2024 ᠣᠨ ᠤ ᠲᠠᠪᠤᠳᠤᠭᠠᠷ ᠪᠦᠯᠦᠭ ᠤᠨ ᠤᠯᠤᠰ ᠤᠨ ᠬᠡᠯᠡᠯᠴᠡᠭᠡᠷ ᠲᠠᠢ ᠡᠮ ᠤᠨ ᠵᠦᠢᠯ ᠢ ᠰᠦᠯᠵᠢᠶᠡᠨ ᠳᠤ ᠬᠤᠯᠪᠤᠭᠰᠠᠨ ᠦᠷ᠎ᠡ ᠳ᠋ᠦᠩ ᠢ ᠨᠡᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/6/7
        ᠥᠪᠥᠷ ᠡᠮ ᠬᠤᠳᠠᠯᠳᠤᠨ ᠠᠪᠬᠤ ᠲᠥᠪ ᠦᠰᠦᠭ ﹇2024﹈ 124 ᠳ᠋ᠤᠭᠡᠷ ᠲᠣᠭᠠᠲᠤᠡᠯ᠎ᠡ ᠬᠠᠮᠢᠶ᠎ᠠ ᠪᠥᠬᠦᠶ ᠨᠢᠭᠡᠴᠢ᠄  ︽ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ︵2023 ᠣᠨ ︶ ᠢ ᠬᠡᠷᠡᠭᠵᠢᠭᠦᠯᠬᠦ ᠲᠤᠬᠠᠶ ᠮᠡᠳᠡᠭᠳᠡᠯ︾ ︵ᠥᠪᠥᠷ ᠡᠮᠴᠢᠯᠡᠭᠡ ᠪᠠᠳᠤᠯᠠᠭ᠎ᠠ ᠲᠠᠷᠬᠠᠭᠠᠭᠰᠠᠨ ﹇2023﹈ 22 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠤᠯᠤᠰ ᠤᠨ ᠬᠡᠯᠡᠯᠴᠡᠭᠡᠷ ᠲᠠᠢ ᠡᠮ ᠤᠨ ᠵᠦᠢᠯ ᠪᠣᠯᠬᠤ ᠲᠠᠷᠢᠯᠭ᠎ᠠ ᠳᠤ ᠬᠡᠷᠡᠭᠯᠡᠬᠦ ᠫᠤᠯᠢᠮᠢᠺᠰᠢᠨ E ᠮᠧᠲ᠋ᠢᠯ ᠰᠦᠯᠹᠣᠨ ᠬᠦᠴᠢᠯ ᠤᠨ ᠨᠠᠳ᠋ᠷᠢ ᠵᠡᠷᠭᠡ ᠡᠮ ᠤᠨ ᠵᠦᠢᠯ ᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠨᠡᠶᠢᠲᠡᠯᠡᠪᠡ᠃ ᠦᠷ᠎ᠡ ᠳ᠋ᠦᠩ ᠢ ᠨᠡᠢᠲᠡᠯᠡᠭᠰᠡᠨ ᠤ ᠳᠠᠷᠠᠭ᠎ᠠ᠂ ᠡᠯ᠎ᠡ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠨᠢ ᠬᠡᠷᠡᠭᠯᠡᠭᠴᠢ ᠶᠢᠨ ᠨᠡᠷ᠎ᠡ ᠪᠠ ᠨᠢᠭᠤᠴᠠ ᠨᠣᠮᠧᠷ ᠢᠶᠠᠷ ᠢᠶᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠬᠠᠮᠢᠶᠠᠷᠤᠯᠲᠠ ᠶᠢᠨ ᠰᠢᠰᠲ᠋ᠧᠮ︾ — ︽ᠬᠥᠳᠡᠯᠦᠩᠭᠦᠶ ᠲᠣᠬᠢᠷᠠᠭᠤᠯᠤᠯᠲᠠ ᠬᠠᠮᠢᠶᠠᠷᠤᠯᠲᠠ︾ ᠳᠤ ᠣᠷᠣᠵᠤ ᠬᠠᠮᠢᠶ᠎ᠠ ᠪᠥᠬᠦᠶ ᠠᠵᠤ ᠠᠬᠤᠶᠢᠯᠠᠯ ᠵᠢᠴᠢ ᠡᠮ ᠤᠨ ᠵᠦᠢᠯ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠦᠵᠡᠭᠡᠷᠡᠢ᠃ ᠬᠢᠨᠠᠨ ᠬᠠᠷᠭᠤᠭᠤᠯᠬᠤ ᠳᠤ ᠪᠠᠲᠤᠯᠠᠭᠰᠠᠨ ᠡᠮ ᠤᠨ ᠵᠦᠢᠯ ᠢ ᠬᠤᠳᠠᠯᠳᠤᠨ ᠠᠪᠬᠤ ᠰᠢᠰᠲ᠋ᠧᠮ ᠳᠤ ᠣᠷᠣᠭᠤᠯᠵᠤ᠂ ᠡᠯ᠎ᠡ ᠨᠢᠭᠡᠴᠢ ᠨᠦᠭᠦᠳ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠡᠮ ᠤᠨ ᠵᠦᠢᠯ ᠬᠤᠳᠠᠯᠳᠤᠨ ᠠᠪᠬᠤ ᠵᠢᠴᠢ ᠳᠣᠭᠢᠷᠠᠭᠤᠯᠤᠨ ᠬᠦᠷᠭᠡᠬᠦ ᠠᠵᠢᠯ ᠢ ᠥᠷᠨᠢᠭᠦᠯᠵᠦ᠂ ᠡᠮᠴᠢᠯᠡᠭᠡᠨ ᠳᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠬᠡᠷᠡᠭᠲᠡᠶ᠃          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ  2024 ᠣᠨ ᠤ 6 ᠳ᠋ᠤᠭᠠᠷ ᠰᠠᠷ᠎ᠠ ᠶᠢᠨ 6 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号