【ᠳᠠᠮᠵᠢᠭᠤᠯᠤᠨ ᠶᠠᠪᠤᠭᠤᠯᠬᠤ】︵ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠥᠮᠥᠷᠭᠡ ᠶᠢᠨ ᠨᠢᠭᠡ︶ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠲᠤᠷᠰᠢᠯᠲᠠ ᠶᠢ ᠥᠷᠭᠡᠳᠬᠡᠬᠦ ᠲᠤᠬᠠᠶ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ  ᠡᠳ᠋ ᠤᠨ ᠵᠠᠰᠠᠭ ᠤᠨ ᠶᠠᠮᠤᠨ ᠤ ᠵᠢᠯᠣᠭᠤᠳᠬᠤ ᠰᠠᠨᠠᠯ
ᠨᠡᠶᠢᠲᠡᠯᠡᠭᠰᠡᠨ ᠴᠠᠭ᠄
2024/6/7
  ᠬᠡᠯᠬᠢᠶᠡᠰᠦᠨ ᠨᠣᠮᠧᠷ᠄111500MB16442978/2024 - 03559  ᠭᠤᠣᠯ ᠰᠡᠳᠦᠪ ᠤᠨ ᠠᠩᠭᠢᠯᠠᠯ᠄ ᠡᠮᠴᠢᠯᠡᠭᠡᠨ ᠤ ᠪᠠᠲᠤᠯᠠᠭ᠎ᠠ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ   ᠪᠢᠴᠢᠭ ᠤᠨ ᠳ᠋ᠤᠭᠠᠷ᠄ ᠡᠮᠴᠢᠯᠡᠭᠡ ᠪᠠᠲᠤᠯᠠᠭ᠎ᠠ ᠲᠠᠷᠬᠠᠭᠠᠭᠰᠠᠨ ﹇2020﹈ 37 ᠳ᠋ᠤᠭᠠᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2020 – 09- 07  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ ᠡᠯ᠎ᠡ ᠮᠣᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠶᠠᠮᠤᠨ ᠵᠥᠪᠯᠡᠯ ᠂ ᠰᠢᠭᠤᠳ ᠬᠠᠷᠢᠶ᠎ᠠ ᠪᠠᠶᠢᠭᠤᠯᠤᠮᠵᠢ ᠨᠤᠭᠤᠳ ᠲᠤ᠄  ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠢ ᠰᠦᠪᠡᠭᠴᠢᠯᠡᠨ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠥᠮᠦᠨ ᠠᠮᠠ ᠶᠢᠨ ᠨᠠᠰᠤᠵᠢᠯ ᠢ ᠠᠷᠭᠠᠴᠠᠭᠠᠬᠤ ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢᠨ ᠲᠥᠯᠥᠭᠡ ᠭᠠᠷᠭᠠᠭᠰᠠᠨ ᠴᠢᠬᠤᠯᠠ ᠪᠠᠶᠢᠷᠢᠯᠠᠭᠤᠯᠤᠯᠲᠠ ᠪᠣᠯᠤᠨ᠎ᠠ ᠃ ᠣᠶᠢᠷ᠎ᠠ ᠶᠢᠨ ᠵᠢᠯ ᠤᠳ ᠲᠤ ᠂ ᠬᠡᠰᠡᠭ ᠭᠠᠵᠠᠷ ᠣᠷᠣᠨ ᠨᠤᠭᠤᠳ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠲᠤᠷᠰᠢᠯᠲᠠ ᠶᠢᠨ ᠴᠡᠭ ᠢ ᠢᠳᠡᠪᠬᠢᠲᠡᠶ ᠥᠷᠨᠢᠭᠦᠯᠵᠦ ᠂ ᠲᠦᠷᠢᠮ ᠤᠨ ᠪᠣᠷᠣ ᠲᠥᠯᠥᠪ ᠂ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠂ ᠠᠵᠢᠯᠯᠠᠭᠠᠨ ᠤ ᠲᠣᠭᠲᠠᠴᠠ ᠂ ᠬᠠᠮᠢᠶᠠᠷᠤᠯᠲᠠ ᠶᠢᠨ ᠠᠷᠭ᠎ᠠ ᠵᠡᠷᠭᠡ ᠲᠠᠯ᠎ᠠ ᠪᠠᠷ ᠠᠰᠢᠭᠲᠠᠶ ᠰᠦᠪᠡᠭᠴᠢᠯᠡᠯᠲᠡ ᠬᠢᠵᠦ ᠂ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ ᠃ ᠣᠷᠳᠣ ᠬᠤᠭᠤᠴᠠᠭᠠᠨ ᠤ ᠰᠣᠪᠢᠯᠠᠯᠳᠡ ᠶᠢᠨ ᠲᠠᠭᠠᠳᠬᠠᠯ ᠤᠨ ᠳᠥᠷᠢᠮ ᠤᠨ ᠲᠣᠷᠰᠢᠯᠳᠡ ᠶᠢᠨ ᠴᠡᠭ ᠢ ᠦᠷᠭᠡᠳᠭᠡᠬᠦ ᠲᠣᠬᠠᠢ ᠨᠠᠮ ᠤᠨ ᠲᠥᠪ ᠬᠤᠷᠢᠶ᠎ᠠ ᠂ ᠳᠥᠷᠥ ᠶᠢᠨ ᠶᠠᠪᠤᠳᠡᠯ ᠤᠨ ᠬᠤᠷᠢᠶ᠎ᠠ ᠶᠢᠨ ᠰᠢᠢᠳᠪᠦᠷᠢᠳᠣ ᠪᠤᠳᠣᠯᠭ᠎ᠠ ᠶᠢᠨ ᠪᠠᠶᠢᠷᠢᠯᠡᠭᠤᠯᠥᠯᠳᠡ ᠶᠢ ᠲᠤᠭᠤᠰᠢᠯᠠᠭᠤᠯᠤᠨ ᠨᠡᠶᠢᠳᠡᠪᠦᠷᠢᠵᠢᠭᠤᠯᠵᠦ ᠂ ᠲᠣᠷᠰᠢᠯᠳᠡ ᠶᠢᠨ ᠴᠡᠭ ᠤᠨ ᠠᠵᠢᠯ ᠢ ᠣᠯᠡᠮ ᠨᠢᠭᠡ ᠠᠯᠬᠤᠮ ᠬᠦᠨᠵᠡᠭᠡᠢ ᠠᠬᠢᠭᠤᠯᠬᠤ ᠶᠢᠨ ᠲᠣᠰᠠᠳᠡ ᠂ ᠳᠥᠷᠥ ᠶᠢᠨ ᠶᠠᠪᠤᠳᠡᠯ ᠤᠨ ᠬᠤᠷᠢᠶ᠎ᠠ ᠪᠠᠷ ᠵᠦᠪᠰᠢᠶᠡᠷᠡᠬᠦᠯᠥᠭᠡᠳ ᠂ ᠡᠳᠦᠬᠡ ᠲᠣᠣᠷᠡᠬᠢ ᠮᠡᠳᠣ ᠰᠠᠨᠠᠯ ᠢ ᠲᠣᠷᠡᠳᠪᠡ ᠃  ᠨᠢᠭᠡ ᠂ ᠶᠡᠷᠦᠩᠬᠡᠢ ᠱᠠᠭᠠᠷᠳᠠᠯᠭ᠎ᠠ  ︵ᠨᠢᠭᠡ︶ ᠵᠢᠯᠣᠭᠤᠳᠬᠤ ᠦᠵᠡᠯ ᠰᠠᠨᠠᠭ᠎ᠠ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠂ ᠭᠤᠷᠪᠠᠳᠤᠭᠠᠷ ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠤᠯ ᠪᠣᠯᠭᠠᠬᠤ ᠶᠢ ᠪᠠᠷᠢᠮᠲᠠᠯᠠᠵᠤ ᠂ ᠮᠠᠨ ᠤ ᠤᠯᠤᠰ ᠤᠨ ᠪᠠᠶᠢᠳᠠᠯ ᠳᠤ ᠵᠣᠬᠢᠴᠠᠭᠰᠠᠨ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠢ ᠭᠦᠨᠵᠡᠭᠡᠶ ᠰᠦᠪᠡᠭᠴᠢᠯᠡᠨ ᠪᠠᠶᠢᠭᠤᠯᠵᠤ ᠂ ᠨᠠᠩ ᠲᠥᠪ ᠭᠤᠤᠯᠴᠢ ᠨᠠᠩ ᠦᠷᠭᠦᠯᠵᠢᠯᠡᠬᠦ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠬᠦᠯᠵᠦ ᠂ ᠠᠷᠠᠳ ᠣᠯᠠᠨ ᠤ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠬᠥᠭᠵᠢᠯᠲᠡ ᠶᠢᠨ ᠳᠤᠮᠳᠠᠬᠢ ᠬᠦᠷᠲᠡᠮᠵᠢ ᠶᠢᠨ ᠲᠥᠷᠥᠭᠳᠡᠯ ᠂ ᠵᠢᠷᠭᠠᠯᠲᠤ ᠲᠥᠷᠥᠭᠳᠡᠯ ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ ᠃  ︵ᠬᠤᠶᠠᠷ︶ ᠦᠨᠳᠦᠰᠦᠨ ᠵᠠᠷᠴᠢᠮ ᠃ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ ᠂ ᠴᠢᠳᠠᠪᠤᠷᠢ ᠪᠠᠨ ᠬᠦᠨᠳᠦ ᠠᠯᠳᠠᠭᠰᠠᠨ ᠬᠥᠮᠦᠰ ᠤᠨ ᠤᠷᠲᠤ ᠬᠤᠭᠤᠴᠠᠭᠠᠨ ᠤ ᠰᠤᠪᠢᠯᠠᠯᠲᠠ ᠶᠢᠨ ᠪᠠᠲᠤᠯᠠᠭ᠎ᠠ ᠶᠢᠨ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠨ᠎ᠡ ᠃ ᠲᠤᠰᠠᠭᠠᠷ ᠠᠵᠢᠯᠯᠠᠭᠤᠯᠬᠤ ᠶᠢ ᠪᠠᠷᠢᠮᠲᠠᠯᠠᠨ ᠂ ᠲᠤᠰᠠᠭᠠᠷ ᠳᠠᠭᠠᠳᠬᠠᠯ ᠤᠨ ᠲᠥᠷᠥᠯ ᠪᠠᠶᠢᠭᠤᠯᠬᠤ ᠶᠢ ᠪᠣᠳᠣᠯᠬᠢᠯᠠᠵᠤ ᠂ ᠲᠤᠰᠠᠭᠠᠷ ᠵᠢᠷᠤᠭᠯᠠᠨ ᠲᠥᠯᠥᠪᠯᠡᠵᠦ ᠂ ᠲᠤᠰᠠᠭᠠᠷ ᠠᠬᠢᠭᠤᠯᠤᠨ᠎ᠠ ᠃ ᠦᠨᠳᠦᠰᠦᠨ ᠵᠦᠢᠯ ᠢ ᠪᠠᠲᠤᠯᠠᠬᠤ ᠂ ᠳᠣᠤᠷ᠎ᠠ ᠬᠢᠷᠢ ᠬᠡᠮᠵᠢᠶ᠎ᠡ ᠪᠠᠷ ᠡᠬᠢᠯᠡᠭᠦᠯᠬᠦ ᠶᠢ ᠪᠠᠷᠢᠮᠲᠠᠯᠠᠨ ᠂ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠵᠤ ᠂ ᠪᠠᠲᠤᠯᠠᠭ᠎ᠠ ᠶᠢᠨ ᠬᠡᠪᠴᠢᠶ᠎ᠡ ᠪᠣᠯᠤᠨ ᠣᠯᠭᠤᠮᠵᠢ ᠶᠢᠨ ᠪᠠᠷᠢᠮᠵᠢᠶ᠎ᠠ ᠶᠢ ᠵᠦᠢ ᠵᠣᠬᠢᠰᠲᠠᠶ ᠲᠣᠭᠲᠠᠭᠠᠨ᠎ᠠ ᠃ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠬᠦ ᠶᠢ ᠪᠠᠷᠢᠮᠲᠠᠯᠠᠵᠤ ᠂ ᠪᠡᠯᠡ ᠴᠤᠭᠯᠠᠭᠤᠯᠬᠤ ᠬᠠᠷᠢᠭᠤᠴᠠᠯᠭ᠎ᠠ ᠪᠠ ᠪᠠᠲᠤᠯᠠᠬᠤ ᠬᠠᠷᠢᠭᠤᠴᠠᠯᠭ᠎ᠠ ᠶᠢ ᠵᠦᠢ ᠵᠣᠬᠢᠰᠲᠠᠶ ᠬᠤᠪᠢᠶᠠᠷᠢᠯᠠᠨ᠎ᠠ ᠃ ᠲᠣᠭᠲᠠᠴᠠ ᠶᠢᠨ ᠰᠢᠨ᠎ᠡ ᠶᠢ ᠡᠭᠦᠳᠬᠦ ᠶᠢ ᠪᠠᠷᠢᠮᠲᠠᠯᠠᠨ ᠂ ᠦᠷᠭᠦᠯᠵᠢᠯᠡᠨ ᠬᠥᠭᠵᠢᠭᠦᠯᠬᠦ ᠠᠵᠢᠯᠯᠠᠭᠠᠨ ᠤ ᠲᠣᠭᠲᠠᠴᠠ ᠶᠢ ᠬᠠᠶᠢᠨ ᠰᠦᠪᠡᠭᠴᠢᠯᠡᠵᠦ ᠂ ᠪᠠᠲᠤᠯᠠᠭ᠎ᠠ ᠶᠢᠨ ᠬᠦᠴᠦᠨ ᠴᠢᠳᠠᠪᠤᠷᠢ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ ᠃ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠪᠠᠷᠢᠮᠲᠠᠯᠠᠵᠤ ᠂ ᠬᠠᠮᠢᠶ᠎ᠠ ᠪᠦᠬᠦᠢ ᠨᠡᠶᠢᠭᠡᠮ ᠤᠨ ᠪᠠᠲᠤᠯᠠᠭ᠎ᠠ ᠶᠢᠨ ᠳᠦᠷᠢᠮ ᠵᠢᠴᠢ ᠬᠤᠳᠠᠯᠳᠤᠭᠠᠨ ᠤ ᠳᠠᠭᠠᠳᠬᠠᠯ ᠤᠨ ᠴᠢᠳᠠᠮᠵᠢ ᠯᠤᠭ᠎ᠠ ᠵᠣᠯᠭᠠᠭᠤᠯᠬᠤ ᠶᠢ ᠰᠠᠶᠢᠲᠤᠷ ᠬᠢᠨ᠎ᠡ ᠃  ︵ᠭᠤᠷᠪᠠ︶ ᠠᠵᠢᠯ ᠤᠨ ᠬᠠᠷᠠᠯᠲᠠ ᠃ ᠬᠠᠷᠢᠯᠴᠠᠨ ᠬᠠᠪᠰᠤᠷᠤᠯᠴᠠᠨ ᠬᠠᠷᠢᠯᠴᠠᠨ ᠲᠤᠰᠠᠯᠠᠯᠴᠠᠬᠤ ᠠᠷᠭ᠎ᠠ ᠮᠠᠶ᠋ᠢᠭ ᠢᠶᠠᠷ ᠪᠡᠯᠡ ᠮᠥᠩᠭᠦ ᠴᠤᠭᠯᠠᠭᠤᠯᠬᠤ ᠂ ᠴᠢᠳᠠᠪᠤᠷᠢ ᠪᠠᠨ ᠤᠷᠲᠤ ᠬᠤᠭᠤᠴᠠᠭ᠎ᠠ ᠪᠠᠷ ᠠᠯᠳᠠᠭᠰᠠᠨ ᠬᠥᠮᠦᠰ ᠤᠨ ᠦᠨᠳᠦᠰᠦᠨ ᠠᠮᠢᠳᠤᠷᠠᠯ ᠤᠨ ᠬᠠᠷᠠᠭᠠᠯᠵᠠᠯ ᠪᠠ ᠲᠡᠭᠦᠨ ᠯᠦᠭᠡ ᠨᠢᠭᠲᠠ ᠬᠤᠯᠪᠣᠭᠳᠠᠬᠤ ᠡᠮᠴᠢᠯᠡᠭᠡᠨ ᠤ ᠰᠤᠪᠢᠯᠠᠯᠲᠠ ᠳᠤ ᠦᠢᠯᠡᠴᠢᠯᠡᠭᠡ ᠬᠠᠩᠭᠠᠬᠤ ᠪᠤᠶᠤ ᠪᠡᠯᠡ ᠮᠥᠩᠭᠦ ᠶᠢᠨ ᠪᠠᠲᠤᠯᠠᠭ᠎ᠠ ᠬᠠᠩᠭᠠᠬᠤ ᠨᠡᠶᠢᠭᠡᠮ ᠤᠨ ᠳᠠᠭᠠᠳᠬᠠᠯ ᠤᠨ ᠳᠦᠷᠢᠮ ᠢ ᠰᠦᠪᠡᠭᠴᠢᠯᠡᠨ ᠪᠠᠶᠢᠭᠤᠯᠤᠨ᠎ᠠ ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠶᠢᠨ ᠬᠢᠷᠢ ᠲᠦᠪᠰᠢᠨ ᠪᠠ ᠨᠠᠰᠤᠵᠢᠯ ᠤᠨ ᠬᠥᠭᠵᠢᠯᠲᠡ ᠶᠢᠨ ᠬᠠᠨᠳᠤᠰᠢ ᠳᠤ ᠵᠣᠬᠢᠴᠠᠭᠰᠠᠨ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠲᠥᠷᠥ ᠶᠢᠨ ᠪᠣᠳᠣᠯᠭ᠎ᠠ ᠶᠢᠨ ᠪᠣᠷᠣ ᠲᠥᠯᠥᠪ ᠢ ᠦᠨᠳᠦᠰᠦᠨ ᠳᠡᠭᠡᠨ ᠪᠣᠶ ᠪᠣᠯᠭᠠᠵᠤ ᠂ ᠣᠯᠠᠨ ᠲᠦᠮᠡᠨ ᠤ ᠣᠯᠠᠨ ᠡᠰᠢᠲᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠣᠯᠠᠨ ᠲᠠᠰ ᠳᠠᠪᠬᠤᠷᠭ᠎ᠠ ᠶᠢᠨ ᠣᠷᠳᠣ ᠬᠤᠭᠤᠴᠠᠭᠠᠨ ᠤ ᠰᠤᠪᠢᠯᠠᠯᠲᠠ ᠶᠢᠨ ᠪᠠᠲᠤᠯᠠᠭ᠎ᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠤᠨ᠎ᠠ ᠃  ᠬᠤᠶᠠᠷ ᠂ ᠦᠨᠳᠦᠰᠦᠨ ᠲᠥᠷᠥ ᠶᠢᠨ ᠪᠣᠳᠣᠯᠭ᠎ᠠ  ︵ᠲᠦᠷᠪᠡ︶ ᠳᠠᠭᠠᠳᠬᠠᠯ ᠳᠤ ᠣᠷᠣᠯᠴᠠᠬᠤ ᠡᠲᠡᠭᠡᠳ ᠪᠠ ᠪᠠᠲᠤᠯᠠᠬᠤ ᠬᠦᠷᠢᠶ᠎ᠡ ᠬᠡᠪᠴᠢᠶ᠎ᠡ ᠃ ᠲᠤᠷᠰᠢᠯᠲᠠ ᠶᠢᠨ ᠱᠠᠲᠤᠨ ᠳᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠠᠴᠠ ᠡᠬᠢᠯᠡᠨ ᠂ ᠬᠦᠨᠳᠦ ᠴᠢᠳᠠᠪᠤᠷᠢ ᠪᠠᠨ ᠠᠯᠳᠠᠭᠰᠠᠨ ᠬᠥᠮᠦᠰ ᠤᠨ ᠦᠨᠳᠦᠰᠦᠨ ᠰᠤᠪᠢᠯᠠᠯᠲᠠ ᠶᠢᠨ ᠪᠠᠲᠤᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠭᠤᠤᠯᠳᠠᠯᠭ᠎ᠠ ᠲᠠᠢ ᠰᠢᠢᠳᠪᠦᠷᠢᠯᠡᠵᠦ ᠂ ᠨᠥᠬᠦᠴᠡᠯ ᠳᠤ ᠨᠡᠶᠢᠴᠡᠬᠦ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠂ ᠬᠦᠨᠳᠦ ᠵᠡᠮᠳᠡᠭᠴᠦᠳ ᠢ ᠤᠷᠢᠳᠠᠪᠠᠷ ᠪᠠᠲᠤᠯᠠᠨ᠎ᠠ ᠃ ᠨᠥᠬᠦᠴᠡᠯ ᠪᠦᠬᠦᠢ ᠭᠠᠵᠠᠷ ᠣᠷᠣᠨ ᠨᠤᠭᠤᠳ ᠨᠢ ᠲᠤᠷᠰᠢᠯᠲᠠ ᠬᠢᠵᠦ ᠰᠦᠪᠡᠭᠴᠢᠯᠡᠨ ᠭᠦᠨᠵᠡᠭᠡᠶᠢᠷᠡᠭᠦᠯᠵᠦ ᠂ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠂ ᠪᠡᠯᠡ ᠮᠥᠩᠭᠦ ᠴᠤᠭᠯᠠᠭᠤᠯᠬᠤ ᠴᠢᠳᠠᠪᠤᠷᠢ ᠪᠣᠯᠤᠨ ᠪᠠᠲᠤᠯᠠᠬᠤ ᠬᠡᠷᠡᠭᠴᠡᠭᠡ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠂ ᠳᠠᠭᠠᠳᠬᠠᠯ ᠳᠤ ᠣᠷᠣᠯᠴᠠᠬᠤ ᠡᠲᠡᠭᠡᠳ ᠤᠨ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ ᠂ ᠪᠠᠲᠤᠯᠠᠬᠤ ᠬᠡᠪᠴᠢᠶ᠎ᠡ ᠶᠢ ᠨᠢ ᠲᠣᠬᠢᠷᠠᠭᠤᠯᠵᠤ ᠪᠣᠯᠤᠨ᠎ᠠ ᠃  ︵ᠲᠠᠪᠤ︶ ᠪᠡᠯᠡ ᠮᠦᠩᠭᠦ ᠴᠤᠭᠯᠠᠬᠤᠯᠬᠤ ᠃ ᠬᠠᠷᠢᠯᠴᠠᠨ ᠬᠠᠪᠰᠣᠷᠠᠯᠴᠠᠨ ᠬᠠᠷᠢᠯᠴᠠᠨ ᠲᠤᠰᠠᠯᠠᠯᠴᠠᠬᠤ ᠂ ᠬᠠᠷᠢᠭᠤᠴᠠᠯᠭ᠎ᠠ ᠶᠢ ᠬᠠᠮᠳᠣᠪᠡᠷ ᠡᠬᠦᠷᠭᠡᠯᠡᠬᠦ ᠣᠯᠡᠨ ᠠᠷᠭ᠎ᠠ ᠵᠠᠮ ᠢᠶᠠᠷ ᠪᠡᠯᠡ ᠴᠣᠠᠠᠯᠠᠭᠤᠯᠬᠤ ᠲᠣᠠᠠᠳᠡᠴᠠ ᠶᠢ ᠰᠦᠪᠡᠭᠴᠢᠯᠡᠨ ᠪᠠᠶᠢᠭᠤᠯᠥᠨ᠎ᠠ ᠃ ᠦᠨᠳᠣᠰᠣᠡ ᠰᠣᠪᠢᠯᠠᠯᠳᠡ ᠶᠢᠨ ᠦᠢᠯᠡᠴᠢᠯᠡᠭᠡᠨ ᠤ ᠵᠤᠬᠢᠬᠤ ᠪᠡᠯᠡ ᠮᠦᠡᠭᠬᠦ ᠶᠢᠨ ᠭᠡᠷᠡᠭᠴᠡᠭᠡ ᠱᠠᠭᠠᠷᠳᠡᠯᠭ᠎ᠠ ᠶᠢ ᠰᠢᠨᠵᠢᠯᠡᠬᠦ ᠣᠬᠠᠭᠠᠨᠴᠢ ᠪᠠᠷ ᠳᠥᠰᠦᠭᠡᠯᠡᠵᠦ ᠂ ᠲᠣᠰ ᠨᠢᠭᠡᠳᠦᠯᠳᠡᠢ ᠳᠥᠯᠥᠪᠯᠡᠭᠰᠡᠨ ᠭᠠᠵᠡᠷ ᠣᠷᠣᠨ ᠤ ᠣᠨ ᠤ ᠪᠡᠯᠡ ᠴᠣᠠᠠᠯᠠᠭᠤᠯᠬᠤ ᠶᠡᠷᠦᠩᠭᠡᠢ ᠲᠤᠭ᠎ᠠ ᠶᠢ ᠵᠦᠢ ᠵᠤᠬᠢᠰᠳᠡᠢ ᠲᠣᠠᠠᠳᠠᠭᠠᠨ᠎ᠠ ᠃ ᠪᠡᠯᠡ ᠴᠤᠭᠯᠠᠭᠤᠯᠬᠤ ᠳᠤ ᠨᠢᠭᠡᠴᠢ ᠪᠠ ᠬᠤᠪᠢ ᠬᠥᠮᠦᠨ ᠤ ᠰᠦᠢᠳᠭᠡᠯ ᠲᠤᠰᠢᠶᠠᠬᠤ ᠪᠠᠷ ᠭᠤᠣᠯ ᠪᠣᠯᠭᠠᠵᠤ ᠂ ᠨᠢᠭᠡᠴᠢ ᠪᠠ ᠬᠤᠪᠢ ᠬᠥᠮᠦᠨ ᠤ ᠰᠦᠢᠳᠭᠡᠯ ᠲᠤᠰᠢᠶᠠᠬᠤ ᠳᠤ ᠵᠠᠷᠴᠢᠮ ᠳᠡᠭᠡᠷ᠎ᠡ ᠪᠠᠨ ᠠᠳᠠᠯᠢ ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ ᠂ ᠡᠭᠦᠨ ᠳᠤ ᠨᠢᠭᠡᠴᠢ ᠶᠢᠨ ᠰᠦᠢᠳᠭᠡᠯ ᠲᠤᠰᠢᠶᠠᠬᠤ ᠰᠠᠭᠤᠷᠢ ᠲᠤᠭ᠎ᠠ ᠨᠢ ᠠᠵᠢᠯᠲᠠᠨ ᠠᠵᠢᠯᠴᠢᠨ ᠤ ᠴᠠᠯᠢᠩ ᠤᠨ ᠶᠡᠷᠦᠩᠬᠡᠢ ᠲᠤᠭ᠎ᠠ ᠪᠠᠶᠢᠵᠤ ᠂ ᠡᠬᠢᠯᠡᠯᠲᠡ ᠶᠢᠨ ᠱᠠᠲᠤᠨ ᠳᠤ ᠲᠡᠭᠦᠨ ᠤ ᠲᠤᠰᠢᠶᠠᠭᠰᠠᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠠᠴᠠ ᠬᠤᠪᠢᠶᠠᠷᠢᠯᠠᠨ ᠭᠠᠷᠭᠠᠵᠤ ᠂ ᠨᠢᠭᠡᠴᠢ ᠶᠢᠨ ᠡᠭᠦᠷᠭᠡᠯᠡᠯ ᠢ ᠨᠡᠮᠡᠭᠳᠡᠭᠦᠯᠬᠦ ᠦᠭᠡᠢ︔ ᠬᠤᠪᠢ ᠬᠥᠮᠦᠨ ᠤ ᠰᠦᠢᠳᠭᠡᠯ ᠲᠤᠰᠢᠶᠠᠬᠤ ᠰᠠᠭᠤᠷᠢ ᠲᠤᠭ᠎ᠠ ᠨᠢ ᠬᠤᠪᠢ ᠬᠥᠮᠦᠨ ᠤ ᠴᠠᠯᠢᠩ ᠤᠨ ᠣᠷᠣᠯᠭ᠎ᠠ ᠪᠠᠶᠢᠵᠤ ᠂ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠪᠠᠷ ᠣᠷᠣᠯᠠᠨ ᠰᠠᠭᠤᠯᠭᠠᠨ ᠠᠪᠴᠤ ᠣᠷᠣᠯᠠᠨ ᠲᠤᠰᠢᠶᠠᠵᠤ ᠪᠣᠯᠤᠨ᠎ᠠ ᠃ ᠨᠦᠬᠦᠴᠡᠯ ᠲᠠᠢ ᠭᠠᠵᠡᠷ ᠣᠷᠣᠨ ᠨᠢ ᠡᠳ᠋ ᠤᠨ ᠵᠠᠰᠠᠭ ᠵᠡᠷᠭᠡ ᠪᠤᠰᠣᠳ ᠪᠡᠯᠡ ᠴᠣᠠᠠᠯᠠᠭᠤᠯᠬᠤ ᠠᠷᠭ᠎ᠠ ᠵᠠᠮ ᠢ ᠰᠦᠪᠡᠭᠴᠢᠯᠡᠨ ᠂ ᠣᠨᠴᠠ ᠬᠦᠴᠢᠷᠳᠡᠯᠳᠡᠢ ᠠᠵᠢᠯ ᠠᠴᠠ ᠪᠠᠨ ᠠᠮᠠᠷᠬᠠᠰᠠᠨ ᠠᠵᠢᠯᠳᠡᠨ ᠠᠵᠢᠯᠴᠢᠨ ᠤ ᠰᠦᠢᠳᠭᠡᠯ ᠲᠣᠰᠢᠶᠡᠬᠤ ᠳᠤ ᠵᠤᠬᠢᠬᠤ ᠵᠤᠭᠤᠰ ᠢᠶᠠᠷ ᠲᠣᠰᠠᠯᠠᠬᠤ ᠶᠢ ᠰᠦᠪᠡᠭᠴᠢᠯᠡᠵᠦ ᠪᠤᠯᠥᠨ᠎ᠠ ᠃ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠪᠠᠲᠤᠯᠠᠭ᠎ᠠ ᠶᠢᠨ ᠬᠢᠷᠢ ᠬᠡᠮᠵᠢᠶ᠎ᠡ ᠯᠦᠭᠡ ᠲᠣᠬᠢᠷᠠᠯᠴᠠᠭᠰᠠᠨ ᠪᠡᠯᠡ ᠴᠤᠭᠯᠠᠭᠤᠯᠬᠤ ᠬᠥᠳᠡᠯᠦᠩᠭᠦᠶ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ ᠃  ︵ᠵᠢᠷᠭᠤᠭ᠎ᠠ︶ ᠣᠯᠭᠤᠮᠵᠢ ᠥᠭᠬᠦ ᠃ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢ ᠭᠤᠤᠯᠳᠠᠭᠤ ᠲᠣᠭᠲᠠᠭᠠᠯ ᠳᠤ ᠨᠡᠶᠢᠴᠡᠬᠦ ᠪᠠᠶᠢᠭᠤᠯᠤᠮᠵᠢ ᠪᠣᠯᠤᠨ ᠬᠥᠮᠥᠰ ᠲᠤ ᠦᠨᠳᠦᠰᠦᠨ ᠰᠤᠪᠢᠯᠠᠯᠲᠠ ᠶᠢᠨ ᠦᠢᠯᠡᠴᠢᠯᠡᠭᠡ ᠬᠠᠩᠭᠠᠬᠤ ᠳᠤ ᠪᠤᠶ ᠪᠣᠯᠤᠭᠰᠠᠨ ᠵᠠᠷᠤᠳᠠᠯ ᠢ ᠥᠭᠬᠦ ᠳᠤ ᠬᠡᠷᠡᠭᠯᠡᠨ᠎ᠡ ᠃ ᠡᠮᠴᠢᠯᠡᠭᠡᠨ ᠤ ᠪᠠᠶᠢᠭᠤᠯᠤᠮᠵᠢ ᠪᠤᠶᠤ ᠡᠷᠡᠭᠦᠯᠵᠢᠯ ᠤᠨ ᠪᠠᠶᠢᠭᠤᠯᠤᠮᠵᠢ ᠪᠠᠷ ᠵᠢᠷᠤᠮᠵᠢᠭᠤᠯᠤᠨ ᠣᠨᠣᠰᠢᠯᠠᠨ ᠡᠮᠨᠡᠵᠦ ᠂ ᠴᠢᠳᠠᠪᠤᠷᠢ ᠪᠠᠨ ᠠᠯᠳᠠᠭᠰᠠᠨ ᠪᠠᠶᠢᠳᠠᠯ ᠨᠢ 6 ᠰᠠᠷ᠎ᠠ ᠠᠴᠠ ᠳᠡᠭᠡᠭᠰᠢ ᠦᠷᠭᠦᠯᠵᠢᠯᠡᠭᠰᠡᠨ ᠪᠣᠯ ᠂ ᠦᠨᠡᠯᠡᠨ ᠵᠢᠱᠢᠬᠦ ᠪᠠᠷ ᠳᠡᠮᠵᠢᠨ ᠮᠠᠭᠠᠳᠯᠠᠨ ᠲᠣᠭᠲᠠᠭᠠᠬᠤ ᠶᠢ ᠭᠤᠶᠤᠴᠢᠯᠠᠵᠤ ᠪᠠᠲᠤᠯᠠᠭᠳᠠᠭᠰᠠᠨ ᠴᠢᠳᠠᠪᠤᠷᠢ ᠪᠠᠨ ᠠᠯᠳᠠᠭᠰᠠᠨ ᠳᠠᠭᠠᠳᠬᠠᠯ ᠳᠤ ᠣᠷᠣᠯᠴᠠᠭᠰᠠᠳ ᠲᠣᠭᠲᠠᠭᠠᠯ ᠶᠣᠰᠣᠭᠠᠷ ᠬᠠᠮᠢᠶ᠎ᠠ ᠪᠥᠬᠦᠶ ᠣᠯᠭᠤᠮᠵᠢ ᠶᠢ ᠭᠥᠷᠳᠡᠵᠦ ᠪᠣᠯᠤᠨ᠎ᠠ ᠃ ᠰᠤᠪᠢᠯᠠᠯᠲᠠ ᠶᠢᠨ ᠵᠡᠷᠭᠡ ᠳᠡᠰ ᠂ ᠦᠢᠯᠡᠴᠢᠯᠡᠭᠡ ᠬᠠᠩᠭᠠᠬᠤ ᠠᠷᠭ᠎ᠠ ᠮᠠᠶ᠋ᠢᠭ ᠵᠡᠷᠭᠡ ᠶᠢ ᠦᠨᠳᠦᠰᠦᠯᠡᠨ ᠵᠥᠷᠢᠶᠡᠴᠢᠯᠡᠭᠰᠡᠨ ᠬᠠᠷᠠᠭᠠᠯᠵᠠᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠂ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠰᠤᠪᠢᠯᠠᠯᠲᠠ ᠶᠢᠨ ᠦᠢᠯᠡᠴᠢᠯᠡᠭᠡ ᠬᠡᠷᠡᠭᠯᠡᠬᠦ ᠶᠢ ᠵᠣᠷᠢᠭᠵᠢᠭᠤᠯᠤᠨ᠎ᠠ ᠃ ᠲᠣᠭᠲᠠᠭᠠᠯ ᠳᠤ ᠨᠡᠶᠢᠴᠡᠬᠦ ᠰᠤᠪᠢᠯᠠᠯᠲᠠ ᠶᠢᠨ ᠦᠢᠯᠡᠴᠢᠯᠡᠭᠡᠨ ᠤ ᠵᠠᠷᠤᠳᠠᠯ ᠢ ᠰᠠᠭᠤᠷᠢ ᠮᠥᠩᠭᠦ ᠠᠴᠠ ᠥᠭᠬᠦ ᠬᠡᠮᠵᠢᠶ᠎ᠡ ᠶᠢ ᠶᠡᠷᠦᠩᠬᠡᠢ ᠳᠡᠭᠡᠨ 70% ᠣᠷᠴᠢᠮ ᠢᠶᠠᠷ ᠡᠵᠡᠮᠳᠡᠨ᠎ᠡ ᠃ ᠣᠷᠳᠣ ᠬᠤᠭᠤᠴᠠᠭᠠᠨ ᠤ ᠰᠣᠪᠢᠯᠠᠯᠳᠡ ᠶᠢᠨ ᠲᠠᠭᠠᠳᠬᠠᠯ ᠬᠢᠬᠡᠳ ᠠᠵᠦ ᠠᠬᠤᠢ ᠨᠢ ᠬᠦᠴᠢᠷᠳᠡᠯᠳᠡᠢ ᠦᠨᠳᠣᠷ ᠨᠠᠰᠥᠳᠡᠢ ᠂ ᠴᠢᠳᠠᠪᠤᠷᠢ ᠪᠠᠨ ᠪᠠᠨ ᠠᠯᠳ᠋ᠬᠠᠰᠠᠨ ᠨᠠᠰᠣᠳᠡᠶᠢᠴᠣᠳ ᠤᠨ ᠨᠦᠬᠦᠪᠦᠷᠢ ᠵᠢᠴᠢ ᠬᠦᠨᠳᠦ ᠵᠠᠮᠳᠡᠭᠴᠦᠳ ᠤᠨ ᠰᠣᠪᠢᠯᠠᠯᠳᠡ ᠶᠢᠨ ᠨᠦᠬᠦᠪᠦᠷᠢ ᠵᠡᠷᠭᠡ ᠳᠥᠷᠥ ᠶᠢᠨ ᠪᠤᠳᠣᠯᠭ᠎ᠠ ᠶᠢ ᠵᠣᠯᠭᠠᠭᠤᠯᠬᠤ ᠶᠢ ᠰᠠᠶᠢᠳᠣᠷ ᠬᠢᠨ᠎ᠠ ᠃  ᠭᠤᠷᠪᠠ ᠂ ᠬᠠᠮᠢᠶᠠᠷᠤᠯᠲᠠ ᠦᠢᠯᠡᠴᠢᠯᠡᠭᠡ  ︵ᠳᠤᠯᠤᠭ᠎ᠠ︶ ᠰᠠᠭᠤᠷᠢ ᠮᠥᠩᠭᠦᠨ ᠤ ᠬᠠᠮᠢᠶᠠᠷᠤᠯᠲᠠ ᠃ ᠣᠷᠳᠣ ᠬᠤᠭᠤᠴᠠᠭᠠᠨ ᠤ ᠰᠣᠪᠢᠯᠠᠯᠳᠡ ᠶᠢᠨ ᠲᠠᠭᠠᠳᠬᠠᠯ ᠤᠨ ᠰᠠᠭᠤᠷᠢ ᠮᠦᠡᠭᠬᠦ ᠶᠢᠨ ᠬᠠᠮᠢᠶᠡᠷᠦᠯᠳᠡ ᠶᠢ ᠣᠳᠣ ᠶᠢᠨ ᠭᠡᠷᠡᠭᠵᠢᠬᠦᠯᠵᠦ ᠪᠦᠬᠦᠢ ᠨᠡᠶᠢᠭᠡᠮ ᠤᠨ ᠲᠠᠭᠠᠳᠬᠠᠯ ᠤᠨ ᠰᠠᠭᠤᠷᠢ ᠮᠦᠡᠭᠬᠦ ᠶᠢᠨ ᠬᠤᠯᠪᠤᠠᠠᠳᠡᠯ ᠪᠦᠬᠦᠢ ᠳᠥᠷᠢᠮ ᠢᠶᠠᠷ ᠯᠠᠪᠯᠠᠯᠳᠡ ᠪᠤᠯᠭᠠᠨ ᠭᠡᠷᠡᠭᠵᠢᠬᠦᠯᠥᠨ᠎ᠠ ᠃ ᠰᠠᠭᠤᠷᠢ ᠮᠥᠩᠭᠦ ᠶᠢ ᠲᠤᠰᠠᠭᠠᠷ ᠳᠠᠩᠰᠠ ᠪᠠᠢᠭᠤᠯᠵᠤ ᠲᠤᠰᠠᠭᠠᠷ ᠲᠣᠭᠠᠴᠠᠭ᠎ᠠ ᠬᠢᠨ᠎ᠡ ᠃ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠳᠤ ᠰᠢᠨ᠎ᠡ ᠶᠢ ᠡᠭᠦᠳᠦᠨ ᠂ ᠢᠯᠡᠴᠢᠯᠡᠨ ᠮᠡᠳᠡᠭᠦᠯᠵᠦ ᠵᠠᠭᠠᠯᠳᠤᠬᠤ ᠂ ᠮᠡᠳᠡᠭᠡ ᠵᠠᠩᠭᠢ ᠨᠡᠶᠢᠲᠡᠯᠡᠬᠦ ᠂ ᠳᠣᠲᠣᠭᠠᠳᠤ ᠳᠠᠭᠠᠨ ᠡᠵᠡᠮᠳᠡᠬᠦ ᠂ ᠮᠡᠬᠡᠯᠡᠨ ᠬᠢᠬᠠᠬᠤ ᠶᠢ ᠰᠡᠷᠭᠡᠶᠢᠯᠡᠬᠦ ᠵᠡᠷᠭᠡ ᠲᠦᠭᠰᠢᠭᠦᠷᠢ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ ᠂ ᠰᠠᠭᠤᠷᠢ ᠮᠥᠩᠭᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ ᠃  ︵ᠨᠠᠢᠮᠠ︶ ᠦᠢᠯᠡᠴᠢᠯᠡᠭᠡ ᠶᠢᠨ ᠬᠠᠮᠢᠶᠠᠷᠤᠯᠲᠠ ᠃ ᠰᠤᠪᠢᠯᠠᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠪᠣᠯᠤᠨ ᠠᠵᠢᠯᠯᠠᠭᠰᠠᠳ ᠤᠨ ᠬᠡᠯᠡᠯᠴᠡᠭᠡᠷ ᠢᠶᠠᠷ ᠬᠠᠮᠢᠶᠠᠷᠬᠤ ᠪᠠ ᠬᠢᠨᠠᠯᠲᠠ ᠲᠠᠯᠪᠢᠨ ᠬᠠᠷᠭᠤᠭᠤᠯᠤᠨ ᠪᠣᠳᠣᠬᠤ ᠵᠡᠷᠭᠡ ᠳᠦᠷᠢᠮ ᠢ ᠤᠯᠠᠮ ᠨᠢᠭᠡ ᠠᠯᠬᠤᠮ ᠰᠦᠪᠡᠭᠴᠢᠯᠡᠨ ᠲᠡᠭᠦᠯᠳᠡᠷᠵᠢᠭᠦᠯᠦᠨ᠎ᠡ ᠃ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠪᠠ ᠣᠯᠭᠤᠮᠵᠢ ᠬᠦᠷᠲᠡᠬᠦ ᠵᠡᠷᠭᠡ ᠮᠡᠳᠡᠭᠡ ᠵᠠᠩᠭᠢ ᠶᠢᠨ ᠲᠡᠮᠳᠡᠭᠯᠡᠯ ᠪᠣᠯᠤᠨ ᠬᠠᠮᠢᠶᠠᠷᠤᠯᠲᠠ ᠶᠢ ᠰᠠᠶᠢᠲᠤᠷ ᠬᠢᠨ᠎ᠡ ᠃ ᠣᠷᠳᠣ ᠬᠤᠭᠤᠴᠠᠭᠠᠨ ᠤ ᠰᠣᠪᠢᠯᠠᠯᠳᠡ ᠶᠢᠨ ᠲᠠᠭᠠᠳᠬᠠᠯ ᠤᠨ ᠬᠠᠮᠢᠶᠡᠷᠦᠯᠳᠡ ᠶᠢᠨ ᠠᠵᠢᠯᠯᠠᠭᠠᠨ ᠤ ᠲᠣᠠᠠᠳᠡᠴᠠ ᠶᠢ ᠪᠠᠶᠢᠭᠤᠯᠥᠨ ᠪᠦᠷᠢᠨᠰᠢᠬᠦᠯᠵᠦ ᠂ ᠪᠠᠳᠣᠯᠠᠭ᠎ᠠ ᠶᠢᠨ ᠬᠦᠷᠢᠶ᠎ᠠ ᠭᠡᠪᠴᠢᠶ᠎ᠠ ᠂ ᠬᠠᠮᠢᠶ᠎ᠠ ᠪᠦᠬᠦᠢ ᠪᠡᠷᠢᠮᠵᠢᠶ᠎ᠠ ᠵᠢᠴᠢ ᠬᠠᠮᠢᠶᠡᠷᠦᠯᠳᠡ ᠶᠢᠨ ᠠᠷᠭ᠎ᠠ ᠶᠢ ᠲᠣᠳᠣᠷᠬᠠᠶᠢᠯᠠᠨ᠎ᠠ ᠃ ᠭᠤᠷᠪᠠᠳᠠᠬᠢ ᠡᠲᠡᠭᠡᠳ ᠤᠨ ᠬᠢᠨᠠᠨ ᠬᠠᠮᠢᠶᠠᠷᠬᠤ ᠲᠣᠭᠲᠠᠴᠠ ᠶᠢ ᠣᠷᠣᠭᠤᠯᠤᠨ ᠠᠪᠴᠢᠷᠠᠬᠤ ᠪᠠ ᠲᠡᠭᠦᠯᠳᠡᠷᠵᠢᠭᠦᠯᠵᠦ ᠂ ᠭᠠᠷᠲᠠᠨ ᠭᠦᠢᠴᠡᠳᠬᠡᠬᠦ ᠦᠢᠯᠡᠴᠢᠯᠡᠭᠡ ᠂ ᠰᠤᠪᠢᠯᠠᠬᠤ ᠦᠢᠯᠡᠴᠢᠯᠡᠭᠡ ᠵᠡᠷᠭᠡ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠪᠠᠨ ᠴᠢᠩᠭᠠᠳᠬᠠᠨ᠎ᠠ ᠃ ᠵᠠᠷᠤᠳᠠᠯ ᠢ ᠡᠵᠡᠮᠳᠡᠬᠦ ᠠᠵᠢᠯ ᠢ ᠴᠢᠩᠭᠠᠳᠬᠠᠵᠤ ᠂ ᠲᠥᠰᠥᠪ ᠤᠨ ᠬᠠᠮᠢᠶᠠᠷᠤᠯᠲᠠ ᠶᠢ ᠬᠡᠷᠡᠭᠵᠢᠭᠦᠯᠦᠨ ᠂ ᠰᠦᠢᠳᠭᠡᠯ ᠲᠤᠰᠢᠶᠠᠬᠤ ᠳᠤ ᠲᠣᠬᠢᠷᠠᠮᠵᠢᠲᠠᠢ ᠠᠷᠭ᠎ᠠ ᠶᠢ ᠰᠦᠪᠡᠭᠴᠢᠯᠡᠨ᠎ᠡ ᠃  ︵ᠶᠢᠰᠦ︶ ᠭᠠᠷᠳᠠᠨ ᠭᠦᠢᠴᠡᠳᠬᠡᠬᠦ ᠶᠢᠨ ᠬᠠᠮᠢᠶᠠᠷᠤᠯᠲᠠ ᠃ ᠨᠡᠶᠢᠭᠡᠮ ᠤᠨ ᠬᠦᠴᠦᠨ ᠢ ᠲᠠᠲᠠᠨ ᠣᠷᠣᠭᠤᠯᠵᠤ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠭᠠᠷᠳᠠᠨ ᠭᠦᠢᠴᠡᠳᠬᠡᠬᠦ ᠦᠢᠯᠡᠴᠢᠯᠡᠭᠡ ᠳᠤ ᠣᠷᠣᠯᠴᠠᠭᠤᠯᠤᠨ ᠂ ᠭᠠᠷᠳᠠᠨ ᠭᠦᠢᠴᠡᠳᠬᠡᠬᠦ ᠬᠦᠴᠦᠨ ᠢ ᠲᠡᠭᠦᠯᠳᠡᠷᠵᠢᠭᠦᠯᠦᠨ᠎ᠡ ᠃ ᠠᠮᠵᠢᠯᠲᠠ ᠪᠦᠲᠦᠮᠵᠢ ᠶᠢ ᠦᠨᠡᠯᠡᠬᠦ ᠂ ᠰᠢᠯᠭᠠᠨ ᠬᠢᠨᠠᠵᠤ ᠤᠷᠮᠠᠰᠢᠭᠤᠯᠬᠤ ᠂ ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠶᠢ ᠵᠡᠷᠭᠡᠪᠡᠷ ᠪᠠᠶᠢᠭᠤᠯᠵᠤ ᠂ ᠭᠠᠷᠲᠠᠨ ᠭᠦᠢᠴᠡᠳᠬᠡᠬᠦ ᠬᠠᠮᠢᠶᠠᠷᠤᠯᠲᠠ ᠶᠢᠨ ᠦᠢᠯᠡᠴᠢᠯᠡᠭᠡᠨ ᠤ ᠴᠢᠳᠠᠪᠤᠷᠢ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠃ ᠭᠠᠷᠲᠠᠨ ᠭᠦᠢᠴᠡᠳᠬᠡᠬᠦ ᠳᠦᠷᠢᠮ ᠵᠢᠷᠤᠮ ᠪᠣᠯᠤᠨ ᠦᠢᠯᠡᠴᠢᠯᠡᠭᠡᠨ ᠤ ᠪᠠᠷᠢᠮᠵᠢᠶ᠎ᠠ ᠶᠢ ᠪᠦᠷᠢᠨᠰᠢᠭᠦᠯᠵᠦ ᠂ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠦᠨ ᠂ ᠨᠠᠶᠢᠳᠠᠵᠤ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠬᠡᠯᠡᠯᠴᠡᠭᠡᠷ ᠤᠨ ᠬᠠᠮᠢᠶᠠᠷᠤᠯᠲᠠ ᠪᠣᠯᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠨ᠎ᠠ ᠃ ᠨᠡᠶᠢᠭᠡᠮ ᠤᠨ ᠬᠦᠴᠦᠨ ᠤ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠵᠠᠷᠤᠳᠠᠯ ᠢ ᠦᠢᠯᠡᠴᠢᠯᠡᠭᠡᠨ ᠤ ᠬᠥᠮᠦᠨ ᠠᠮᠠ ᠂ ᠪᠠᠶᠢᠭᠤᠯᠤᠮᠵᠢ ᠶᠢᠨ ᠠᠵᠢᠯᠯᠠᠭᠠᠨ ᠤ ᠥᠪᠡᠷ ᠤᠨ ᠥᠷᠲᠡᠭ ᠂ ᠠᠵᠢᠯ ᠤᠨ ᠠᠮᠵᠢᠯᠲᠠ ᠪᠦᠲᠦᠮᠵᠢ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠂ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠣᠲᠣᠷ᠎ᠠ ᠠᠴᠠ ᠬᠠᠷᠢᠴᠠᠯ ᠶᠣᠰᠣᠭᠠᠷ ᠪᠤᠶᠤ ᠲᠣᠭᠲᠠᠭᠰᠠᠨ ᠨᠣᠷᠮ᠎ᠠ ᠪᠠᠷ ᠥᠭᠬᠦ ᠶᠢ ᠰᠦᠪᠡᠭᠴᠢᠯᠡᠵᠦ ᠪᠣᠯᠤᠨ᠎ᠠ ᠂ ᠪᠣᠳᠠᠲᠠᠶ ᠠᠷᠭ᠎ᠠ ᠶᠢ ᠭᠠᠷᠲᠠᠨ ᠭᠦᠢᠴᠡᠳᠬᠡᠬᠦ ᠬᠡᠯᠡᠯᠴᠡᠭᠡᠷ ᠲᠤ ᠪᠠᠨ ᠪᠣᠯᠵᠣᠨ ᠲᠣᠭᠲᠠᠬᠤ ᠬᠡᠷᠡᠭᠲᠡᠶ ᠃ ᠣᠷᠳᠣ ᠬᠤᠭᠤᠴᠠᠭᠠᠨ ᠤ ᠰᠣᠪᠢᠯᠠᠯᠳᠡ ᠶᠢᠨ ᠲᠠᠭᠠᠳᠬᠠᠯ ᠤᠨ ᠰᠢᠰᠲ᠋ᠧᠮ ᠤᠨ ᠳᠡᠪᠴᠠᠩ ᠤᠨ ᠪᠠᠶᠢᠭᠤᠯᠥᠯᠳᠡ ᠶᠢ ᠳᠦᠷᠭᠡᠳᠭᠡᠵᠦ ᠂ ︽ᠢᠨᠲ᠋ᠧᠷ ᠰᠦᠯᠵᠢᠶ᠎ᠠ +︾ ᠵᠡᠷᠭᠡ ᠰᠢᠨ᠎ᠡ ᠶᠢ ᠡᠬᠦᠳᠬᠦ ᠮᠡᠷᠭᠡᠵᠢᠯ ᠤᠨ ᠭᠡᠷᠡᠭᠯᠡᠯᠳᠡ ᠶᠢ ᠠᠬᠢᠭᠤᠯᠥᠨ ᠂ ᠭᠡᠯᠡᠯᠴᠡᠭᠡᠷ ᠤᠨ ᠰᠣᠪᠢᠯᠠᠯᠳᠡ ᠶᠢᠨ ᠦᠢᠯᠡᠴᠢᠯᠡᠭᠡᠨ ᠤ ᠪᠠᠶᠢᠭᠤᠯᠥᠮᠵᠢ ᠵᠢᠴᠢ ᠪᠤᠰᠣᠳ ᠠᠵᠢᠯ ᠳᠥᠷᠦᠯ ᠤᠨ ᠬᠦᠷᠢᠶ᠎ᠠ ᠴᠡᠷᠠᠭ᠎ᠠ ᠶᠢᠨ ᠮᠡᠳᠡᠭᠡ ᠵᠠᠩᠬᠢ ᠶᠢᠨ ᠳᠡᠪᠴᠠᠩ ᠯᠤᠭ᠎ᠠ ᠮᠡᠳᠡᠭᠡ ᠵᠠᠩᠬᠢ ᠶᠢ ᠬᠠᠮᠳᠣᠪᠡᠷ ᠬᠦᠷᠲᠡᠬᠦ ᠪᠠ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ ᠶᠢ ᠠᠯᠬᠤᠮ ᠠᠯᠬᠤᠮ ᠢᠶᠠᠷ ᠪᠠᠶᠠᠯᠠᠬᠦᠯᠥᠨ᠎ᠠ ᠃  ᠳᠥᠷᠪᠡ ᠂ ᠵᠣᠬᠢᠶᠠᠨ ᠪᠠᠶᠢᠭᠤᠯᠤᠨ ᠬᠡᠷᠡᠭᠵᠢᠭᠦᠯᠬᠦ  ︵ᠠᠷᠪᠠ︶ ᠲᠤᠷᠰᠢᠯᠲᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ᠎ᠡ ᠃ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠤᠤᠯ ᠤᠨ ᠲᠣᠳᠣᠷᠬᠠᠶᠢᠯᠠᠭᠰᠠᠨ ᠲᠤᠷᠰᠢᠯᠲᠠ ᠶᠢᠨ ᠴᠡᠭ ᠪᠣᠯᠬᠤ ᠬᠤᠲᠠ ᠪᠣᠯᠤᠨ ᠭᠢᠷᠢᠨ ᠂ ᠱᠠᠨᠳᠦ᠋ᠩ 2 ᠭᠤᠤᠯᠳᠠᠯᠭ᠎ᠠ ᠲᠠᠢ ᠮᠤᠵᠢ ᠣᠷᠣᠨ ᠯᠤᠭ᠎ᠠ ᠲᠤᠰ ᠰᠠᠨᠠᠯ ᠤᠨ ᠱᠠᠭᠠᠷᠳᠠᠯᠭ᠎ᠠ ᠶᠣᠰᠣᠭᠠᠷ ᠦᠷᠭᠦᠯᠵᠢᠯᠡᠨ ᠲᠤᠷᠰᠢᠯᠲᠠ ᠶᠢᠨ ᠴᠡᠭ ᠥᠷᠨᠢᠭᠦᠯᠵᠦ ᠂ ᠪᠤᠰᠤᠳ ᠲᠤᠷᠰᠢᠯᠲᠠ ᠶᠢᠨ ᠴᠡᠭ ᠥᠷᠨᠢᠭᠦᠯᠦᠭᠡᠳᠦᠶ ᠮᠤᠵᠢ ᠨᠢ ᠰᠢᠨ᠎ᠡ ᠪᠠᠷ 1 ᠬᠤᠲᠠ ᠨᠡᠮᠡᠵᠦ ᠲᠤᠷᠰᠢᠯᠲᠠ ᠶᠢᠨ ᠴᠡᠭ ᠥᠷᠨᠢᠭᠦᠯᠵᠦ ᠪᠣᠯᠤᠨ᠎ᠠ ᠂ ᠡᠨᠡ ᠵᠢᠯ ᠤᠨ ᠳᠣᠲᠣᠷ᠎ᠠ ᠡᠬᠢᠯᠡᠨ ᠬᠡᠷᠡᠭᠵᠢᠭᠦᠯᠵᠦ ᠂ ᠲᠤᠷᠰᠢᠯᠲᠠ ᠶᠢᠨ ᠴᠡᠭ ᠤᠨ ᠬᠤᠭᠤᠴᠠᠭ᠎ᠠ ᠨᠢ 2 ᠵᠢᠯ ᠪᠣᠯᠤᠨ᠎ᠠ ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠣᠯᠤᠨ ᠡᠳ᠋ ᠤᠨ ᠵᠠᠰᠠᠭ ᠤᠨ ᠶᠠᠮᠤᠨ ᠢᠶᠠᠷ ᠵᠥᠪᠰᠢᠶᠡᠷᠡᠭᠦᠯᠬᠦ ᠦᠭᠡᠢ ᠪᠠᠷ ᠡᠯ᠎ᠡ ᠭᠠᠵᠠᠷ ᠤᠨ ᠬᠢᠨ ᠲᠤᠷᠰᠢᠯᠲᠠ ᠶᠢᠨ ᠴᠡᠭ ᠤᠨ ᠬᠡᠪᠴᠢᠶ᠎ᠡ ᠪᠠᠨ ᠥᠪᠡᠷ ᠲᠡᠭᠡᠨ ᠥᠷᠭᠡᠳᠬᠡᠵᠦ ᠪᠣᠯᠬᠤ ᠦᠭᠡᠶ ᠃  ︵ᠠᠷᠪᠠᠨ ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ ᠃ ᠡᠯ᠎ᠡ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠲᠤᠷᠰᠢᠯᠲᠠ ᠶᠢᠨ ᠴᠡᠭ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠲᠤᠷᠰᠢᠯᠲᠠ ᠶᠢᠨ ᠴᠡᠭ ᠤᠨ ᠬᠤᠲᠠ ᠳᠠᠬᠢ ᠵᠢᠯᠣᠭᠤᠳᠤᠯᠭ᠎ᠠ ᠪᠠᠨ ᠴᠢᠩᠭᠠᠳᠬᠠᠬᠤ ᠬᠡᠷᠡᠭᠲᠡᠶ ᠃ ᠲᠤᠷᠰᠢᠯᠲᠠ ᠶᠢᠨ ᠴᠡᠭ ᠪᠣᠯᠬᠤ ᠬᠤᠲᠠ ᠨᠤᠭᠤᠳ ᠨᠢ ᠲᠤᠷᠰᠢᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ ᠂ ᠰᠠᠯᠠᠭ᠎ᠠ ᠮᠥᠴᠢᠷ ᠤᠨ ᠵᠣᠬᠢᠴᠠᠭᠤᠯᠭ᠎ᠠ ᠪᠠᠨ ᠴᠢᠩᠭᠠᠳᠬᠠᠨ ᠂ ᠲᠤᠷᠰᠢᠯᠲᠠ ᠶᠢᠨ ᠴᠡᠭ ᠤᠨ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠬᠠᠮᠲᠤᠪᠠᠷ ᠠᠬᠢᠭᠤᠯᠬᠤ ᠬᠡᠷᠡᠭᠲᠡᠶ ᠃ ᠰᠢᠨ᠎ᠡ ᠪᠠᠷ ᠥᠷᠨᠢᠭᠦᠯᠬᠦ ᠲᠤᠷᠰᠢᠯᠲᠠ ᠶᠢᠨ ᠴᠡᠭ ᠪᠣᠯᠬᠤ ᠬᠤᠲᠠ ᠨᠤᠭᠤᠳ ᠲᠤᠰ ᠰᠠᠨᠠᠯ ᠤᠨ ᠱᠠᠭᠠᠷᠳᠠᠯᠭ᠎ᠠ ᠶᠣᠰᠣᠭᠠᠷ ᠲᠤᠷᠰᠢᠯᠲᠠ ᠶᠢᠨ ᠬᠡᠷᠡᠭᠵᠢᠭᠦᠯᠬᠦ ᠲᠥᠰᠦᠯ ᠢᠶᠠᠨ ᠨᠠᠶᠢᠷᠠᠭᠤᠯᠤᠨ ᠵᠣᠬᠢᠶᠠᠵᠤ ᠂ ᠮᠤᠵᠢ ᠶᠢᠨ ᠱᠠᠲᠤᠨ ᠤ ᠡᠮᠴᠢᠯᠡᠭᠡᠨ ᠤ ᠪᠠᠲᠤᠯᠠᠭ᠎ᠠ ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠬᠦ ᠶᠢᠨ ᠬᠠᠮᠲᠤ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠣᠯᠤᠨ ᠡᠳ᠋ ᠤᠨ ᠵᠠᠰᠠᠭ ᠤᠨ ᠶᠠᠮᠤᠨ ᠳᠤ ᠮᠡᠳᠡᠭᠦᠯᠵᠦ ᠳᠠᠩᠰᠠᠯᠠᠭᠤᠯᠤᠭᠰᠠᠨ ᠤ ᠳᠠᠷᠠᠭ᠎ᠠ ᠡᠬᠢᠯᠡᠭᠦᠯᠦᠨ ᠬᠡᠷᠡᠭᠵᠢᠭᠦᠯᠬᠦ ᠬᠡᠷᠡᠭᠲᠡᠶ ᠃ ᠨᠢᠭᠡᠨᠲᠡ ᠲᠤᠷᠰᠢᠯᠲᠠ ᠥᠷᠨᠢᠭᠦᠯᠦᠭᠰᠡᠨ ᠭᠠᠵᠠᠷ ᠣᠷᠣᠨ ᠨᠤᠭᠤᠳ ᠲᠤᠰ ᠰᠠᠨᠠᠯ ᠤᠨ ᠱᠠᠭᠠᠷᠳᠠᠯᠭ᠎ᠠ ᠶᠣᠰᠣᠭᠠᠷ ᠲᠤᠷᠰᠢᠯᠲᠠ ᠶᠢᠨ ᠴᠡᠭ ᠤᠨ ᠠᠵᠢᠯ ᠢ ᠤᠯᠠᠮ ᠨᠢᠭᠡ ᠠᠯᠬᠤᠮ ᠭᠦᠨᠵᠡᠭᠡᠶ ᠲᠦᠯᠬᠢᠨ ᠠᠬᠢᠭᠤᠯᠵᠤ ᠂ ᠲᠥᠷᠥ ᠶᠢᠨ ᠪᠣᠳᠣᠯᠭ᠎ᠠ ᠶᠢᠨ  ᠲᠥᠰᠥᠪ ᠢ ᠢ ᠲᠡᠭᠦᠯᠳᠡᠷᠵᠢᠭᠦᠯᠦᠨ ᠂ ᠤᠷᠲᠤ ᠬᠤᠭᠤᠴᠠᠭᠠᠨ ᠤ ᠰᠤᠪᠢᠯᠠᠯᠲᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ ᠃  ︵ᠠᠷᠪᠠᠨ ᠬᠤᠶᠠᠷ︶ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ ᠃ ᠮᠤᠵᠢ ᠶᠢᠨ ᠱᠠᠲᠤᠨ ᠠᠴᠠ ᠳᠡᠭᠡᠭᠰᠢᠬᠢ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠲᠤᠰᠬᠠᠶ ᠬᠥᠮᠦᠨ ᠲᠣᠭᠲᠠᠭᠠᠨ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠤᠨ ᠠᠵᠢᠯ ᠢ ᠬᠠᠷᠢᠭᠤᠴᠠᠭᠤᠯᠵᠤ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠤᠨ ᠬᠢᠨᠠᠨ ᠵᠢᠯᠣᠭᠤᠳᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠲᠤᠷᠰᠢᠯᠲᠠ ᠶᠢᠨ ᠴᠡᠭ ᠤᠨ ᠠᠬᠢᠴᠠ ᠶᠢ ᠮᠥᠷᠳᠡᠨ ᠵᠢᠯᠣᠭᠤᠳᠬᠤ ᠶᠢᠨ ᠬᠠᠮᠲᠤ ᠠᠵᠢᠯᠯᠠᠭᠠᠨ ᠤ ᠲᠤᠭ᠎ᠠ ᠪᠠᠷᠢᠮᠲᠠ ᠪᠣᠯᠤᠨ ᠲᠤᠷᠰᠢᠯᠲᠠ ᠶᠢᠨ ᠴᠡᠭ ᠤᠨ ᠪᠠᠶᠢᠳᠠᠯ ᠢᠶᠠᠨ ᠱᠠᠭᠠᠷᠳᠠᠯᠭ᠎ᠠ ᠶᠣᠰᠣᠭᠠᠷ ᠮᠡᠳᠡᠭᠦᠯᠦᠨ ᠬᠦᠷᠭᠡᠬᠦ ᠬᠡᠷᠡᠭᠲᠡᠶ ᠃ ᠦᠨᠡᠯᠡᠨ ᠵᠢᠱᠢᠵᠦ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠲᠤᠷᠰᠢᠯᠲᠠ ᠶᠢᠨ ᠳᠤᠮᠳᠠᠬᠢ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠴᠠᠭ ᠲᠤᠬᠠᠶ ᠳᠤᠨᠢ ᠰᠤᠳᠤᠯᠵᠤ ᠂ ᠰᠠᠶᠢᠨ ᠲᠤᠷᠰᠢᠯᠭ᠎ᠠ ᠠᠷᠭ᠎ᠠ ᠬᠢᠳᠡᠯ ᠢ ᠰᠠᠶᠢᠲᠤᠷ ᠳ᠋ᠦᠩᠨᠡᠵᠦ ᠂ ᠬᠥᠨᠳᠡᠯᠡᠨ ᠢᠶᠠᠷ ᠰᠣᠯᠢᠯᠴᠠᠬᠤ ᠶᠢ ᠴᠢᠩᠭᠠᠳᠬᠠᠨ ᠂ ᠲᠤᠷᠰᠢᠯᠲᠠ ᠶᠢᠨ ᠴᠡᠭ ᠤᠨ ᠠᠵᠢᠯ ᠢ ᠲᠡᠩᠴᠡᠭᠦᠷᠢᠲᠡᠶ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠃ ᠨᠡᠶᠢᠭᠡᠮ ᠤᠨ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠂ ᠬᠠᠮᠵᠢᠯᠴᠠᠨ ᠯᠠᠪᠯᠠᠬᠤ ᠪᠠᠨ ᠴᠢᠩᠭᠠᠳᠬᠠᠵᠤ ᠂ ᠲᠤᠷᠰᠢᠯᠲᠠ ᠶᠢᠨ ᠴᠡᠭ ᠤᠨ ᠠᠵᠢᠯ ᠤᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠤᠨ᠎ᠠ ᠃ ᠲᠤᠷᠰᠢᠯᠲᠠ ᠬᠢᠬᠦ ᠶᠠᠪᠤᠴᠠ ᠳᠠᠬᠢ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠪᠤᠶᠤ ᠪᠤᠰᠤᠳ ᠴᠢᠬᠤᠯᠠ ᠶᠡᠭᠡ ᠵᠦᠢᠯᠡᠰ ᠲᠤ ᠮᠤᠵᠢ ᠶᠢᠨ ᠱᠠᠲᠤᠨ ᠤ ᠡᠮᠴᠢᠯᠡᠭᠡᠨ ᠤ ᠪᠠᠲᠤᠯᠠᠭ᠎ᠠ ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠤᠯᠤᠰ ᠤᠨ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠪᠣᠯᠤᠨ ᠡᠳ᠋ ᠤᠨ ᠵᠠᠰᠠᠭ ᠤᠨ ᠶᠠᠮᠤᠨ ᠳᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ ᠃  ︵ᠠᠷᠪᠠᠨ ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ ᠃ ᠡᠯ᠎ᠡ ᠭᠠᠵᠠᠷ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠬᠠᠭᠤᠯᠬᠤ ᠠᠵᠢᠯ ᠢᠶᠠᠨ ᠴᠢᠩᠭᠠᠳᠬᠠᠵᠤ ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠶᠢᠲᠤᠷ ᠬᠢᠵᠦ ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ ᠂ ᠵᠢᠱᠢᠯᠲᠡ ᠶᠢ ᠵᠦᠶ ᠵᠣᠬᠢᠰᠲᠠᠶ ᠬᠥᠲᠥᠯᠥᠨ ᠵᠢᠯᠣᠭᠤᠳᠬᠤ ᠬᠡᠷᠡᠭᠲᠡᠶ ᠃ ᠲᠤᠷᠰᠢᠯᠲᠠ ᠶᠢᠨ ᠴᠡᠭ ᠤᠨ ᠠᠵᠢᠯ ᠢ ᠳᠡᠮᠵᠢᠨ ᠬᠠᠮᠵᠢᠯᠴᠠᠬᠤ ᠡᠯ᠎ᠡ ᠲᠠᠯ᠎ᠠ ᠶᠢᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠵᠤ ᠂ ᠨᠡᠶᠢᠭᠡᠮ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ ᠂ ᠲᠤᠷᠰᠢᠯᠲᠠ ᠶᠢᠨ ᠴᠡᠭ ᠢ ᠤᠷᠤᠭᠰᠢᠲᠠᠶ ᠠᠬᠢᠭᠤᠯᠬᠤ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠃  ᠳᠠᠭᠠᠯᠳᠤᠭᠤᠯᠤᠯ᠄ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠲᠤᠷᠰᠢᠯᠲᠠ ᠶᠢᠨ ᠴᠡᠭ ᠤᠨ ᠬᠤᠲᠠ ᠶᠢᠨ ᠨᠡᠷᠡᠰ  ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ  ᠡᠳ᠋ ᠤᠨ ᠵᠠᠰᠠᠭ ᠤᠨ ᠶᠠᠮᠤᠨ  2020 ᠣᠨ ᠤ 9 ᠳ᠋ᠦ᠋ᠭᠡᠷ ᠰᠠᠷ᠎ᠠ ᠶᠢᠨ 10 ᠤ ᠡᠳᠦᠷ

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号