ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠬᠤᠷᠠᠯ ᠬᠤᠷᠠᠯᠳᠤᠭᠤᠯᠵᠤ    ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠠᠶᠢᠭ᠎ᠠ ᠪᠢᠴᠢᠭ ᠮᠠᠲ᠋ᠧᠷᠢᠶᠠᠯ ᠢ ᠶᠠᠷᠢᠯᠴᠠᠪᠠ  ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2024/6/28
  ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 27 ᠤ ᠴᠠᠭᠢᠯᠭᠠᠨ ᠮᠡᠳᠡᠭᠡ     ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 6 ᠰᠠᠷ᠎ᠠ ᠶᠢᠨ 27 ᠤ ᠡᠳᠦᠷ ᠬᠤᠷᠠᠯ ᠬᠤᠷᠠᠯᠳᠤᠭᠤᠯᠵᠤ ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠰᠤᠳᠤᠯᠪᠠ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ  ᠶᠢᠨ ᠫᠢᠩ ᠬᠤᠷᠠᠯ ᠢ ᠡᠷᠭᠢᠯᠡᠪᠡ ᠃  ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠢ 7 ᠰᠠᠷ᠎ᠠ ᠶᠢᠨ 15 ᠠᠴᠠ 18 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠭᠤᠯᠬᠤ ᠪᠠᠷ ᠲᠣᠭᠲᠠᠪᠠ ᠃  ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ︽ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ ᠶᠢᠨ ᠲᠣᠭᠲᠠᠭᠠᠯ ︾ ᠤᠨ ᠨᠣᠣᠷᠠᠭ ᠤᠨ ᠲᠤᠬᠠᠢ ᠨᠠᠮ ᠤᠨ ᠳᠣᠲᠣᠨ᠎ᠠ ᠭᠠᠳᠠᠨᠠᠬᠢ ᠵᠣᠬᠢᠬᠤ ᠬᠡᠪᠴᠢᠶᠡᠨ ᠳᠤ ᠰᠠᠨᠠᠯ ᠬᠤᠷᠢᠶᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠂ ᠲᠣᠰ ᠤᠳᠠᠭᠠᠨ ᠤ ᠬᠤᠷᠠᠯ ᠳᠤ ᠶᠠᠷᠢᠯᠴᠠᠭᠰᠠᠨ ᠰᠠᠨᠠᠯ ᠢ ᠦᠨᠳᠦᠰᠦᠯᠡᠨ ᠵᠠᠰᠠᠪᠤᠷᠢ ᠣᠷᠣᠭᠤᠯᠤᠭᠰᠠᠨ ᠤ ᠳᠠᠷᠠᠭ᠎ᠠ ᠪᠢᠴᠢᠭ ᠮᠠᠲ᠋ᠧᠷᠢᠶᠠᠯ ᠤᠨ ᠨᠣᠣᠷᠠᠭ ᠢ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ ᠃  ᠬᠤᠷᠠᠯ ᠠᠴᠠ ᠂ ᠡᠨᠡ ᠤᠳᠠᠭ᠎ᠠ ᠰᠠᠨᠠᠯ ᠬᠤᠷᠢᠶᠠᠬᠤ ᠳᠠᠭᠠᠨ ᠨᠠᠮ ᠤᠨ ᠳᠣᠲᠣᠭᠠᠳᠤ ᠶᠢᠨ ᠠᠷᠠᠳᠴᠢᠯᠠᠯ ᠂ ᠤᠯᠡᠠ ᠤ ᠤᠶᠤᠨ ᠤᠬᠠᠭᠠᠨ ᠢ ᠲᠥᠪᠯᠡᠷᠡᠭᠦᠯᠬᠦ ᠰᠤᠷᠲᠠᠯ ᠢ  ᠭᠦᠢᠴᠡᠳ ᠪᠠᠳᠠᠷᠠᠭᠤᠯᠵᠤ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠲᠣᠭᠲᠠᠭᠠᠯ ᠤᠨ ᠨᠣᠣᠷᠠᠭ ᠢ ᠭᠦᠢᠴᠡᠳ ᠨᠤᠲᠠᠯᠠᠵᠠᠢ ᠭᠡᠵᠦ ᠵᠢᠭᠠᠵᠤ ᠭᠠᠷᠭᠠᠨ ᠂ ᠲᠣᠭᠲᠠᠭᠠᠯ ᠤᠨ ᠨᠣᠣᠷᠠᠭ ᠲᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠭᠦᠨᠵᠡᠭᠡᠢ ᠵᠠᠳᠠᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ ᠂ ᠰᠢᠨ᠎ᠡ ᠠᠶᠠᠨ ᠳᠤ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠵᠢᠯᠤᠭᠤᠳᠬᠤ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠵᠤ ᠂ ᠰᠢ  ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠬᠦ ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠲᠡᠦᠬᠡ ᠶᠢᠨ ᠰᠠᠨᠠᠭᠠᠴᠢᠯᠠᠭᠠᠲᠤ ᠴᠢᠨᠠᠷ ᠂ ᠥᠭᠡᠷᠡᠴᠢᠯᠡᠯᠲᠡ ᠶᠢ  ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠷᠠᠭᠤᠯ ᠢᠷᠡᠭᠡᠳᠦᠢ ᠶᠢ ᠨᠡᠭᠡᠭᠡᠬᠦ ᠴᠢᠩᠭ᠎ᠠ ᠬᠠᠲᠠᠭᠤ ᠡᠷᠡᠰ ᠵᠣᠷᠢᠭ ᠢ ᠭᠦᠢᠴᠡᠳ ᠢᠯᠡᠷᠡᠭᠦᠯᠵᠡᠢ ᠭᠡᠵᠦ ᠦᠵᠡᠪᠡ ᠃  ᠬᠤᠷᠠᠯ ᠠᠴᠠ ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠶᠡᠷᠦᠩᠬᠡᠢ ᠬᠠᠷᠠᠯᠲᠠ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠵᠦ ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠠᠪᠤᠳᠠᠯ ᠪᠣᠯᠣᠨ᠎ᠠ ᠃ 2035 ᠣᠨ ᠪᠤᠯᠬᠤ ᠳᠤ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠦᠭᠦ ᠲᠠᠯ᠎ᠠ ᠪᠠᠷ ᠪᠡᠶᠡᠯᠡᠭᠦᠯᠵᠦ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠨᠠᠩ ᠲᠡᠭᠦᠯᠳᠡᠷᠵᠢᠭᠦᠯᠵᠦ ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ ᠂ ᠲᠣᠰ ᠵᠠᠭᠤᠨ ᠤ ᠳᠤᠮᠳᠠᠴᠢ ᠪᠤᠯᠬᠤ ᠳᠤ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ ᠭᠡᠵᠦ ᠴᠢᠬᠤᠯᠠᠴᠢᠯᠠᠪᠠ ᠃  ᠬᠤᠷᠠᠯ ᠠᠴᠠ ᠂ ᠥᠭᠡᠷᠡᠴᠢᠯᠡᠯᠲᠡ ᠶᠢ  ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠢᠯᠠᠩᠭᠤᠶ᠎ᠠ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢ ᠳ᠋ᠦᠩᠨᠡᠨ ᠬᠡᠷᠡᠭᠯᠡᠵᠦ ᠂ ᠳᠣᠣᠷᠠᠬᠢ ᠵᠠᠷᠴᠢᠮ ᠢ ᠲᠤᠭᠤᠰᠢᠯᠠᠭᠤᠯᠬᠤ ᠬᠡᠷᠡᠭᠲᠡᠢ ᠄ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ ᠂ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ ᠂ ᠨᠠᠮ ᠤᠨ ᠪᠦᠭᠦ ᠲᠠᠯ᠎ᠠ ᠶᠢ ᠶᠡᠷᠦᠩᠬᠡᠶᠢᠯᠡᠨ ᠡᠵᠡᠮᠳᠡᠬᠦ ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠪᠠᠳᠠᠷᠠᠭᠤᠯᠵᠤ ᠂ ᠨᠠᠮ ᠤᠨ ᠤᠳᠤᠷᠢᠳᠤᠯᠭ᠎ᠠ ᠶᠢ ᠥᠭᠡᠷᠡᠴᠢᠯᠡᠯᠲᠡ ᠶᠢᠨ ᠡᠯ᠎ᠡ ᠲᠠᠯ᠎ᠠ ᠪᠦᠭᠦ ᠶᠠᠪᠤᠴᠠ ᠳᠤ ᠲᠤᠭᠤᠰᠢᠯᠠᠭᠤᠯᠵᠤ ᠂ ᠥᠭᠡᠷᠡᠴᠢᠯᠡᠯᠲᠡ ᠶᠢᠨ ᠢᠮᠠᠭᠲᠠ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠭᠡᠷᠡᠭᠲᠡᠢ ︔ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠭᠦᠨᠳᠦᠳᠭᠡᠵᠦ ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠥᠭᠡᠷᠡᠴᠢᠯᠡᠯᠲᠡ ᠨᠢ ᠬᠠᠷᠢᠭᠤ ᠲᠤᠰᠬᠠᠯ ᠲᠠᠢ ᠪᠠᠶᠢᠬᠤ ᠶᠢ ᠪᠠᠷᠢᠮᠲᠠᠯᠠᠵᠤ ᠂ ᠥᠭᠡᠷᠡᠴᠢᠯᠡᠯᠲᠡ ᠨᠢ ᠠᠷᠠᠳ ᠲᠦᠮᠡᠨ ᠤ ᠲᠥᠯᠥᠭᠡ ᠂ ᠥᠭᠡᠷᠡᠴᠢᠯᠡᠯᠲᠡ ᠨᠢ ᠠᠷᠠᠳ ᠲᠦᠮᠡᠨ ᠳᠤ ᠲᠦᠰᠢᠭᠯᠡᠵᠦ ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠭᠦ ᠶᠢ ᠪᠡᠶᠡᠯᠡᠭᠦᠯᠬᠦ ᠭᠡᠷᠡᠭᠳᠡᠢ ︔ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠭᠤᠶᠢᠪᠢᠰᠢ ᠦᠭᠡᠢ ᠪᠠᠷᠢᠮᠲᠠᠯᠠᠨ ᠂ ᠴᠠᠭ ᠦᠶ᠎ᠡ ᠶᠢᠨ ᠠᠯᠬᠤᠭ᠎ᠠ ᠶᠢ ᠴᠢᠩᠭ᠎ᠠ ᠲᠠᠭᠠᠵᠤ ᠂ ᠦᠢᠯᠡᠳᠦᠯᠭᠡ ᠶᠢᠨ ᠬᠥᠭᠵᠢᠯᠲᠡ ᠲᠠᠢ ᠵᠣᠬᠢᠴᠠᠵᠤ ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠣᠪᠤᠶᠢᠯᠭᠠᠨ ᠂ ᠰᠢᠨ᠎ᠡ ᠡᠭᠢᠯᠡᠯᠲᠡ ᠶᠢᠨ ᠴᠡᠭ ᠳᠡᠭᠡᠷ᠎ᠡ ᠤᠨᠤᠯ ᠤᠨ ᠰᠢᠨ᠎ᠡ ᠶᠢ ᠡᠭᠦᠳᠬᠦ ᠂ ᠦᠢᠯᠡᠳᠦᠯᠭᠡ ᠶᠢᠨ ᠰᠢᠨ᠎ᠡ ᠶᠢ ᠡᠭᠦᠳᠬᠦ ᠂ ᠳᠦᠷᠢᠮ ᠤᠨ ᠰᠢᠨ᠎ᠡ ᠶᠢ ᠡᠭᠦᠳᠬᠦ ᠂ ᠰᠣᠶᠣᠯ ᠤᠨ ᠰᠢᠨ᠎ᠡ ᠶᠢ ᠡᠭᠦᠳᠬᠦ ᠪᠠ ᠪᠤᠰᠤᠳ ᠡᠯ᠎ᠡ ᠲᠠᠯ᠎ᠠ ᠳᠤ ᠰᠢᠨ᠎ᠡ ᠶᠢ ᠡᠭᠦᠳᠬᠦ ᠶᠢ ᠠᠬᠢᠭᠤᠯᠬᠤ ᠭᠡᠷᠡᠭᠳᠡᠢ ︔ ᠳᠦᠷᠢᠮ ᠤᠨ ᠪᠠᠶᠢᠭᠤᠯᠤᠯᠲᠠ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ ᠂ ᠦᠵᠦ ᠲᠥᠯᠥᠪᠯᠡᠭᠡ ᠬᠢᠬᠦ ᠂ ᠶᠡᠷᠦᠩᠬᠡᠢ ᠳᠤᠨᠢ ᠲᠥᠯᠥᠪᠵᠢᠭᠦᠯᠬᠦ ᠂ ᠡᠪᠳᠡᠵᠦ ᠪᠠᠶᠢᠭᠤᠯᠬᠤ ᠶᠢ ᠵᠡᠷᠭᠡ ᠪᠠᠷ ᠠᠳᠬᠤᠬᠤ ᠂ ᠤᠷᠢᠳ ᠢᠶᠠᠷ ᠰᠢᠨ᠎ᠡ ᠶᠢ ᠪᠠᠶᠢᠭᠤᠯᠤᠨ ᠳᠠᠷᠠᠭ᠎ᠠ ᠨᠢ ᠬᠠᠭᠤᠴᠢᠨ ᠢ ᠡᠪᠳᠡᠬᠦ ᠶᠢ ᠴᠢᠩᠭᠠᠳᠬᠠᠵᠤ ᠂ ᠦᠨᠳᠦᠰᠦ ᠪᠤᠯᠬᠤ ᠳᠦᠷᠢᠮ ᠢ ᠪᠠᠬᠢᠵᠢᠭᠦᠯᠵᠦ ᠂ ᠦᠨᠳᠦᠰᠦᠨ ᠳᠦᠷᠢᠮ ᠢ ᠲᠡᠭᠦᠯᠳᠡᠷᠵᠢᠭᠦᠯᠵᠦ ᠂ ᠴᠢᠬᠤᠯᠠ ᠳᠦᠷᠢᠮ ᠤᠨ ᠰᠢᠨ᠎ᠡ ᠶᠢ ᠡᠭᠦᠳᠬᠦ ᠭᠡᠷᠡᠭᠳᠡᠢ ︔ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ ᠂ ᠬᠠᠤᠯᠢ ᠪᠠᠷ ᠵᠠᠰᠠᠬᠤ ᠵᠠᠮ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ ᠂ ᠥᠭᠡᠷᠡᠴᠢᠯᠡᠯᠲᠡ ᠪᠠ ᠬᠠᠤᠯᠢ ᠪᠠᠷ ᠵᠠᠰᠠᠬᠤ ᠶᠢ ᠬᠠᠷᠢᠯᠴᠠᠨ ᠨᠢᠭᠡᠳᠬᠡᠬᠦ ᠶᠢ ᠪᠡᠶᠡᠯᠡᠭᠦᠯᠵᠦ ᠂ ᠴᠢᠬᠤᠯᠠ ᠶᠡᠭᠡ ᠥᠭᠡᠷᠡᠴᠢᠯᠡᠯᠲᠡ ᠶᠢ ᠬᠠᠤᠯᠢ ᠶᠢᠨ ᠦᠨᠳᠦᠰᠦᠯᠡᠯ ᠲᠠᠢ ᠪᠤᠯᠭᠠᠵᠤ ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠴᠠᠭ ᠲᠤᠬᠠᠢ ᠳᠤᠨᠢ ᠬᠠᠤᠯᠢ ᠴᠠᠭᠠᠵᠠ ᠶᠢᠨ ᠳᠦᠷᠢᠮ ᠪᠣᠯᠭᠠᠨ ᠳᠡᠭᠡᠭᠰᠢᠯᠡᠭᠦᠯᠭᠦ ᠭᠡᠷᠡᠭᠳᠡᠢ ︔ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ ᠂ ᠠᠵᠤ ᠠᠬᠤᠢ ᠪᠠ ᠨᠡᠶᠢᠭᠡᠮ ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠂ ᠦᠷ᠎ᠡ ᠪᠦᠲᠦᠮᠵᠢ ᠪᠠ ᠲᠥᠪ ᠭᠤᠣᠯᠴᠢ ᠂ ᠠᠮᠢᠵᠢᠷᠠᠯ ᠤᠨ ᠬᠦᠴᠦᠨ ᠪᠠ ᠡᠮᠬᠢ ᠳᠢᠭᠯᠢᠮ ᠂ ᠬᠥᠭᠵᠢᠯᠲᠡ ᠪᠠ ᠠᠮᠤᠷ ᠲᠦᠪᠰᠢᠨ ᠵᠡᠷᠭᠡ ᠴᠢᠬᠤᠯᠠ ᠶᠡᠭᠡ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ ᠂ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ ᠂ ᠪᠦᠬᠦᠯᠢ ᠴᠣᠭᠴᠠᠲᠤ ᠴᠢᠨᠠᠷ ᠂ ᠬᠠᠮᠵᠢᠯᠴᠠᠬᠤ ᠴᠢᠨᠠᠷ ᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃  ᠬᠤᠷᠠᠯ ᠠᠴᠠ ᠂ ᠨᠠᠮ ᠤᠨ ᠤᠳᠤᠷᠢᠳᠤᠯᠭ᠎ᠠ ᠪᠣᠯ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠦᠨᠳᠦᠰᠦᠨ ᠪᠠᠲᠤᠯᠠᠭ᠎ᠠ ᠮᠥᠨ ᠃ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠳᠡᠭᠡᠳᠦ ᠬᠡᠮᠵᠢᠶᠡᠨ ᠤ ᠤᠬᠠᠮᠰᠠᠷ ᠢ ᠪᠠᠷᠢᠮᠲᠠᠯᠠᠵᠤ ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃  ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号