᠡᠳ ᠶᠠᠭᠠᠬᠢᠭᠠᠳ ᠪᠠᠰᠠ ᠮᠠᠰᠢ ᠣᠯᠠᠨ ᠥᠮᠡᠨ ᠡᠪᠡᠳᠴᠢᠨ ᠢ ᠴᠠᠭ ᠲᠤᠬᠠᠶ ᠳᠤᠨᠢ ᠣᠯᠵᠤ ᠮᠡᠳᠡᠵᠦ ᠳᠡᠶᠢᠯᠳᠡᠭ ᠦᠭᠡᠢ ᠪᠣᠶ︖  10 . ᠵᠠᠷᠢᠮ ᠦᠶ᠎ᠡ ᠳᠤ ᠡᠮᠨᠡᠯᠭᠡ ᠳᠤ ᠴᠢᠰᠦ ᠪᠠᠶᠢᠴᠠᠭᠠᠭᠠᠳ ᠪᠠᠰᠠ ᠪᠠᠶᠢᠴᠠᠭᠠᠵᠤ ᠭᠠᠷᠬᠤ ᠦᠭᠡᠢ ᠠᠰᠠᠭᠤᠳᠠᠯ ᠢ᠂ ᠰᠢᠭᠡᠰᠦ ᠶᠢ ᠪᠠᠶᠢᠴᠠᠭᠠᠪᠠᠯ ᠪᠠᠶᠢᠴᠠᠭᠠᠭᠠᠳ ᠭᠠᠷᠭᠠᠴᠢᠬᠠᠳᠠᠭ᠂ ᠰᠢᠭᠡᠰᠦ ᠪᠠᠶᠢᠴᠠᠭᠠᠬᠤ ᠨᠢ ᠴᠢᠰᠦ ᠪᠠᠶᠢᠴᠠᠭᠠᠬᠤ ᠠᠴᠠ ᠪᠠᠰᠠ ᠣᠨᠤᠪᠴᠢᠲᠠᠢ ᠤᠤ︖  11.ᠨᠢᠭᠡᠨᠲᠡ ᠶᠠᠮᠠᠷ ᠨᠢᠭᠡᠨ ᠠᠭᠤᠰᠬᠢᠨ ᠤ ᠥᠮᠡᠨ ᠭᠡᠵᠦ ᠣᠨᠣᠰᠢᠯᠠᠭᠰᠠᠨ ᠪᠥᠭᠡᠳ ᠪᠠᠰᠠ ᠣᠯᠠᠨ ᠵᠦᠢᠯ ᠤᠨ ᠡᠮ ᠤᠨ ᠵᠦᠢᠯ ᠢ ᠬᠡᠷᠡᠭᠯᠡᠵᠦ ᠪᠣᠯᠬᠤ ᠪᠣᠯᠪᠠᠴᠤ ᠶᠠᠭᠠᠬᠢᠭᠠᠳ ᠪᠠᠰᠠ ᠭᠧᠨ ᠤ ᠰᠢᠯᠭᠠᠨ ᠪᠠᠶᠢᠴᠠᠭᠠᠯᠲᠠ ᠬᠢᠬᠦ ᠬᠡᠷᠡᠭᠲᠡᠢ ᠪᠤᠢ︖ ᠭᠧᠨ ᠤ ᠪᠠᠶᠢᠴᠠᠭᠠᠯᠲᠠ ᠬᠢᠭᠡᠳ ᠢᠵᠢᠯᠢ ᠪᠢᠰᠢ ᠪᠣᠯ ᠡᠮ ᠬᠡᠷᠡᠭᠯᠡᠭᠦᠯᠬᠦ ᠦᠭᠡᠢ ᠨᠢ ᠶᠠᠮᠠᠷ ᠤᠴᠢᠷ ᠪᠤᠢ︖  12. ᠠᠮᠧᠷᠢᠺᠠ ᠤᠯᠤᠰ ᠤᠨ ᠨᠢᠭᠡᠨ ᠡᠮᠡᠭᠲᠡᠢ ᠣᠳᠣᠨ ᠭᠧᠨ ᠤ ᠰᠢᠯᠭᠠᠨ ᠪᠠᠶᠢᠴᠠᠭᠠᠯᠲᠠ ᠬᠢᠭᠰᠡᠨ ᠤ ᠳᠠᠷᠠᠭ᠎ᠠ ᠬᠤᠣᠷᠲᠤ ᠬᠠᠪᠤᠳᠠᠷ ᠡᠭᠦᠰᠬᠦ ᠠᠶᠤᠯ ᠢ ᠳᠠᠷᠤᠬᠤ ᠶᠢᠨ ᠲᠥᠯᠥᠭᠡ᠂ ᠬᠥᠬᠦᠨ ᠪᠤᠯᠴᠢᠷᠬᠠᠢ ᠪᠠᠨ ᠰᠠᠨᠠᠭᠠᠴᠢᠯᠭ᠎ᠠ ᠠᠴᠠ ᠪᠠᠨ ᠣᠭᠲᠣᠯᠣᠭᠰᠠᠨ ᠪᠠᠶᠢᠨ᠎ᠠ᠂ ᠭᠧᠨ ᠤ ᠰᠢᠯᠭᠠᠨ ᠪᠠᠶᠢᠴᠠᠭᠠᠯᠲᠠ ᠪᠤᠷᠤᠭᠤ ᠪᠣᠯᠴᠢᠬᠠᠬᠤ ᠠᠴᠠ ᠠᠶᠤᠬᠤ ᠦᠭᠡᠢ ᠦᠦ︖  13. ᠮᠠᠰᠢ ᠤᠯᠠᠨ ᠡᠮᠨᠡᠯᠬᠡ ᠶᠢᠨ ᠬᠤᠷᠢᠶᠠᠨ ᠤ ᠴᠢᠰᠦᠨ ᠤ ᠰᠢᠯᠭᠠᠨ ᠪᠠᠶᠢᠴᠠᠭᠠᠯᠲᠠ᠂ ᠠᠮᠢᠲᠤ ᠪᠤᠲᠠᠰ ᠤᠨ ᠬᠢᠮᠢ ᠶᠢᠨ ᠰᠢᠯᠭᠠᠨ ᠪᠠᠶᠢᠴᠠᠭᠠᠯᠲᠠ᠂ ᠰᠢᠭᠡᠰᠤᠨ ᠤ ᠰᠢᠯᠭᠠᠨ ᠪᠠᠶᠢᠴᠠᠭᠠᠯᠲᠠ ᠪᠠ ᠡᠭᠡᠯᠢᠯᠡᠭᠡ ᠶᠢᠨ ᠤᠬᠠᠭᠠᠨ ᠤ ᠰᠢᠯᠭᠠᠨ ᠪᠠᠶᠢᠴᠠᠭᠠᠯᠲᠠ ᠵᠡᠷᠬᠡ ᠨᠢ ᠭᠤᠤᠯᠲᠠᠭᠤ ᠮᠠᠰᠢᠨ ᠳᠦᠭᠦᠭᠡᠷᠤᠮᠵᠢ ᠳᠤ ᠲᠦᠰᠢᠭᠯᠡᠵᠦ᠂ ᠵᠠᠷᠢᠮ ᠡᠮᠨᠡᠯᠬᠡ ᠶᠢᠨ ᠬᠤᠷᠢᠶ᠎ᠠ ᠨᠢ AI ᠶᠢ ᠠᠰᠢᠭᠯᠠᠨ ᠬᠡᠯᠪᠡᠷᠢ ᠲᠦᠷᠰᠤ ᠶᠢᠨ ᠰᠤᠲᠤᠯᠤᠯ ᠤᠨ ᠵᠢᠷᠤᠭ ᠢ ᠬᠠᠪᠰᠤᠷᠤᠨ ᠮᠠᠭᠠᠳᠯᠠᠳᠠᠭ᠂ ᠲᠡᠭᠡᠪᠡᠯ ᠰᠢᠭᠤᠳ ᠺᠤᠮᠫᠢᠦ᠋ᠲ᠋ᠧᠷ ᠢᠶᠠᠷ ᠤᠨᠤᠰᠢᠯᠠᠭᠤᠯᠵᠤ ᠪᠤᠯᠤᠨ᠎ᠠ ᠤᠤ︖ ᠡᠮᠴᠢ ᠶᠢᠨ ᠦᠢᠯᠡᠳᠦᠯ ᠨᠢ ᠶᠠᠭᠤ ᠪᠤᠢ︖  ︵ᠬᠤᠶᠠᠷ︶ ᠪᠠᠶᠢᠴᠠᠭᠠᠬᠤ ᠲᠥᠷᠥᠯ  1. ᠬᠤᠳᠣᠭᠤᠳᠤ ᠭᠡᠳᠡᠰᠦᠨ ᠤ ᠳᠤᠷᠠᠨ᠂ ᠬᠡᠪᠡᠯᠢ ᠶᠢᠨ ᠬᠥᠨᠳᠡᠢ ᠶᠢᠨ ᠳᠤᠷᠠᠨ ᠵᠡᠷᠭᠡ ᠨᠢ‌‍ᠶᠠᠮᠠᠷ ᠢᠯᠭᠠᠭ᠎ᠠ ᠲᠠᠢ ᠪᠤᠢ︖  2. ᠬᠤᠳᠣᠭᠤᠳᠣ ᠭᠡᠳᠡᠰᠦᠨ ᠤ ᠳᠤᠷᠠᠨ  ᠬᠢᠬᠦ ᠠᠴᠠ ᠡᠮᠦᠨ᠎ᠡ ᠭᠡᠳᠡᠰᠦ ᠶᠢ ᠠᠷᠢᠯᠭᠠᠬᠤ ᠬᠡᠷᠡᠭᠲᠡᠢ᠂ ᠡᠪᠡᠳᠦᠯ ᠦᠭᠡᠢ ᠬᠤᠳᠣᠭᠤᠳᠣ ᠭᠡᠳᠡᠰᠦᠨ ᠤ ᠳᠤᠷᠠᠨ ᠬᠢᠬᠦ ᠳᠤ ᠪᠠᠰᠠ ᠮᠢᠨᠴᠦᠭᠦᠷᠡᠭᠦᠯᠬᠦ ᠬᠡᠷᠡᠭᠲᠡᠢ᠂ ᠥᠭᠡᠷ᠎ᠡ ᠪᠠᠶᠢᠴᠠᠭᠠᠯᠲᠠ ᠶᠢᠨ ᠠᠷᠭ᠎ᠠ ᠪᠠᠷ ᠣᠷᠣᠯᠠᠭᠤᠯᠵᠤ ᠪᠣᠯᠬᠤ ᠦᠭᠡᠢ ᠦᠦ︖  3. ᠶᠠᠭᠤᠨ ᠳᠤ ᠨᠢᠷᠤᠭᠤ ᠬᠥᠯ ᠡᠪᠡᠳᠴᠦ᠂ ᠵᠠᠮ ᠶᠠᠪᠤᠬᠤ ᠳᠤ ᠬᠠᠩᠬᠤᠯᠵᠤ ᠪᠠᠶᠢᠬᠤ ᠳᠤ᠂ ᠡᠮᠴᠢ ᠳᠠᠷᠢᠬᠢᠨ ᠭᠡᠰᠡᠭ ᠤᠨ ᠴᠦᠮ᠎ᠡ ᠰᠤᠷᠢᠨᠵᠢᠨ ᠳᠠᠷᠪᠢᠯᠳᠠ ᠬᠢᠬᠦ ᠶᠢ ᠱᠠᠭᠠᠷᠳᠠᠳᠠᠭ ᠪᠤᠢ︖ ᠡᠨᠡ ᠨᠢ ᠵᠦᠢ ᠵᠣᠬᠢᠰᠲᠠᠢ ᠦᠦ︖  4. ᠴᠢᠰᠤᠨ ᠳᠠᠷᠤᠯᠲᠠ ᠶᠢᠨ ᠬᠡᠮᠵᠢᠭᠦᠷ ᠳᠡᠭᠡᠷ᠎ᠡ ᠴᠢᠰᠤᠨ ᠳᠠᠷᠤᠯᠲᠠ ᠥᠨᠳᠥᠷ ᠪᠣᠯᠤᠭᠰᠠᠨ ᠢ ᠢᠯᠡᠷᠡᠭᠦᠯᠵᠦ ᠪᠠᠶᠢᠬᠤ ᠳᠤ᠂ ᠶᠠᠭᠤᠨ ᠳᠤ ᠪᠠᠰᠠ ᠬᠥᠳᠡᠯᠦᠩᠭᠦᠢ ᠴᠢᠰᠤᠨ ᠳᠠᠷᠤᠯᠲᠠ ᠶᠢ ᠬᠢᠨᠠᠨ ᠬᠡᠮᠵᠢᠬᠦ ᠪᠣᠢ︖  5. ᠶᠠᠭᠠᠭᠢᠭᠠᠳ ᠬᠢᠮᠲᠠ X ᠬᠡᠷᠠᠯ ᠤᠨ ᠪᠠᠶᠢᠴᠠᠭᠠᠯᠲᠠ ᠣᠯᠠᠮ ᠠᠴᠠ ᠣᠯᠠᠮ ᠪᠠᠭᠠᠰᠴᠤ᠂ ᠦᠨᠡᠲᠡᠢ CT᠂ ᠴᠢᠩᠭᠠᠷᠠᠭᠤᠯᠤᠭᠰᠠᠨ CT᠂ ᠴᠦᠮ᠎ᠠ ᠰᠤᠷᠢᠨᠵᠢᠨ ᠳᠠᠷᠪᠢᠯᠲᠠ᠂ PETCT ᠵᠠᠷᠭᠡ ᠲᠥᠷᠥᠯ ᠵᠦᠢᠯ ᠣᠯᠠᠮ ᠠᠴᠠ ᠣᠯᠠᠮ ᠣᠯᠠᠨ ᠪᠤᠯᠵᠤ ᠪᠠᠶᠢᠬᠤ ᠪᠤᠢ︖  6. ᠡᠮᠨᠠᠯᠭᠡ ᠶᠢᠨ ᠬᠤᠷᠢᠶᠠᠨ ᠤ ᠪᠠᠶᠢᠴᠠᠭᠠᠯᠲᠠ ᠶᠢᠨ ᠣᠢᠷ᠎ᠠ ᠳ᠋ᠦᠩ ᠢ ᠬᠠᠷᠢᠯᠴᠠᠨ ᠮᠡᠳᠡᠷᠡᠨ᠎ᠡ ᠭᠡᠵᠦ ᠬᠡᠯᠡᠳᠡᠭ᠂ ᠶᠠᠭᠤᠨ ᠳᠤ 3 ᠰᠠᠷ᠎ᠠ ᠶᠢᠨ ᠡᠮᠣᠨ᠎ᠠ ᠣᠨᠳᠣᠣ ᠭᠠᠵᠠᠷ ᠤᠨ ᠭᠤᠷᠪᠠᠳᠤᠭᠠᠷ ᠳᠡᠰ ᠤᠨ ᠬᠥᠬᠡ ᠳᠡᠰ ᠤᠨ ᠡᠮᠨᠠᠯᠭᠡ ᠶᠢᠨ ᠬᠤᠷᠢᠶ᠎ᠡ ᠳᠤ ᠬᠠᠪᠤᠳᠠᠷ ᠳᠤ ᠬᠤᠯᠪᠤᠬᠲᠠᠬᠰᠠᠨ CT ᠬᠢᠭᠰᠡᠨ ᠪᠠᠶᠢᠬᠤ ᠳᠤ᠂ ᠳᠣᠰ ᠭᠠᠵᠠᠷ ᠤᠨ ᠡᠮᠨᠠᠯᠭᠡ ᠶᠢᠨ ᠬᠤᠷᠢᠶ᠎ᠡ ᠲᠠᠭᠢᠠ ᠨᠢᠭᠡ ᠣᠲᠠᠭ᠎ᠠ ᠬᠢᠬᠦ ᠶᠢ ᠱᠠᠭᠠᠷᠳᠠᠳᠠᠭ ᠪᠤᠢ︖  7. ᠨᠢᠷᠤᠭᠤ ᠡᠪ ᠦᠭᠡᠢ ᠠᠴᠠ ᠪᠣᠯᠵᠤ᠂ ᠨᠢᠭᠡ ᠭᠠᠷᠠᠭ ᠤᠨ ᠡᠮᠦᠨ᠎ᠡ ᠬᠥᠬᠡ ᠡᠮᠨᠡᠯᠭᠡ ᠳᠤ CT ᠬᠢᠵᠦ᠂ ᠳᠠᠷᠠᠭ᠎ᠠ ᠭᠠᠷᠠᠭ ᠨᠢ ᠬᠥᠬᠡᠭᠴᠢᠨ ᠡᠮᠨᠡᠯᠭᠡ ᠨᠢ ᠪᠠᠶᠢᠷᠢᠯᠠᠯ ᠪᠣᠯᠤᠨ ᠵᠣᠭᠰᠣᠴᠠ ᠨᠢ ᠲᠠᠭᠠᠷᠠᠬᠤ ᠦᠭᠡᠢ᠂ ᠠᠳᠠᠯᠢ ᠬᠡᠯᠪᠡᠷᠢ ᠶᠢᠨ ᠮᠠᠰᠢᠨ ᠢᠶᠠᠷ ᠠᠳᠠᠯᠢᠬᠠᠨ ᠨᠢᠷᠤᠭᠤ ᠶᠢᠨ CT ᠬᠢᠭᠰᠡᠨ ᠦᠷ᠎ᠡ ᠳ᠋ᠦᠩ ᠨᠢ ᠠᠳᠠᠯᠢ ᠦᠭᠡᠢ ᠤᠤ︖  8. ᠨᠢᠭᠡ ᠦᠬᠢᠨ ᠳᠤᠭᠲᠠᠮᠠᠯ ᠬᠤᠭᠤᠴᠠᠭ᠎ᠠ ᠲᠠᠢ ᠪᠠᠷ ᠴᠢᠰᠤ ᠬᠠᠨᠢᠶᠠᠵᠤ᠂ ᠡᠮᠴᠢ ᠶᠠᠭᠤᠨ ᠳᠤ ᠡᠪᠴᠢᠭᠦᠦ ᠶᠢ ᠨᠢ ᠪᠠᠶᠢᠴᠠᠭᠠᠬᠤ ᠢᠶᠠᠷ ᠪᠠᠷᠠᠬᠤ ᠦᠭᠡᠢ ᠪᠠᠰᠠ ᠡᠮᠡᠭᠲᠡᠢ ᠶᠢᠨ ᠡᠮᠨᠡᠯᠭᠡ ᠶᠢᠨ ᠪᠠᠶᠢᠴᠠᠭᠠᠯᠲᠠ ᠬᠢᠬᠦ ᠪᠣᠯᠣᠯᠴᠠᠭ᠎ᠠ ᠲᠠᠢ ᠪᠤᠢ︖  9. ᠪᠡᠶ᠎ᠡ ᠶᠢᠨ ᠥᠨᠳᠥᠷ ᠨᠢ 180cm ᠪᠣᠯᠬᠤ ᠪᠦᠯᠦ ᠠᠬ᠎ᠠ ᠡᠮᠨᠡᠯᠭᠡ ᠳᠤ ᠪᠠᠶᠢᠴᠠᠭᠠᠯᠲᠠ ᠬᠢᠭᠰᠡᠨ ᠤ ᠳᠠᠷᠠᠭ᠎ᠠ᠂ ᠡᠮᠴᠢ ᠲᠡᠭᠦᠨ ᠢ ᠬᠥᠬᠦᠨ ᠪᠤᠯᠴᠢᠷᠬᠠᠶ ᠶᠢᠨ ᠥᠮᠡᠨ ᠣᠯᠵᠠᠶ ᠭᠡᠨ᠎ᠡ᠂ ᠡᠶᠢᠮᠦ ᠪᠣᠯᠣᠯᠴᠠᠭ᠎ᠠ ᠪᠠᠶᠢᠨ᠎ᠠ ᠦᠦ︖  10. ᠨᠠᠰᠤᠲᠠᠨ ᠤ ᠪᠡᠶ᠎ᠡ ᠨᠢ ᠶᠡᠷᠦ ᠳᠤ ᠪᠠᠨ ᠮᠠᠰᠢ ᠡᠷᠡᠭᠦᠯ ᠪᠠᠶᠢᠵᠤ᠂ ᠤᠴᠢᠷ ᠰᠢᠯᠲᠠᠭᠠᠨ ᠦᠭᠡᠢ ᠪᠠᠷ ᠬᠤᠳᠣᠭᠤᠳᠣ ᠨᠢ ᠡᠪᠡᠳᠴᠦ᠂ ᠪᠠᠶᠢᠴᠠᠭᠠᠯᠲᠠ ᠬᠢᠭᠰᠡᠨ ᠤ ᠳᠠᠷᠠᠭ᠎ᠠ ᠶᠠᠭᠤᠨ ᠤ ᠤᠴᠢᠷ ᠠᠴᠠ ᠡᠮᠴᠢ ᠵᠢᠷᠦᠬᠡᠨ ᠤ ᠲᠦᠭᠵᠢᠷᠡᠯ ᠭᠡᠵᠦ ᠬᠡᠯᠡᠳᠡᠭ ᠪᠤᠢ︖  ᠁ ᠁  ᠡᠬᠡ ᠪᠢᠴᠢᠭ ᠢ ᠰᠢᠯᠢᠨ ᠰᠣᠩᠭᠤᠭᠰᠠᠨ ᠤ ᠳᠠᠷᠠᠭ᠎ᠠ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠠᠯᠪᠠᠨ ᠲᠠᠪᠴᠠᠩ ᠳᠤ ᠵᠠᠯᠭᠠᠭ᠎ᠠ ᠪᠠᠷ ᠭᠠᠷ ᠤᠨ ᠦᠰᠦᠭ ᠵᠢᠷᠤᠵᠤ ᠨᠡᠢᠲᠡᠯᠡᠨ᠎ᠡ᠃ ᠡᠭᠦᠨ ᠤ ᠬᠠᠮᠲᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠠᠰᠠ ᠡᠬᠡ ᠪᠢᠴᠢᠭ ᠬᠠᠩᠭᠠᠭᠴᠢᠳ ᠠᠴᠠ ᠨᠢᠭᠡ ᠪᠦᠯᠦᠭ ᠬᠦᠰᠡᠯ ᠡᠷᠡᠮᠡᠯᠵᠡᠯ ᠲᠠᠢ ᠡᠮᠴᠢ ᠰᠤᠪᠢᠯᠠᠭᠴᠢ ᠶᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠴᠢ ᠪᠣᠯᠭᠠᠵᠤ᠂ ᠣᠷᠳᠣ ᠬᠤᠭᠤᠴᠠᠭ᠎ᠠ ᠪᠠᠷ ᠬᠠᠮᠲᠤᠷᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠢᠯᠭᠡᠨ᠎ᠡ᠃  ᠡᠬᠡ ᠪᠢᠴᠢᠭ ᠢᠯᠡᠭᠡᠬᠦ ᠰᠢᠦᠳᠠᠨ ᠬᠠᠶᠢᠷᠴᠠᠭ᠄ gjybjxwb@nhsa.gov.cn  ᠠᠩᠬᠠᠷᠬᠤ ᠵᠦᠢᠯ᠄ 1. ᠡᠬᠡ ᠪᠢᠴᠢᠭ ᠢᠯᠡᠭᠡᠬᠦ ᠳᠤ ᠵᠢᠷᠤᠭ ᠪᠢᠴᠢᠭ ᠢ ᠬᠤᠤᠰᠯᠠᠭᠤᠯᠬᠤ ᠪᠦᠭᠡᠳ ᠦᠰᠦᠭ ᠪᠢᠴᠢᠭ ᠪᠠ ᠭᠡᠷᠡᠯ ᠵᠢᠷᠤᠭ ᠲᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠠᠷᠭᠤᠯᠳᠤᠭᠠᠨ ᠣᠷᠣᠰᠢᠬᠤ ᠦᠭᠡᠢ᠃ 2. ᠦᠰᠦᠭ ᠪᠢᠴᠢᠭ ᠢ 2000 ᠦᠰᠦᠭ ᠤᠨ ᠳᠣᠲᠣᠷ᠎ᠠ ᠬᠢᠵᠠᠭᠠᠷᠯᠠᠵᠤ᠂ ᠦᠰᠦᠭ ᠪᠢᠴᠢᠭ ᠪᠠ ᠭᠡᠷᠡᠯ ᠵᠢᠷᠤᠭ ᠨᠢ ᠠᠮᠢᠳᠤᠯᠢᠭ ᠳᠦᠷᠰᠦᠯᠢᠭ᠂ ᠬᠢᠯᠪᠠᠷ ᠣᠶᠢᠯᠠᠭᠠᠮᠵᠢᠲᠠᠶ ᠪᠠᠶᠢᠵᠤ᠂ ᠨᠡᠯᠢᠶᠡᠳ ᠰᠠᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠦᠷ᠎ᠡ ᠪᠦᠲᠦᠮᠵᠢ ᠳᠤ ᠬᠦᠷᠬᠦ ᠬᠡᠷᠡᠭᠲᠡᠶ᠃ 3. ᠡᠬᠡ ᠪᠢᠴᠢᠭ ᠢᠯᠡᠭᠡᠬᠦ ᠦᠶ᠎ᠡ ᠳᠤ ᠵᠣᠬᠢᠶᠠᠭᠴᠢ ᠶᠢᠨ ᠦᠨᠳᠦᠰᠦᠨ ᠮᠡᠳᠡᠭᠡ ᠵᠠᠩᠭᠢ ᠶᠢᠨ ᠬᠦᠰᠦᠨᠦᠭᠲᠦ ᠶᠢ ᠳᠠᠭᠠᠯᠳᠤᠭᠤᠯᠤᠭᠠᠷᠠᠢ ︵ᠳᠠᠭᠠᠯᠳᠤᠭᠤᠯᠤᠯ ᠳᠤ ᠦᠵᠡᠭᠡᠷᠡᠢ︶᠃ 4. ᠡᠬᠡ ᠪᠢᠴᠢᠭ ᠡᠯᠰᠡᠬᠦ ᠨᠢ ᠤᠷᠲᠤ ᠬᠤᠭᠤᠴᠠᠭ᠎ᠠ ᠪᠠᠷ ᠬᠦᠴᠦᠨ ᠲᠠᠢ᠂ ᠤᠯᠠᠨ ᠤ ᠢᠳᠡᠪᠬᠢᠲᠡᠢ ᠪᠠᠷ ᠡᠬᠡ ᠪᠢᠴᠢᠭ ᠬᠠᠩᠭᠠᠬᠤ ᠶᠢ ᠪᠠᠶᠠᠷᠯᠠᠨ ᠤᠭᠲᠤᠵᠤ ᠪᠠᠶᠢᠨ᠎ᠠ᠃ 5. ᠡᠬᠡ ᠪᠢᠴᠢᠭ ᠡᠯᠰᠡᠬᠦ ᠳᠤ ᠡᠬᠡ ᠪᠢᠴᠢᠭ ᠤᠨ ᠵᠠᠷᠤᠳᠠᠯ ᠥᠭᠬᠦ ᠦᠭᠡᠢ᠂ ᠡᠬᠡ ᠪᠢᠴᠢᠭ ᠢ ᠨᠡᠶᠢᠲᠡᠯᠡᠭᠰᠡᠨ ᠦᠭᠡᠢ ᠪᠣᠯ ᠳᠠᠬᠢᠵᠤ ᠮᠡᠳᠡᠭᠳᠡᠬᠦ ᠦᠭᠡᠢ᠂ ᠲᠠ ᠪᠦᠬᠦᠨ ᠣᠶᠢᠯᠠᠭᠠᠭᠠᠷᠠᠢ᠃  ᠳᠠᠭᠠᠯᠳᠤᠭᠤᠯᠤᠯ᠄ ᠵᠣᠬᠢᠶᠠᠭᠴᠢ ᠶᠢᠨ ᠦᠨᠳᠦᠰᠦᠨ ᠮᠡᠳᠡᠭᠡ ᠵᠠᠩᠭᠢ ᠶᠢᠨ ᠬᠦᠰᠦᠨᠦᠭᠲᠦ    ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ  2024 ᠣᠨ ᠤ 6 ᠳ᠋ᠤᠭᠠᠷ ᠰᠠᠷ᠎ᠠ ᠶᠢᠨ 27 ᠤ ᠡᠳᠦᠷ  ᠳᠠᠭᠠᠯᠳᠤᠭᠤᠯᠤᠯ᠄ ᠵᠣᠬᠢᠶᠠᠭᠴᠢ ᠶᠢᠨ ᠦᠨᠳᠦᠰᠦᠨ ᠮᠡᠳᠡᠭᠡ ᠵᠠᠩᠭᠢ ᠶᠢᠨ ᠬᠦᠰᠦᠨᠦᠭᠲᠦ.doc

 

 

 
ᠢᠷᠡᠯᠲᠡ᠄ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号