ᠵᠠᠰᠠᠭ ᠤᠨ ᠣᠷᠳᠣᠨ ᠤ ᠲᠣᠮᠣ ᠠᠵᠢᠯ ᠶᠠᠪᠤᠳᠠᠯ ᠤᠨ ᠲᠡᠮᠳᠡᠭᠯᠡᠯ (5 ᠳ᠋ᠤᠭᠠᠷ ᠰᠠᠷ᠎ᠠ ᠶᠢᠨ 1 ᠤ ᠡᠳᠦᠷ ᠠᠴᠠ 5 ᠳ᠋ᠤᠭᠠᠷ ᠰᠠᠷ᠎ᠠ ᠶᠢᠨ 15 ᠤ ᠡᠳᠦᠷ )
ᠨᠡᠶᠢᠲᠡᠯᠡᠭᠰᠡᠨ ᠴᠠᠭ᠄
2024/6/5
  5 ᠳ᠋ᠤᠭᠠᠷ ᠰᠠᠷ᠎ᠠ ᠶᠢᠨ 7 ᠤ ᠡᠳᠦᠷ   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠢᠨᠭᠡᠷ ᠰᠢᠨ᠎ᠡ ᠲᠣᠭᠤᠷᠢᠭ ᠲᠤ ᠭᠦᠨᠵᠡᠭᠡᠶᠢᠷᠡᠵᠦ ᠂ ᠪᠣᠳᠣᠯᠲᠠ ᠶᠢᠨ ᠴᠢᠳᠠᠪᠤᠷᠢ ᠶᠢᠨ ᠠᠵᠤ ᠠᠬᠤᠢ ᠶᠢ ᠬᠥᠭᠵᠢᠭᠦᠯᠬᠦ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠤᠬᠠᠢ ᠶᠢᠨ ᠲᠠᠯᠠᠪᠠᠶ ᠳᠤ ᠠᠯᠪᠠᠯᠠᠪᠠ ᠃ ᠸᠠᠩ ᠯᠢ ᠰᠢᠶᠠ ᠤᠷᠢᠳ ᠬᠤᠵᠢᠳ ᠬᠤᠳᠠ ᠶᠢᠨ ᠶᠡᠭᠡ ᠲᠠᠷᠢᠬᠢ ᠂ ᠬᠤᠸᠠ ᠳ᠋ᠢᠶᠠᠨ ᠰᠢᠨ᠎ᠡ ᠡᠨᠧᠷᠭᠢ ᠶᠢᠨ ᠣᠶᠤᠨᠯᠢᠭ ᠡᠵᠡᠩᠨᠡᠯᠲᠡ ᠶᠢᠨ ᠠᠵᠢᠯᠯᠠᠭᠠᠨ ᠤ ᠵᠢᠯᠤᠭᠤᠳᠬᠤ ᠲᠥᠪ ᠂ ᠪᠢᠩ ᠰᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠪᠥᠷ ᠮᠣᠩᠭᠤᠯ ᠤᠨ ᠰᠢᠨ᠎ᠡ ᠬᠡᠯᠪᠡᠷᠢ ᠶᠢᠨ ᠪᠣᠳᠣᠯᠲᠠ ᠶᠢᠨ ᠴᠢᠳᠠᠪᠤᠷᠢ ᠶᠢᠨ ᠰᠠᠭᠤᠷᠢᠨ ᠂ ᠳᠤᠮᠳᠠᠳᠤ ᠤᠯᠤᠰ ᠤᠨ ᠰᠢᠯᠵᠢᠭᠡ ᠬᠤᠯᠪᠣᠭᠠᠨ ᠤ ᠬᠥᠬᠡᠬᠤᠲᠠ ᠶᠢᠨ ᠳ᠋ᠠᠶᠢᠲ᠋ᠠ ᠶᠢᠨ ᠲᠥᠪ ᠪᠠ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠳ᠋ᠠᠶᠢᠲ᠋ᠠ ᠶᠢᠨ ᠲᠥᠪ ᠤᠨ ᠭᠤᠷᠪᠠᠳᠤᠭᠠᠷ ᠬᠡᠰᠡᠭ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠂ ᠠᠵᠤ ᠦᠢᠯᠡᠰ ᠤᠨ ᠬᠥᠭᠵᠢᠯᠲᠡ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠪᠣᠯᠣᠨ ᠦᠢᠯᠡᠴᠢᠯᠡᠭᠡᠨ ᠤ ᠪᠠᠲᠤᠯᠠᠭ᠎ᠠ ᠵᠡᠷᠭᠡ ᠪᠠᠶᠢᠳᠠᠯ ᠤᠳ ᠢ ᠨᠠᠷᠢᠨ ᠣᠶᠢᠯᠠᠭᠠᠵᠤ ᠂ ᠬᠤᠯᠪᠣᠭᠳᠠᠯ ᠪᠦᠬᠦᠢ ᠠᠶᠢᠮᠠᠭ ᠬᠤᠳᠠ ᠂ ᠰᠠᠯᠠᠭ᠎ᠠ ᠮᠥᠴᠢᠷ ᠤᠨ ᠬᠢᠨ ᠲᠠᠢ ᠬᠠᠮᠲᠤ ᠪᠠᠷ ᠠᠰᠠᠭᠤᠳᠠᠯ ᠢ ᠵᠠᠳᠠᠯᠵᠤ ᠂ ᠬᠦᠷᠦᠯᠴᠡᠬᠦ ᠦᠭᠡᠢ ᠲᠠᠯ᠎ᠠ ᠪᠠᠨ ᠡᠷᠢᠵᠦ ᠂ ᠠᠷᠭ᠎ᠠ ᠬᠡᠮᠵᠢᠶ᠎ᠡ ᠶᠢ ᠰᠤᠳᠤᠯᠪᠠ ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠢ ᠴᠢᠩ ᠶᠤᠸᠠᠨ ᠲᠣᠰ ᠠᠵᠢᠯᠯᠠᠭ᠎ᠠ ᠳᠤ ᠣᠷᠣᠯᠴᠠᠪᠠ ᠃  ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭᠠᠲᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠤᠷᠢᠶ᠎ᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶ᠎ᠠ ᠫᠠᠶᠢᠰᠠ ᠡᠯᠭᠦᠨ ᠪᠠᠶᠢᠭᠤᠯᠤᠭᠳᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠫᠠᠶᠢᠰᠠ ᠡᠯᠭᠦᠬᠦ ᠶᠣᠰᠣᠯᠠᠯ ᠳᠤ ᠣᠷᠣᠯᠴᠠᠪᠠ ᠃  5 ᠳ᠋ᠤᠭᠠᠷ ᠰᠠᠷ᠎ᠠ ᠶᠢᠨ 9 ᠤ ᠡᠳᠦᠷ   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ  ᠠᠵᠢᠯᠯᠠᠭᠠᠨ ᠤ ᠬᠡᠷᠡᠭᠵᠢᠭᠦᠯᠬᠦ ᠲᠥᠰᠥᠯ ᠢ ᠬᠢᠨᠠᠨ ᠵᠥᠪᠯᠡᠵᠦ ᠪᠠᠲᠤᠯᠠᠨ ᠂ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ 2024 ᠣᠨ ᠤ ᠠᠶᠤᠯ ᠦᠭᠡᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠡᠭᠦᠷᠭᠡ ᠶᠢᠨ ᠲᠣᠳᠣᠷᠬᠠᠢ ᠬᠠᠭᠤᠳᠠᠰᠤ ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠢ ᠰᠤᠳᠤᠯᠪᠠ ᠃ ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ ᠃  5 ᠳ᠋ᠤᠭᠠᠷ ᠰᠠᠷ᠎ᠠ ᠶᠢᠨ 10 ᠤ ᠡᠳᠦᠷ   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠤᠯᠠᠭᠠᠨᠴᠠᠪ ᠲᠤ ᠭᠦᠨᠵᠡᠭᠡᠶᠢᠷᠡᠨ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠪᠠ ᠄ ᠥᠪᠥᠷ ᠮᠣᠩᠭᠤᠯ ᠤᠨ ᠶᠢᠨ ᠱᠠᠨ ᠶᠢᠦ ᠮᠠᠢ ᠢᠳᠡᠭᠡᠨ ᠤ ᠵᠦᠢᠯ ᠤᠨ ᠬᠢᠵᠠᠭᠠᠷᠲᠤ ᠺᠣᠮᠫᠠᠨᠢ ᠶᠢᠨ ᠡᠳ᠋ᠰᠢᠭᠦᠯᠦᠨ ᠪᠣᠯᠪᠠᠰᠤᠷᠠᠭᠤᠯᠬᠤ ᠲᠠᠰᠤᠭ ᠲᠤ ᠬᠦᠷᠴᠦ ᠂ ᠨᠣᠬᠠᠢ ᠶᠢᠨ ᠬᠤᠰᠢᠭᠤ ᠶᠢᠨ ᠦᠢᠯᠡᠳᠪᠦᠷᠢᠯᠡᠯ ᠤᠨ ᠶᠠᠪᠤᠴᠠ ᠪᠠ ᠪᠣᠷᠤᠯᠠᠭᠤᠯᠭ᠎ᠠ ᠶᠢᠨ ᠪᠠᠶᠢᠳᠠᠯ ᠢ ᠨᠠᠷᠢᠨ ᠣᠶᠢᠯᠠᠭᠠᠪᠠ ︔ ᠥᠪᠥᠷ ᠮᠣᠩᠭᠤᠯ ᠤᠨ ᠪᠠᠢ ᠲᠧ ᠲᠡᠮᠦᠷᠯᠢᠭ ᠬᠠᠶᠢᠯᠤᠭᠤᠯᠬᠤ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ ᠬᠦᠷᠴᠦ ᠂ ᠵᠠᠬᠢᠶᠠᠯᠠᠭ᠎ᠠ ᠶᠢᠨ ᠬᠠᠭᠤᠳᠠᠰᠤ ᠂ ᠦᠨ᠎ᠡ ᠬᠠᠩᠰᠢ ᠶᠢᠨ ᠪᠠᠶᠢᠳᠠᠯ ᠢ ᠯᠠᠪᠯᠠᠨ ᠠᠰᠠᠭᠤᠪᠠ ︔ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠤᠯᠠᠮᠵᠢᠯᠠᠯᠲᠤ ᠰᠠᠭᠤᠴᠠ ᠶᠢᠨ ᠪᠠᠭᠤᠳᠠᠯ ᠢᠶᠠᠷ ᠥᠩᠭᠡᠷᠡᠬᠦ ᠳᠤ ᠪᠠᠨ ᠂ ᠳᠡᠯᠭᠡᠭᠦᠷ ᠤᠨ ᠡᠵᠡᠨ ᠠᠴᠠ ᠵᠢᠭᠤᠯᠴᠢᠯᠠᠭᠴᠢᠳ ᠶᠡᠷᠦ ᠳᠤ ᠪᠠᠨ ᠬᠡᠳᠦᠨ ᠡᠳᠦᠷ ᠰᠠᠭᠤᠬᠤ ᠂ ᠶᠠᠭᠤ ᠬᠤᠳᠠᠯᠳᠤᠨ ᠠᠪᠴᠤ ᠪᠠᠶᠢᠬᠤ ᠲᠤᠬᠠᠢ ᠣᠶᠢᠯᠠᠭᠠᠪᠠ ︔ ᠰᠠᠨ ᠰᠢᠶᠠ ᠶᠢᠨ ᠡᠨᠧᠷᠭᠢ ᠲᠣᠣᠷ ᠳᠠᠭᠠᠭᠠᠴᠠ ᠨᠥᠭᠡᠴᠡ ᠶᠢᠨ ᠲᠤᠷᠰᠢᠯᠲᠠ ᠶᠢᠨ ᠰᠠᠭᠤᠷᠢᠨ ᠳᠤ ᠂ ᠮᠡᠷᠭᠡᠵᠢᠯ ᠢ ᠰᠤᠳᠤᠯᠤᠨ ᠨᠡᠭᠡᠭᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ ︔ ᠠᠯᠢᠪᠠᠪᠠ ᠳ᠋ᠠᠶᠢᠲ᠋ᠠ ᠶᠢᠨ ᠲᠥᠪ ᠲᠤ ᠬᠦᠷᠴᠦ ᠂ ᠪᠣᠳᠣᠯᠲᠠ ᠶᠢᠨ ᠴᠢᠳᠠᠪᠤᠷᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠪᠠ ᠃   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠬᠥᠬᠡᠬᠤᠲᠠ ᠳᠤ ᠰᠣᠶᠣᠯ ᠪᠠ ᠵᠢᠭᠤᠯᠴᠢᠯᠠᠯ ᠤᠨ ᠶᠠᠮᠤᠨ ᠤ ᠳᠡᠳ᠋ ᠰᠠᠶᠢᠳ ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶᠠᠨ ᠤ ᠳᠠᠷᠤᠭ᠎ᠠ ᠯᠢ ᠴᠢᠶᠦ᠋ᠨ ᠲᠠᠢ ᠠᠭᠤᠯᠵᠠᠪᠠ ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠧᠩ ᠬᠤᠩ ᠹᠠᠨ ᠂ ᠢᠦᠢ ᠯᠢ ᠰᠢᠨ ᠂ ᠶᠠᠩ ᠶᠢᠨ ᠲᠣᠰ ᠠᠭᠤᠯᠵᠠᠯᠲᠠ ᠳᠤ ᠣᠷᠣᠯᠴᠠᠪᠠ ᠃  5 ᠳ᠋ᠤᠭᠠᠷ ᠰᠠᠷ᠎ᠠ ᠶᠢᠨ 11 ᠤ ᠡᠳᠦᠷ   ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠥᠷᠭᠡᠳᠬᠡᠭᠰᠡᠨ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠢᠯᠠᠩᠭᠤᠶ᠎ᠠ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠨ ᠵᠠᠰᠠᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠳᠡᠳ᠋ ᠲᠣᠪᠴᠢᠶᠠᠨ ᠳᠠᠷᠤᠭ᠎ᠠ ᠮᠠᠤ ᠱᠧᠩ ᠶᠦᠩ ᠤᠷᠢᠯᠭ᠎ᠠ ᠪᠠᠷ ︽ ᠵᠠᠰᠠᠭ ᠤᠨ ᠠᠵᠢᠯ ᠤᠨ ᠠᠮᠵᠢᠯᠲᠠ ᠪᠦᠲᠦᠮᠵᠢ ᠶᠢᠨ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠶ᠎ᠠ ︾ ᠭᠡᠬᠦ ᠰᠡᠳᠦᠪ ᠢᠶᠠᠷ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠪᠡ ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ ᠂ ᠳᠠᠶᠢᠴᠢᠨ ᠂ ᠶᠠᠩ ᠶᠢᠨ ᠪᠣᠯᠣᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠭᠤᠣᠯ ᠬᠠᠷᠢᠭᠤᠴᠠᠯᠭᠠᠲᠠᠨ ᠨᠥᠬᠦᠳ ᠭᠤᠣᠯᠳᠠᠯᠭ᠎ᠠ ᠲᠠᠢ ᠦᠭᠡ ᠬᠡᠯᠡᠪᠡ ᠃  5 ᠳ᠋ᠤᠭᠠᠷ ᠰᠠᠷ᠎ᠠ ᠶᠢᠨ 13 ᠤ ᠡᠳᠦᠷ   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠱᠠᠨᠳᠦ᠋ᠩ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ ᠂ ᠬᠡᠷᠡᠭ ᠮᠡᠳᠡᠭᠴᠢᠳ ᠤᠨ ᠳᠠᠷᠤᠭ᠎ᠠ ᠯᠢ ᠸᠧᠢ ᠲᠠᠢ ᠠᠭᠤᠯᠵᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠨᠠᠷᠢᠨ ᠪᠢᠴᠢᠭ ᠤᠨ ᠳᠠᠷᠤᠭ᠎ᠠ ᠢᠦᠢ ᠯᠢ ᠰᠢᠨ ᠲᠣᠰ ᠠᠭᠤᠯᠵᠠᠯᠲᠠ ᠳᠤ ᠣᠷᠣᠯᠴᠠᠪᠠ ᠃  ᠪᠥᠬᠦ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠪᠥᠬᠦ ᠬᠡᠯᠬᠢᠶᠡᠨ ᠤ ᠠᠮᠤᠷ ᠲᠦᠪᠰᠢᠨ ᠤ ᠭᠡᠮ ᠰᠣᠭᠤᠭ ᠢ ᠴᠡᠭᠴᠡᠯᠡᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ ᠃ ᠬᠤᠷᠠᠯ ᠠᠴᠠ ᠪᠠᠰᠠ ᠠᠶᠤᠯᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠪᠠ ᠭᠠᠯ ᠰᠡᠷᠭᠡᠶᠢᠯᠡᠵᠦ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠯᠲᠠ ᠂ ᠨᠡᠭᠦᠷᠡᠰᠦᠨ ᠠᠭᠤᠷᠬᠠᠢ ᠶᠢᠨ ᠭᠠᠮᠰᠢᠭ ᠢ ᠵᠠᠰᠠᠬᠤ ᠲᠥᠷᠥᠯ ᠵᠦᠢᠯ ᠢ ᠲᠤᠰᠬᠠᠢ ᠴᠡᠭᠴᠡᠯᠡᠨ ᠵᠠᠰᠠᠬᠤ ᠂ ᠠᠶᠤᠯ ᠲᠠᠢ ᠤᠰᠤᠨ ᠴᠥᠭᠦᠷᠥᠮ ᠤᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠂ ᠣᠨᠳᠣᠣ ᠭᠠᠵᠠᠷ ᠲᠤ ᠬᠠᠤᠯᠢ ᠬᠡᠷᠡᠭᠵᠢᠭᠦᠯᠬᠦ ᠪᠠ ᠰᠣᠯᠪᠢᠴᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠬᠤ ᠵᠡᠷᠭᠡ ᠠᠮᠤᠷ ᠲᠦᠪᠰᠢᠨ ᠤ ᠬᠦᠷᠢᠶᠡᠨ ᠤ ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠡ ᠃  ᠪᠥᠬᠦ ᠣᠷᠣᠨ ᠤ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠ ᠴᠠᠭ ᠠᠭᠤᠷ ᠤᠨ ᠭᠠᠮᠰᠢᠭ ᠢ ᠰᠡᠷᠭᠡᠶᠢᠯᠡᠨ ᠵᠢᠯᠤᠭᠤᠳᠬᠤ ᠭᠠᠵᠠᠷ ᠤᠨ 2024 ᠣᠨ ᠤ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠬᠥᠬᠡᠬᠤᠲᠠ ᠳᠤ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ ᠃  5 ᠳ᠋ᠤᠭᠠᠷ ᠰᠠᠷ᠎ᠠ ᠶᠢᠨ 14 ᠤ ᠡᠳᠦᠷ   ᠪᠥᠬᠦ ᠣᠷᠣᠨ ᠤ ︽ ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠵᠢᠴᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠲᠤᠬᠠᠢ ᠶᠢᠨ ᠲᠠᠯᠠᠪᠠᠶ ᠶᠢᠨ ᠠᠬᠢᠭᠤᠯᠬᠤ ᠬᠤᠷᠠᠯ ᠪᠠᠶᠠᠨᠨᠠᠭᠤᠷ ᠬᠤᠲᠠ ᠳᠤ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ ᠃  5 ᠳ᠋ᠤᠭᠠᠷ ᠰᠠᠷ᠎ᠠ ᠶᠢᠨ 15 ᠤ ᠡᠳᠦᠷ   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠬᠥᠬᠡᠬᠤᠲᠠ ᠳᠤ ᠵᠢᠨᠹᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠲᠤ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ ᠂ ᠬᠡᠷᠡᠭ ᠮᠡᠳᠡᠭᠴᠢᠳ ᠤᠨ ᠳᠠᠷᠤᠭ᠎ᠠ ᠦ᠋ ᠭᠠᠩ ᠲᠠᠢ ᠠᠭᠤᠯᠵᠠᠪᠠ ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ ᠂ ᠶᠣᠣ ᠶᠦᠩ ᠪᠥᠸᠧ ᠲᠣᠰ ᠠᠭᠤᠯᠵᠠᠯᠲᠠ ᠳᠤ ᠣᠷᠣᠯᠴᠠᠪᠠ ᠃  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠰᠤᠷᠭᠠᠨ ᠬᠥᠮᠦᠵᠢᠯ ᠤᠨ ᠶᠠᠮᠤᠨ ᠳᠤ ᠪᠠᠷᠠᠳᠠᠨ ᠰᠤᠷᠭᠠᠨ ᠬᠥᠮᠦᠵᠢᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠶᠠᠮᠤᠨ ᠤ ᠰᠠᠶᠢᠳ ᠬᠤᠸᠠᠢ ᠶᠢᠨ ᠫᠧᠩ ᠲᠠᠢ ᠬᠠᠮᠢᠶ᠎ᠠ ᠪᠦᠬᠦᠢ ᠵᠦᠢᠯᠡᠰ ᠢ ᠵᠥᠪᠳᠡᠯᠴᠡᠪᠡ ᠃ ᠬᠤᠷᠠᠯ ᠤᠨ ᠳᠠᠷᠠᠭ᠎ᠠ ᠰᠤᠷᠭᠠᠨ ᠬᠥᠮᠦᠵᠢᠯ ᠤᠨ ᠶᠠᠮᠤᠨ ᠤ ᠳᠡᠳ᠋ ᠰᠠᠶᠢᠳ ᠦ᠋ ᠶᠠᠨ ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠬᠤᠷᠠᠯ ᠳᠤ ᠣᠷᠣᠯᠴᠠᠭᠰᠠᠨ ᠪᠥᠭᠡᠳ ᠬᠤᠶᠠᠷ ᠲᠠᠯ᠎ᠠ ᠶᠢ ᠲᠥᠯᠥᠭᠡᠯᠡᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ ᠃ ᠵᠥᠪᠯᠡᠯᠴᠡᠭᠡᠷ ᠢ ᠦᠨᠳᠦᠰᠦᠯᠡᠪᠡᠯ ᠂ ᠬᠤᠶᠠᠷ ᠲᠠᠯ᠎ᠠ ᠪᠠᠷ ᠢᠶᠠᠨ ᠰᠤᠷᠭᠠᠨ ᠬᠥᠮᠦᠵᠢᠯ ᠤᠨ ︽ ᠲᠠᠪᠤᠨ ᠶᠡᠭᠡ ᠡᠭᠦᠷᠭᠡ ︾ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠂ ᠴᠢᠨᠠᠷ ᠰᠠᠶᠢᠲᠠᠢ ᠪᠠᠭᠰᠢ ᠶᠢᠨ ᠡᠩᠨᠡᠭᠡ ᠶᠢ ᠪᠠᠶᠢᠭᠤᠯᠬᠤ ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠵᠡᠷᠭᠡ 20 ᠲᠠᠯ᠎ᠠ ᠪᠠᠷ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠬᠦ ᠪᠣᠯᠣᠨ᠎ᠠ ᠃ ᠰᠤᠷᠭᠠᠨ ᠬᠥᠮᠦᠵᠢᠯ ᠤᠨ ᠶᠠᠮᠤᠨ ᠤ ᠳᠡᠳ᠋ ᠰᠠᠶᠢᠳ ᠸᠠᠩ ᠭᠤᠸᠠᠩ ᠶᠠᠨ ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠠᠷᠤᠭ᠎ᠠ ᠶᠠᠩ ᠵᠢᠶᠧ ᠲᠣᠰ ᠠᠵᠢᠯᠯᠠᠭ᠎ᠠ ᠳᠤ ᠣᠷᠣᠯᠴᠠᠪᠠ ᠃  5 ᠳ᠋ᠤᠭᠠᠷ ᠰᠠᠷ᠎ᠠ ᠶᠢᠨ 15 ᠤ ᠡᠳᠦᠷ ᠠᠴᠠ 16 ᠤ ᠡᠳᠦᠷ   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠣᠷᠳᠣᠰ ᠬᠤᠲᠠ ᠂ ᠦᠬᠠᠢ ᠬᠤᠲᠠ ᠳᠤ ᠭᠦᠨᠵᠡᠭᠡᠶᠢᠷᠡᠨ ᠠᠭᠤᠷᠬᠠᠢ ᠶᠢᠨ ᠠᠮᠤᠷ ᠲᠦᠪᠰᠢᠨ ᠤ ᠴᠡᠭᠴᠡᠯᠡᠨ ᠵᠠᠰᠠᠯᠲᠠ ᠪᠠ ᠠᠶᠤᠯᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠰᠢᠮᠳᠠᠭᠤᠯᠤᠨ ᠵᠢᠯᠣᠭᠤᠳᠪᠠ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号