【ᠳᠠᠮᠵᠢᠭᠤᠯᠤᠨ ᠶᠠᠪᠤᠭᠤᠯᠬᠤ】 ︵ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠥᠮᠥᠷᠭᠡ ᠶᠢᠨ ᠬᠤᠶᠠᠷ︶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ  ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ ︽ᠣᠷᠳᠣ ᠬᠤᠭᠤᠴᠠᠭ᠎ᠠ ᠪᠠᠷ ᠰᠤᠪᠢᠯᠠᠬᠤ ᠴᠢᠳᠠᠪᠤᠷᠢ ᠪᠠᠨ ᠠᠯᠳᠠᠭᠰᠠᠨ ᠳᠡᠰ ᠢ ᠦᠨᠡᠯᠡᠨ ᠵᠢᠱᠢᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/6/7
  ᠬᠡᠯᠬᠢᠶᠡᠰᠦᠨ ᠨᠣᠮᠧᠷ᠄ 11150000MB16442978/2024-03560  ᠭᠤᠣᠯ ᠰᠡᠳᠦᠪ ᠤᠨ ᠠᠩᠭᠢᠯᠠᠯ᠄ ᠡᠮᠴᠢᠯᠡᠭᠡᠨ ᠤ ᠪᠠᠲᠤᠯᠠᠭ᠎ᠠ  ᠨᠡᠶᠢᠲᠡᠯᠡᠭᠰᠡᠨ‌‍ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ   ᠪᠢᠴᠢᠭ ᠤᠨ ᠳ᠋ᠤᠭᠠᠷᠲᠤ᠄ ᠡᠮᠴᠢᠯᠡᠭᠡ ᠪᠠᠲᠤᠯᠠᠭ᠎ᠠ ᠠᠯᠪᠠᠨ ᠲᠠᠷᠬᠠᠭᠠᠭᠰᠠᠨ ﹇2021﹈ 37 ᠳ᠋ᠤᠭᠠᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2021 - 07-16  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠢᠩᠬᠢᠮ ︵ᠲᠣᠪᠴᠢᠶ᠎ᠠ︶ ᠳᠤ᠄  ︽ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠲᠤᠷᠰᠢᠯᠲᠠ ᠶᠢᠨ ᠴᠡᠭ ᠢ ᠥᠷᠭᠡᠳᠬᠡᠬᠦ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ  ᠡᠳ᠋ ᠤᠨ ᠵᠠᠰᠠᠭ ᠤᠨ ᠶᠠᠮᠤᠨ ᠤ ᠵᠢᠯᠣᠭᠤᠳᠬᠤ ᠰᠠᠨᠠᠯ︾ ︵ᠡᠮᠴᠢᠯᠡᠭᠡ ᠪᠠᠲᠤᠯᠠᠭ᠎ᠠ ᠲᠠᠷᠬᠠᠭᠠᠭᠰᠠᠨ ﹇2020﹈ 37 ᠳ᠋ᠤᠭᠠᠷ ᠲᠣᠭᠠᠲᠤ᠂ ᠳᠣᠷᠣᠭᠰᠢ ︽37 ᠳ᠋ᠤᠭᠠᠷ ᠲᠣᠭᠠᠲᠤ ᠪᠢᠴᠢᠭ ᠮᠠᠲ᠋ᠧᠷᠢᠶᠠᠯ︾ ᠭᠡᠵᠦ ᠲᠣᠪᠴᠢᠯᠠᠨ᠎ᠠ︶ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠲᠤᠷᠰᠢᠯᠲᠠ ᠶᠢᠨ ᠴᠡᠭ ᠢ ᠯᠠᠪᠳᠠᠭᠤᠨ ᠢᠶᠠᠷ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠬᠠᠮᠵᠢᠯᠴᠠᠨ ᠠᠬᠢᠭᠤᠯᠬᠤ ᠶᠢᠨ ᠲᠥᠯᠥᠭᠡ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠠᠷᠠᠳ ᠤᠨ ᠶᠠᠪᠤᠳᠠᠯ ᠤᠨ ᠶᠠᠮᠤᠨ ᠲᠠᠢ ᠬᠠᠮᠲᠤᠷᠠᠨ ︽ᠣᠷᠳᠣ ᠬᠤᠭᠤᠴᠠᠭ᠎ᠠ ᠪᠠᠷ ᠰᠤᠪᠢᠯᠠᠬᠤ ᠴᠢᠳᠠᠪᠤᠷᠢ ᠪᠠᠨ ᠠᠯᠳᠠᠭᠰᠠᠨ ᠳᠡᠰ ᠢ ᠦᠨᠡᠯᠡᠨ ᠵᠢᠱᠢᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠦᠨᠡᠯᠡᠨ ᠵᠢᠱᠢᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠭᠡᠵᠦ ᠲᠣᠪᠴᠢᠯᠠᠨ᠎ᠠ︶ ᠶᠢ ᠨᠠᠶᠢᠷᠠᠭᠤᠯᠤᠨ ᠵᠣᠬᠢᠶᠠᠵᠤ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠱᠠᠭᠠᠷᠳᠠᠯᠭ᠎ᠠ ᠶᠣᠰᠣᠭᠠᠷ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠲᠤᠷᠰᠢᠯᠲᠠ ᠶᠢᠨ ᠬᠤᠲᠠ ᠶᠢ ᠵᠢᠯᠣᠭᠤᠳᠤᠨ ᠲᠤᠷᠰᠢᠨ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃  ᠡᠯ᠎ᠡ ᠲᠤᠷᠰᠢᠯᠲᠠ ᠶᠢᠨ ᠭᠠᠵᠠᠷ ᠣᠷᠣᠨ ᠨᠢ ᠪᠠᠷᠢᠮᠵᠢᠶ᠎ᠠ ᠶᠢᠨ ᠨᠢᠭᠡᠳᠦᠯᠲᠡᠶ ᠴᠢᠨᠠᠷ᠂ ᠣᠯᠭᠤᠮᠵᠢ ᠶᠢᠨ ᠲᠡᠩᠴᠡᠭᠦᠷᠢᠲᠦ ᠴᠢᠨᠠᠷ᠂ ᠲᠦᠷᠢᠮ ᠤᠨ ᠲᠥᠪ ᠭᠤᠤᠯᠴᠢ ᠴᠢᠨᠠᠷ ᠢ ᠠᠬᠢᠭᠤᠯᠬᠤ ᠲᠠᠯ᠎ᠠ ᠪᠠᠷ ᠣᠷᠳᠣ ᠬᠤᠭᠤᠴᠠᠭ᠎ᠠ ᠪᠠᠷ ᠰᠤᠪᠢᠯᠠᠬᠤ ᠴᠢᠳᠠᠪᠤᠷᠢ ᠪᠠᠨ ᠠᠯᠳᠠᠭᠰᠠᠨ ᠳᠡᠰ ᠢ ᠦᠨᠡᠯᠡᠨ ᠵᠢᠱᠢᠬᠦ ᠠᠵᠢᠯ ᠢ ᠨᠢᠭᠡᠳᠦᠯᠲᠡᠶ ᠵᠢᠷᠤᠮᠵᠢᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ︽ᠦᠨᠡᠯᠡᠨ ᠵᠢᠱᠢᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢ ᠬᠡᠷᠡᠭᠵᠢᠭᠦᠯᠵᠦ ᠬᠡᠷᠡᠭᠯᠡᠬᠦ ᠶᠢ ᠴᠢᠩᠭᠠᠳᠬᠠᠬᠤ ᠬᠡᠷᠡᠭᠲᠡᠶ᠃ 37 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠳᠤ ᠲᠣᠳᠣᠷᠬᠠᠶᠢᠯᠠᠭᠰᠠᠨ ᠰᠢᠨ᠎ᠡ ᠪᠠᠷ ᠨᠡᠮᠡᠭᠳᠡᠭᠰᠡᠨ 14 ᠲᠤᠷᠰᠢᠯᠲᠠ ᠶᠢᠨ ᠬᠤᠲᠠ ᠨᠤᠭᠤᠳ ︽ᠦᠨᠡᠯᠡᠨ ᠵᠢᠱᠢᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ᠂ ᠤᠤᠯ ᠤᠨ ᠲᠤᠷᠰᠢᠯᠲᠠ ᠶᠢᠨ ᠬᠤᠲᠠ ᠨᠢ ᠣᠷᠣᠨ ᠨᠤᠲᠤᠭ ᠤᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠲᠡᠭᠦᠯᠳᠡᠷᠵᠢᠭᠦᠯᠵᠦ᠂ ᠵᠠᠷᠴᠢᠮ ᠳᠡᠭᠡᠷ᠎ᠡ ᠪᠠᠨ ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠤᠶᠠᠷ ᠵᠢᠯ ᠤᠨ ᠳᠣᠲᠣᠷ᠎ᠠ ︽ᠦᠨᠡᠯᠡᠨ ᠵᠢᠱᠢᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠳᠡᠭᠡᠷ᠎ᠡ ᠨᠢᠭᠡᠳᠦᠯᠲᠡᠶ ᠪᠣᠯᠭᠠᠨ᠎ᠠ᠃ ᠲᠤᠷᠰᠢᠯᠲᠠ ᠶᠢᠨ ᠬᠤᠲᠠ ᠨᠤᠭᠤᠳ ᠨᠢ ᠲᠤᠷᠰᠢᠯᠲᠠ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ᠂ ︽ᠦᠨᠡᠯᠡᠨ ᠵᠢᠱᠢᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢ ᠨᠠᠷᠢᠯᠢᠭᠵᠢᠭᠤᠯᠤᠨ ᠲᠡᠭᠦᠯᠳᠡᠷᠵᠢᠭᠦᠯᠵᠦ ᠪᠣᠯᠤᠨ᠎ᠠ᠃  ᠲᠣᠷᠰᠢᠯᠲᠠ ᠶᠢᠨ ᠴᠡᠭ ᠤᠨ ᠭᠠᠵᠠᠷ ᠣᠷᠣᠨ ᠤ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠦᠴᠢᠷ ᠪᠣᠯᠣᠨ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠳ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠬᠤ ᠬᠡᠷᠡᠭᠲᠡᠢ᠃ ᠦᠨᠡᠯᠡᠨ ᠵᠢᠱᠢᠭᠰᠡᠨ ᠦᠷ᠎ᠡ ᠳ᠋ᠦᠩ ᠢ ᠰᠠᠯᠠᠭ᠎ᠠ ᠮᠥᠴᠢᠷ ᠠᠯᠤᠰᠯᠠᠨ ᠬᠠᠷᠢᠯᠴᠠᠨ ᠮᠡᠳᠡᠷᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠦᠨᠡᠯᠡᠨ ᠵᠢᠱᠢᠭᠰᠡᠨ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠣᠯᠭᠤᠮᠵᠢ ᠭᠥᠷᠳᠡᠬᠦ ᠨᠥᠬᠦᠴᠡᠯ ᠳᠤ ᠨᠡᠶᠢᠴᠡᠬᠦ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠲᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠰᠤᠪᠢᠯᠠᠯᠲᠠ ᠶᠢᠨ ᠨᠥᠬᠦᠪᠥᠷᠢ ᠣᠯᠭᠤᠬᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠵᠢᠯᠣᠭᠤᠳᠤᠨ ᠡᠮᠨᠡᠯᠭᠡ ᠳᠤ ᠣᠷᠣᠵᠤ ᠦᠨᠡᠯᠡᠨ ᠵᠢᠱᠢᠬᠦ ᠦᠶ᠎ᠡ ᠳᠤ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠦᠨᠡᠯᠡᠨ ᠲᠣᠭᠲᠠᠭᠠᠭᠰᠠᠨ ᠦᠷ᠎ᠡ ᠳ᠋ᠦᠩ ᠢ ᠢᠲᠡᠭᠡᠮᠵᠢᠯᠡᠬᠦ ᠶᠢ ᠬᠠᠶᠢᠨ ᠰᠦᠪᠡᠭᠴᠢᠯᠡᠨ᠎ᠡ᠃ ᠦᠨᠡᠯᠡᠨ ᠵᠢᠱᠢᠬᠦ ᠳ᠋ᠠᠶᠢᠲ᠋ᠠ ᠶᠢ ᠬᠠᠮᠲᠤ ᠳᠤ ᠪᠠᠨ ᠬᠦᠷᠲᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠦᠨᠡᠯᠡᠨ ᠵᠢᠱᠢᠬᠦ ᠡᠲᠡᠭᠡᠳ ᠤᠨ ᠬᠤᠪᠢ ᠬᠥᠮᠥᠨ ᠤ ᠮᠡᠳᠡᠭᠡ ᠵᠠᠩᠭᠢ ᠵᠡᠷᠭᠡ ᠳ᠋ᠠᠶᠢᠲ᠋ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠳᠠᠯ ᠳᠣᠣᠷ᠎ᠠ᠂ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠯᠴᠡᠨ ᠲᠣᠬᠢᠷᠠᠭᠤᠯᠵᠤ᠂ ᠦᠨᠡᠯᠡᠨ ᠵᠢᠱᠢᠬᠦ ᠳ᠋ᠠᠶᠢᠲ᠋ᠠ ᠶᠢ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠦᠨ᠎ᠡ᠃ ᠦᠨᠡᠯᠡᠨ ᠵᠢᠱᠢᠭᠰᠡᠨ ᠦᠷ᠎ᠡ ᠪᠦᠲᠦᠮᠵᠢ ᠶᠢᠨ ᠦᠨᠡᠯᠡᠬᠦ ᠲᠣᠭᠲᠠᠴᠠ ᠶᠢ ᠬᠠᠮᠵᠢᠯᠴᠠᠨ ᠰᠦᠪᠡᠭᠴᠢᠯᠡᠨ ᠪᠠᠶᠢᠭᠤᠯᠵᠤ᠂ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠰᠤᠳᠤᠯᠵᠤ᠂ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠳ᠋ᠦᠩᠨᠡᠵᠦ᠂ ᠦᠨᠡᠯᠡᠨ ᠵᠢᠱᠢᠬᠦ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠬᠠᠷᠢᠭᠤ ᠲᠤᠰᠬᠠᠨ᠎ᠠ᠃  ᠣᠨᠴᠠᠭᠠᠶᠢᠯᠠᠨ ᠮᠡᠳᠡᠭᠳᠡᠪᠡ᠃  ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ ᠶᠢᠨ ᠠᠯᠪᠠᠨ ᠭᠡᠷ  ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ  2021 ᠣᠨ ᠤ 7 ᠳ᠋ᠤᠭᠠᠷ ᠰᠠᠷ᠎ᠠ ᠶᠢᠨ 16 ᠤ ᠡᠳᠦᠷ  ᠳᠠᠭᠠᠯᠳᠤᠭᠤᠯᠤᠯ᠄ ᠤᠷᠲᠤ ᠬᠤᠭᠤᠴᠠᠭ᠎ᠠ ᠪᠠᠷ ᠰᠤᠪᠢᠯᠠᠬᠤ ᠴᠢᠳᠠᠪᠤᠷᠢ ᠪᠠᠨ ᠠᠯᠳᠠᠭᠰᠠᠨ ᠳᠡᠰ ᠢ ᠦᠨᠡᠯᠡᠨ ᠵᠢᠱᠢᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶   

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号