ᠰᠢ ᠶᠢᠨ ᠫᠢᠩ ᠸᠢᠶᠧᠲᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/6/27
      ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 26 ᠤ ᠴᠠᠭᠢᠯᠭᠠᠨ ᠮᠡᠳᠡᠭ᠊‍ᠡ᠋   6 ᠰᠠᠷ᠎ᠠ ᠶᠢᠨ 26 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠵᠤᠨ ᠤ ᠤᠯᠠᠷᠢᠯ ᠤᠨ ᠳ᠋ᠠᠸᠤᠰ ᠤᠨ ᠶᠠᠷᠢᠶᠠᠨ ᠤ ᠲᠠᠪᠴᠠᠩ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠸᠢᠶᠧᠲᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠲᠠᠢ ᠠᠭᠤᠯᠵᠠᠪᠠ᠃
6-27.jpg
      6 ᠰᠠᠷ᠎ᠠ ᠶᠢᠨ 26 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠵᠤᠨ ᠤ ᠤᠯᠠᠷᠢᠯ ᠤᠨ ᠳ᠋ᠠᠸᠤᠰ ᠤᠨ ᠶᠠᠷᠢᠶᠠᠨ ᠤ ᠲᠠᠪᠴᠠᠩ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠸᠢᠶᠧᠲᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠲᠠᠢ  ᠠᠭᠤᠯᠵᠠᠪᠠ᠃        ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠶᠣᠣ ᠳ᠋ᠠ ᠸᠧᠢ  ᠰᠡᠭᠦᠳᠡᠷᠯᠡᠪᠡ      ᠰᠢ ᠶᠢᠨ ᠫᠢᠩ ᠹᠠᠨ ᠮᠢᠩ ᠵᠧᠩ ᠢᠶᠠᠷ ᠳᠠᠮᠵᠢᠭᠤᠯᠤᠨ ᠷᠤᠸᠠᠨ ᠹᠦ᠋ ᠵᠦᠩ ᠶᠡᠷᠦᠩᠬᠡᠢ ᠱᠦᠵᠢ ᠪᠣᠯᠣᠨ ᠤᠯᠤᠰ ᠤᠨ ᠲᠡᠷᠢᠭᠦᠯᠡᠭᠴᠢ ᠰᠦ᠋ ᠯᠢᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ ᠰᠢ ᠶᠢᠨ ᠫᠢᠩ᠂ ᠨᠢᠳᠤᠨᠤᠨ ᠤ ᠵᠢᠯ ᠤᠨ ᠰᠡᠭᠦᠯᠴᠢ ᠪᠠᠷ ᠪᠢ ᠸᠢᠶᠧᠲᠨᠠᠮ ᠳᠤ ᠠᠶᠢᠯᠴᠢᠯᠠᠯᠲᠠ ᠬᠢᠬᠦ ᠬᠤᠭᠤᠴᠠᠭᠠᠨ ᠳᠤ ᠶᠡᠷᠦᠩᠬᠡᠢ ᠱᠦᠵᠢ ᠷᠤᠸᠠᠨ ᠹᠦ᠋ ᠵᠥᠩ ᠲᠠᠢ ᠬᠠᠮᠲᠤ ᠪᠠᠷ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠨᠡᠶᠢᠲᠡᠯᠡᠵᠦ᠂ ᠬᠤᠶᠠᠷ ᠤᠯᠤᠰ ᠤᠨ ᠬᠠᠷᠢᠯᠴᠠᠭ᠎ᠠ ᠶᠢᠨ ᠰᠢᠨ᠎ᠡ ᠱᠠᠲᠤᠨ ᠳᠤ ᠣᠷᠣᠬᠤ ᠶᠢ ᠬᠥᠲᠥᠯᠥᠨ ᠳᠠᠭᠠᠭᠤᠯᠪᠠ᠃ ᠬᠠᠭᠠᠰ ᠵᠢᠯ ᠭᠠᠷᠤᠢ ᠶᠢᠨ ᠲᠤᠷᠰᠢ ᠬᠤᠶᠠᠷ ᠨᠠᠮ ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠨᠢᠭᠲᠠᠷᠠᠵᠤ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠤᠷᠤᠭᠰᠢᠲᠠᠢ ᠶᠠᠪᠤᠭᠳᠠᠵᠤ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠠᠰᠢᠭ ᠬᠦᠷᠲᠡᠭᠡᠪᠡ᠃ ᠣᠳᠣᠬᠠᠨ ᠳᠤ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠰᠢᠷᠦᠭᠦᠰᠴᠦ᠂ ᠳᠤᠮᠳᠠᠳᠤ ᠸᠢᠶᠧᠲᠨᠠᠮ ᠤᠨ ᠬᠢᠨ ᠠᠵᠤ ᠠᠬᠤᠢ ᠶᠢᠨ ᠲᠦᠷᠭᠡᠨ ᠬᠥᠭᠵᠢᠯᠲᠡ ᠪᠣᠯᠣᠨ ᠨᠡᠶᠢᠭᠡᠮ ᠤᠨ ᠤᠷᠳᠤ ᠬᠤᠭᠤᠴᠠᠭᠠᠨ ᠤ ᠲᠣᠭᠲᠠᠭᠤᠨ ᠢ ᠪᠠᠲᠤᠯᠠᠵᠤ᠂ ᠨᠡᠶᠢᠭᠡᠮ ᠵᠢᠷᠤᠮᠲᠤ ᠪᠠᠶᠢᠭᠤᠯᠤᠯ ᠤᠨ ᠳᠠᠪᠠᠭᠤᠯᠢᠭ ᠢ ᠢᠯᠡᠷᠡᠭᠦᠯᠪᠡ᠃ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ ᠬᠤᠶᠠᠷ ᠤᠯᠤᠰ ᠤᠨ ᠲᠤᠰ ᠲᠤᠰ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠳᠤ ᠨᠡᠶᠢᠴᠡᠵᠦ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ᠂ ᠳᠡᠯᠡᠬᠡᠢ ᠶᠢᠨ ᠨᠡᠶᠢᠭᠡᠮ ᠵᠢᠷᠤᠮ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠠᠰᠢᠭᠲᠠᠢ ᠶᠤᠮ᠃ ᠳᠤᠮᠳᠠᠳᠤ ᠤᠯᠤᠰ ᠳᠤᠷᠠᠲᠠᠶ᠎ᠠ ᠸᠢᠶᠧᠲᠨᠠᠮ ᠤᠨ ᠬᠢᠨ ᠲᠠᠢ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠮᠵᠢ ᠪᠠᠨ ᠴᠢᠩᠭᠠᠳᠬᠠᠵᠤ᠂ ︽ᠵᠢᠷᠭᠤᠭᠠᠨ ᠨᠠᠩ ᠢᠯᠡᠭᠦᠦ︾ ᠶᠢᠨ ᠶᠡᠷᠦᠩᠬᠡᠢ ᠬᠠᠷᠠᠯᠲᠠ ᠶᠢᠨ ᠲᠣᠭᠤᠷᠢᠨ ᠳᠤ ᠪᠦᠯᠬᠦᠮᠳᠡᠨ ᠨᠥᠭᠦᠷᠰᠡᠭ ᠪᠠᠶᠢᠬᠤ ᠶᠢ ᠪᠠᠷᠢᠮᠲᠠᠯᠠᠵᠤ᠂ ᠬᠠᠷᠢᠯᠴᠠᠨ ᠡᠷᠡᠰ ᠳᠡᠮᠵᠢᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠭᠠᠷ ᠬᠤᠯᠪᠣᠨ ᠣᠳᠣᠬᠢᠴᠢᠯᠠᠯᠲᠠ ᠲᠡᠶᠢᠰᠢ ᠤᠷᠤᠭᠰᠢᠯᠠᠵᠤ᠂ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠬᠥᠭᠵᠢᠯᠲᠡ᠂ ᠬᠥᠭᠵᠢᠯ ᠴᠡᠴᠡᠭᠯᠡᠯ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ ᠪᠠᠶᠢᠬᠤ ᠨᠢ ᠬᠤᠶᠠᠷ ᠲᠠᠯ᠎ᠠ ᠶᠢᠨ ᠠᠵᠤ ᠠᠬᠤᠢ ᠠᠷᠠᠯᠵᠢᠶ᠎ᠠ᠂ ᠬᠤᠯᠪᠣᠯᠳᠤᠨ ᠨᠡᠪᠲᠡᠷᠡᠯᠴᠡᠬᠦ᠂ ᠲᠣᠭᠠᠴᠢᠯᠠᠭᠰᠠᠨ ᠠᠵᠤ ᠠᠬᠤᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠥᠷᠭᠡᠳᠬᠡᠬᠦ ᠳᠤ ᠰᠢᠨ᠎ᠡ ᠠᠵᠠ ᠲᠣᠭᠢᠶᠠᠯ ᠠᠪᠴᠢᠷᠠᠬᠤ ᠪᠣᠯᠣᠨ᠎ᠠ᠃ ᠬᠤᠶᠠᠷ ᠲᠠᠯ᠎ᠠ ᠪᠠᠷ ᠢᠶᠠᠨ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠪᠠᠲᠤᠯᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠠᠬᠢᠭᠤᠯᠵᠤ᠂ ᠬᠤᠶᠠᠷ ᠤᠯᠤᠰ ᠤᠨ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠵᠦ᠂ ᠬᠤᠶᠠᠷ ᠤᠯᠤᠰ ᠤᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠳᠤᠮᠳᠠᠳᠤ ᠤᠯᠤᠰ ᠤᠨ ᠨᠡᠩ ᠤᠯᠠᠨ ᠠᠵᠤ ᠠᠬᠤᠶᠢᠯᠠᠯ ᠤᠨ ᠸᠢᠶᠧᠲᠨᠠᠮ ᠳᠠᠬᠢ ᠪᠡᠯᠡ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠤᠨ᠎ᠠ᠂ ᠸᠢᠶᠧᠲᠨᠠᠮ ᠤᠨ ᠬᠢᠨ ᠳᠤᠮᠳᠠᠳᠤ ᠤᠯᠤᠰ ᠤᠨ ᠠᠵᠤ ᠠᠬᠤᠶᠢᠯᠠᠯ ᠳᠤ ᠡᠷᠬᠡ ᠲᠡᠭᠰᠢ᠂ ᠲᠥᠪ ᠭᠤᠣᠯᠴᠢ᠂ ᠭᠠᠳᠠᠭᠤᠷᠴᠢᠯᠠᠯ ᠦᠭᠡᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠬᠠᠩᠭᠠᠬᠤ ᠶᠢ ᠬᠦᠰᠡᠵᠦ        ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠤᠶᠠᠷ ᠨᠠᠮ ᠤᠨ ᠨᠥᠭᠦᠷᠰᠡᠭ ᠶᠠᠪᠤᠯᠴᠠᠭ᠎ᠠ ᠶᠢᠨ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠢᠯᠢ ᠬᠢᠵᠠᠭᠠᠷ ᠤᠨ ᠮᠤᠵᠢ ᠣᠷᠣᠨ ᠤ ᠰᠣᠯᠢᠯᠴᠠᠭ᠎ᠠ ᠪᠠᠨ ᠴᠢᠩᠭᠠᠳᠬᠠᠬᠤ ᠶᠢ ᠳᠡᠮᠵᠢᠵᠦ᠂ ᠬᠥᠳᠡᠭᠡ ᠠᠵᠤ ᠠᠬᠤᠢ᠂ ᠰᠤᠷᠭᠠᠨ ᠬᠥᠮᠦᠵᠢᠯ᠂ ᠡᠮᠴᠢᠯᠡᠭᠡ ᠵᠡᠷᠭᠡ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠠᠷᠠᠳ ᠤᠨ ᠳᠤᠮᠳᠠᠬᠢ᠂ ᠵᠠᠯᠠᠭᠤᠴᠤᠳ ᠵᠡᠷᠭᠡ ᠰᠣᠯᠢᠯᠴᠠᠭᠠᠨ ᠤ ᠲᠠᠪᠴᠠᠩ ᠢ ᠰᠠᠶᠢᠲᠤᠷ ᠠᠰᠢᠭᠯᠠᠵᠤ᠂ ᠳᠤᠮᠳᠠᠳᠤ ᠸᠢᠶᠧᠲᠨᠠᠮ ᠤᠨ ᠨᠥᠬᠦᠷᠯᠡᠯ ᠤᠨ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠶ᠎ᠡ᠃ ᠬᠤᠶᠠᠷ ᠲᠠᠯ᠎ᠠ ᠪᠠᠷ ᠢᠶᠠᠨ ᠳᠠᠯᠠᠢ ᠳᠡᠭᠡᠷᠡᠬᠢ ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ ᠳᠠᠯᠠᠢ ᠳᠡᠭᠡᠷᠡᠬᠢ ᠬᠠᠮᠲᠤ ᠶᠢᠨ ᠨᠡᠭᠡᠭᠡᠨ ᠬᠥᠭᠵᠢᠭᠦᠯᠦᠯᠲᠡ ᠶᠢ ᠲᠦᠷᠭᠡᠳᠬᠡᠨ ᠠᠬᠢᠭᠤᠯᠵᠤ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠶ᠎ᠠ ᠭᠡᠵᠦ ᠴᠢᠬᠤᠯᠠᠴᠢᠯᠠᠵᠠᠢ᠃      ᠹᠠᠨ ᠮᠢᠩ ᠵᠧᠩ ᠠᠴᠠ ᠶᠡᠷᠦᠩᠬᠡᠢ ᠱᠦᠵᠢ ᠷᠤᠸᠠᠨ ᠹᠦ᠋ ᠵᠦᠩ ᠪᠣᠯᠣᠨ ᠤᠯᠤᠰ ᠤᠨ ᠲᠡᠷᠢᠭᠦᠯᠡᠭᠴᠢ ᠰᠦ᠋ ᠯᠢᠨ ᠤ ᠶᠡᠷᠦᠩᠬᠡᠢ ᠱᠦᠵᠢ ᠰᠢ ᠶᠢᠨ ᠫᠢᠩ ᠳᠤ ᠳᠡᠪᠰᠢᠭᠦᠯᠦᠭᠰᠡᠨ ᠳᠣᠲᠣᠨᠣ ᠮᠡᠨᠳᠦᠴᠢᠯᠡᠯ ᠢ ᠳᠠᠮᠵᠢᠭᠤᠯᠵᠤ᠂ ᠸᠢᠶᠧᠲᠨᠠᠮ ᠳᠤᠮᠳᠠᠳᠤ ᠤᠯᠠᠮᠵᠢᠯᠠᠯᠲᠤ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ ᠲᠠᠢ ᠶᠤᠮ᠂ ᠴᠥᠮ ᠡᠪ ᠬᠠᠮᠲᠤ ᠨᠠᠮ ᠤᠳᠤᠷᠢᠳᠴᠤ ᠪᠠᠶᠢᠭ᠎ᠠ ᠨᠡᠶᠢᠭᠡᠮ ᠵᠢᠷᠤᠮᠲᠤ ᠤᠯᠤᠰ ᠶᠤᠮ᠃ ᠸᠢᠶᠧᠲᠨᠠᠮ ᠤᠨ ᠬᠢᠨ ᠳᠤᠮᠳᠠᠳᠤ ᠤᠯᠤᠰ ᠶᠡᠷᠦᠩᠬᠡᠢ ᠱᠦᠵᠢ ᠰᠢ ᠶᠢᠨ ᠫᠢᠩ ᠤᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ ᠪᠦᠭᠦ ᠲᠠᠯ᠎ᠠ ᠶᠢᠨ ᠠᠭᠤᠤ ᠶᠡᠭᠡ ᠠᠮᠵᠢᠯᠲᠠ ᠣᠯᠣᠭᠰᠠᠨ ᠳᠤ ᠴᠢᠩ ᠰᠡᠳᠬᠢᠯ ᠠᠴᠠ ᠪᠠᠨ ᠪᠠᠶᠠᠷ ᠬᠦᠷᠭᠡᠵᠦ᠂ ᠳᠤᠮᠳᠠᠳᠤ ᠤᠯᠤᠰ ᠤᠨ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠴᠢᠬᠤᠯᠠ ᠬᠥᠳᠡᠯᠭᠡᠭᠦᠷ ᠪᠣᠯᠣᠨ ᠴᠢᠬᠤᠯᠠ ᠲᠣᠭᠲᠠᠪᠤᠷᠢᠵᠢᠭᠤᠯᠬᠤ ᠦᠢᠯᠡᠳᠦᠯ ᠦᠵᠡᠭᠦᠯᠵᠦ ᠪᠠᠶᠢᠬᠤ ᠶᠢ ᠢᠳᠡᠪᠬᠢᠲᠡᠢ ᠦᠨᠡᠯᠡᠵᠦ ᠪᠠᠶᠢᠨ᠎ᠠ᠃ ᠳᠤᠮᠳᠠᠳᠤ ᠤᠯᠤᠰ ᠤᠨ  ᠬᠥᠭᠵᠢᠨ ᠬᠦᠴᠦᠷᠬᠡᠭᠵᠢᠵᠦ ᠴᠡᠴᠡᠭᠯᠡᠨ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠨᠡᠩ ᠴᠢᠬᠤᠯᠠ ᠦᠢᠯᠡᠳᠦᠯ ᠦᠵᠡᠭᠦᠯᠭᠦ ᠶᠢ ᠸᠢᠶᠧᠲᠨᠠᠮ ᠤᠨ ᠬᠢᠨ ᠳᠡᠮᠵᠢᠨ᠎ᠠ᠃ ᠸᠢᠶᠧᠲᠨᠠᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠢᠯᠡᠷᠡᠭᠦᠯᠦᠭᠰᠡᠨ ᠲᠡᠦᠬᠡ ᠶᠢᠨ ᠬᠠᠷᠠᠭᠠᠰᠤ᠂ ᠪᠦᠭᠦ ᠪᠥᠮᠪᠥᠷᠴᠡᠭ ᠤᠨ ᠬᠠᠷᠠᠴᠠ ᠪᠣᠯᠣᠨ ᠠᠤᠭ᠎ᠠ ᠬᠦᠴᠦᠨ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠰᠢᠷᠢᠰ ᠰᠠᠨᠠᠭᠠᠴᠢᠯᠠᠭ᠎ᠠ ᠶᠢ ᠲᠡᠮᠵᠢᠵᠤ᠂ ᠳᠤᠮᠳᠠᠳᠤ ᠤᠯᠤᠰ ᠤᠨ ︽ᠪᠦᠭᠦ ᠲᠠᠯ᠎ᠠ ᠶᠢᠨ ᠬᠢᠭᠡᠳ ᠲᠠᠪᠰᠢᠯᠳᠠ ᠲᠠᠢ ᠨᠣᠮᠣᠬᠠᠨ ᠲᠠᠯᠠᠢ ᠶᠢ ᠠᠯᠤᠰᠯᠠᠭᠰᠠᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠲᠤ ᠣᠷᠤᠯᠴᠠᠬᠤ ᠶᠢ ᠲᠡᠮᠵᠢᠵᠤ᠂ ᠠᠵᠤ ᠠᠬᠤᠢ ᠠᠷᠠᠯᠵᠢᠶ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠰᠠᠭᠤᠳᠠᠯ ᠢ ᠤᠯᠤᠰ ᠲᠥᠷᠥᠴᠢᠯᠡᠬᠦ ᠶᠢ ᠡᠰᠡᠷᠭᠦᠴᠡᠨ᠎ᠡ᠃ ᠸᠢᠶᠧᠲᠨᠠᠮ ᠤᠨ  ᠬᠢᠨ ᠳᠤᠮᠳᠠᠳᠤ ᠤᠯᠤᠰ ᠤᠨ ᠨᠠᠮ ᠢ ᠵᠠᠰᠠᠬᠤ ᠲᠦᠷᠦ ᠶᠢ ᠵᠠᠰᠠᠵᠤ ᠵᠠᠰᠠᠭ ᠢ ᠡᠷᠭᠢᠯᠡᠭᠦ ᠰᠢᠨ᠎ᠡ ᠤᠨᠤᠯ ᠰᠢᠨ᠎ᠡ ᠦᠢᠯᠡᠳᠦᠯᠭᠡ ᠰᠢᠨ᠎ᠡ ᠦᠷ᠎ᠡ ᠪᠦᠲᠦᠭᠡᠯ ᠢ ᠰᠤᠷᠤᠯᠴᠠᠨ ᠲᠣᠯᠢ ᠪᠤᠯᠭᠠᠵᠤ᠂ ᠳᠤᠮᠳᠠᠳᠤ ᠤᠯᠤᠰ ᠲᠠᠢ ᠬᠠᠮᠲᠤ ᠪᠠᠷ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠤᠨ ᠨᠠᠮ ᠪᠣᠯᠣᠨ ᠵᠠᠰᠠᠭ ᠤᠨ ᠣᠷᠳᠣᠨ ᠤ ᠸᠢᠶᠧᠲᠨᠠᠮ ᠤᠨ ᠦᠨᠳᠦᠰᠦᠲᠡᠨ ᠤ ᠲᠤᠰᠠᠭᠠᠷ ᠲᠣᠭᠲᠠᠨᠢᠯ ᠪᠣᠯᠣᠨ ᠤᠯᠤᠰ ᠤᠨ ᠬᠥᠭᠵᠢᠯᠲᠡ ᠶᠢ ᠪᠡᠶᠡᠯᠡᠭᠦᠯᠬᠦ ᠳᠤ ᠦᠵᠡᠭᠦᠯᠦᠭᠰᠡᠨ ᠡᠷᠬᠢᠮ ᠨᠠᠨᠳᠢᠨ ᠬᠠᠪᠰᠤᠷᠤᠯᠭ᠎ᠠ ᠳᠤ ᠲᠠᠯᠠᠷᠬᠠᠵᠤ ᠪᠠᠶᠢᠨ᠎ᠠ᠃ ᠸᠢᠶᠧᠲᠨᠠᠮ ᠤᠨ ᠬᠢᠨ ᠳᠤᠮᠳᠠᠳᠤ ᠶᠢᠨ ᠬᠢᠨ ᠤ ᠲᠠᠶᠢᠸᠠᠨ ᠤ ᠠᠰᠠᠭᠤᠳᠠᠯ ᠤᠨ ᠲᠠᠯ᠎ᠠ ᠪᠠᠷ ᠬᠢ ᠵᠣᠭᠰᠣᠯᠲᠠ ᠶᠢ ᠲᠡᠮᠵᠢᠵᠤ᠂ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠵᠢᠷᠤᠮᠯᠠᠵᠤ᠂ ᠸᠢᠶᠧᠲᠨᠠᠮ ᠳᠤᠮᠳᠠᠳᠤ ᠶᠢᠨ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠣᠯᠣᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠸᠢᠶᠧᠲᠨᠠᠮ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢᠨ ᠲᠡᠷᠢᠭᠦᠨ ᠴᠢᠬᠤᠯᠠ ᠪᠥᠭᠡᠳ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠤᠯᠭᠠᠵᠤ᠂ ᠭᠠᠳᠠᠭᠠᠳᠤ ᠶᠢᠨ ᠥᠳᠥᠭᠡᠯᠭᠡ ᠪᠠ ᠬᠠᠷᠰᠢᠯᠠᠯ ᠡᠪᠳᠡᠯᠡᠭᠡ ᠶᠢ ᠬᠦᠯᠢᠶᠡᠬᠦ ᠦᠭᠡᠢ ᠶᠤᠮ᠃ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠨᠢᠳᠤᠨᠤᠨ ᠸᠢᠶᠧᠲᠨᠠᠮ ᠳᠤ ᠠᠮᠵᠢᠯᠲᠠ ᠲᠠᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠶᠠᠪᠤᠳᠠᠯ ᠪᠣᠯ ᠸᠢᠶᠧᠲᠨᠠᠮ ᠳᠤᠮᠳᠠᠳᠤ ᠶᠢᠨ ᠬᠠᠷᠢᠯᠴᠠᠭᠠᠨ ᠤ ᠲᠡᠦᠬᠡᠨ ᠬᠥᠰᠢᠶ᠎ᠡ ᠲᠡᠮᠳᠡᠭ ᠪᠣᠯᠣᠨ᠎ᠠ᠃ ᠸᠢᠶᠧᠲᠨᠠᠮ ᠤᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠲᠤᠰ ᠤᠳᠠᠭ᠎ᠠ ᠶᠢᠨ ᠠᠶᠢᠯᠴᠢᠯᠠᠯᠲᠠ ᠶᠢᠨ ᠴᠢᠬᠤᠯᠠ ᠦᠷ᠎ᠡ ᠪᠦᠲᠦᠭᠡᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠵᠢᠷᠭᠤᠭᠠᠨ ᠨᠡᠩ ᠢᠯᠡᠭᠦᠦ︾ ᠶᠢᠨ ᠶᠡᠷᠦᠩᠬᠡᠢ ᠬᠠᠷᠠᠯᠲᠠ ᠶᠣᠰᠣᠭᠠᠷ ᠤᠯᠤᠰ ᠲᠦᠷᠦ ᠶᠢᠨ ᠢᠲᠡᠭᠡᠯᠴᠡᠭᠡ ᠪᠠᠨ ᠲᠠᠰᠤᠷᠠᠯᠳᠠ ᠦᠭᠡᠢ ᠨᠡᠮᠡᠭᠳᠡᠭᠦᠯᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠵᠠᠯᠠᠭᠤᠴᠤᠳ ᠤᠨ ᠬᠤᠭᠤᠷᠤᠨᠳᠤᠭᠢ ᠰᠣᠯᠢᠯᠴᠠᠭ᠎ᠠ ᠶᠢ ᠵᠣᠷᠢᠭᠵᠢᠭᠤᠯᠵᠤ᠂ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠤᠯᠠᠨ ᠲᠠᠯ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠵᠥᠷᠢᠯᠳᠦᠭᠡᠨ ᠢᠶᠠᠨ ᠵᠣᠬᠢᠰᠲᠠᠢ ᠰᠢᠢᠳᠪᠦᠷᠢᠯᠡᠵᠦ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠸᠢᠶᠧᠲᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠦᠨᠡᠨ ᠬᠦ ᠠᠬᠢᠭᠤᠯᠤᠨ᠎ᠠ ᠭᠡᠵᠦ ᠢᠯᠡᠳᠬᠡᠪᠡ᠃      ᠸᠠᠩ ᠢ ᠠᠭᠤᠯᠵᠠᠯᠲᠠ ᠳᠤ ᠣᠷᠣᠯᠴᠠᠵᠠᠢ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号