ᠵᠠᠰᠠᠭ ᠤᠨ ᠣᠷᠳᠣᠨ ᠤ ᠲᠣᠮᠣ ᠠᠵᠢᠯ ᠶᠠᠪᠤᠳᠠᠯ ᠤᠨ ᠲᠡᠮᠳᠡᠭᠯᠡᠯ ( 5 ᠳ᠋ᠤᠭᠠᠷ ᠰᠠᠷ᠎ᠠ ᠶᠢᠨ 16 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ )
ᠨᠡᠶᠢᠲᠡᠯᠡᠭᠰᠡᠨ ᠴᠠᠭ᠄
2024/6/7
   5 ᠳ᠋ᠤᠭᠠᠷ ᠰᠠᠷ᠎ᠠ ᠶᠢᠨ 17 ᠤ ᠡᠳᠦᠷ  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠳᠤᠮᠳᠠᠳᠤ ᠤᠯᠤᠰ ᠤᠨ ᠬᠤᠸᠠ ᠨᠧᠩ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠬᠡᠷᠡᠭ ᠮᠡᠳᠡᠭᠴᠢᠳ ᠤᠨ ᠳᠠᠷᠤᠭ᠎ᠠ ᠸᠧᠨ ᠱᠦ ᠭᠠᠩ ᠲᠠᠢ ᠠᠭᠤᠯᠵᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠨᠠᠷᠢᠨ ᠪᠢᠴᠢᠭ ᠤᠨ ᠳᠠᠷᠤᠭ᠎ᠠ ᠢᠦᠢ ᠯᠢ ᠰᠢᠨ ᠲᠣᠰ ᠠᠭᠤᠯᠵᠠᠯᠲᠠ ᠳᠤ ᠣᠷᠣᠯᠴᠠᠪᠠ ᠃   5 ᠳ᠋ᠤᠭᠠᠷ ᠰᠠᠷ᠎ᠠ ᠶᠢᠨ 19 ᠤ ᠡᠳᠦᠷ  ᠭᠤᠴᠢᠨ ᠳᠥᠷᠪᠡᠳᠡᠬᠢ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠵᠢᠴᠢ ︽ᠶᠡᠭᠡ ᠬᠠᠶᠢᠷ᠎ᠠ ᠶᠢᠨ ᠤᠮᠠᠷᠠᠲᠤ ᠬᠢᠯᠢ  ᠲᠠᠩᠰᠤᠭ ᠠᠮᠢᠳᠤᠷᠠᠯ ︾ ᠭᠡᠬᠦ ᠥᠪᠥᠷ ᠮᠣᠩᠭᠤᠯ ᠤᠨ ᠠᠩᠬᠠᠳᠤᠭᠠᠷ ᠬᠤᠭᠤᠴᠠᠭᠠᠨ ᠤ ᠵᠡᠮᠳᠡᠭᠴᠦᠳ ᠤᠨ ᠤᠷᠠᠯᠢᠭ ᠤᠨ ᠨᠠᠶᠢᠷ ᠬᠥᠬᠡᠬᠤᠲᠠ ᠳᠤ ᠡᠬᠢᠯᠡᠪᠡ ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠵᠢᠯ ᠤᠨ ᠵᠥᠪᠯᠡᠯ ᠤᠨ ᠡᠷᠬᠢᠯᠡᠭᠴᠢ ᠴᠢ᠊ ᠪᠠᠲᠤ ᠡᠬᠢᠯᠡᠯᠲᠡ ᠶᠢᠨ ᠶᠣᠰᠣᠯᠠᠯ ᠳᠤ ᠣᠷᠣᠯᠴᠠᠪᠠ ᠃   5 ᠳ᠋ᠤᠭᠠᠷ ᠰᠠᠷ᠎ᠠ ᠶᠢᠨ 20 ᠤ ᠡᠳᠦᠷ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠬᠥᠬᠡᠬᠤᠲᠠ ᠳᠤ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ ᠃ ᠲᠤᠰ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠣᠪᠴᠢᠶᠠᠨ ᠳᠠᠷᠤᠭ᠎ᠠ ᠴᠧᠨ ᠵᠧᠨ ᠯᠢᠨ ᠲᠠᠢ ᠠᠭᠤᠯᠵᠠᠪᠠ ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ ᠂ ᠳᠠᠶᠢᠴᠢᠨ ᠲᠣᠰ ᠠᠵᠢᠯᠯᠠᠭ᠎ᠠ ᠳᠤ ᠣᠷᠣᠯᠴᠠᠪᠠ ᠃  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠤᠯᠠᠮᠵᠢᠯᠠᠵᠤ ᠂ ᠬᠠᠮᠢᠶ᠎ᠠ ᠪᠦᠬᠦᠢ ᠪᠠᠶᠢᠳᠠᠯ ᠢ ᠨᠡᠪᠲᠡᠷᠡᠭᠦᠯᠦᠨ ᠮᠡᠳᠡᠭᠡᠯᠡᠵᠦ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠥᠸᠧ ᠬᠤᠷᠠᠯ ᠳᠤ ᠣᠷᠣᠯᠴᠠᠪᠠ ᠃  ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶᠠᠨ ᠤ ᠴᠠᠭ ᠠᠭᠤᠷ ᠤᠨ ᠬᠡᠲᠦ ᠪᠣᠳᠣᠯᠲᠠ ᠶᠢᠨ ᠲᠥᠪ ︵ ᠬᠤᠷᠢᠨᠭᠡᠷ ︶ ᠫᠠᠶᠢᠰᠠ ᠰᠡᠬᠦᠵᠦ ᠠᠰᠢᠭᠯᠠᠯᠲᠠ ᠳᠤ ᠣᠷᠣᠪᠠ ᠃ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠣᠪᠴᠢᠶᠠᠨ ᠳᠠᠷᠤᠭ᠎ᠠ ᠴᠧᠨ ᠵᠧᠨ ᠯᠢᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠪᠦᠦ ᠭᠠᠩ ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠲᠣᠰ ᠠᠵᠢᠯᠯᠠᠭ᠎ᠠ ᠳᠤ ᠣᠷᠣᠯᠴᠠᠪᠠ ᠃  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠵᠤ ᠦᠢᠯᠡᠰ ᠪᠣᠰᠬᠠᠬᠤ ᠠᠵᠢᠯ ᠤᠨ ᠲᠧᠯᠸᠢᠰ ᠤᠲᠠᠰᠤᠲᠤ ᠬᠤᠷᠠᠯ ᠢ ᠬᠤᠷᠠᠯᠳᠤᠭᠤᠯᠪᠠ ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠂ ᠪᠦᠦ ᠰᠢᠶᠠᠨ ᠬᠤᠸᠠ ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠠᠷᠤᠭ᠎ᠠ ᠶᠠᠩ ᠵᠢᠶᠧ ᠲᠣᠰ ᠬᠤᠷᠠᠯ ᠳᠤ ᠣᠷᠣᠯᠴᠠᠪᠠ ᠃   5 ᠳ᠋ᠤᠭᠠᠷ ᠰᠠᠷ᠎ᠠ ᠶᠢᠨ 21 ᠤ ᠡᠳᠦᠷ  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠶᠠᠮᠤᠨ ᠤ ᠰᠠᠶᠢᠳ ᠫᠧᠢ ᠶᠢᠨ ᠵᠢᠶᠠ ᠲᠠᠢ ᠠᠭᠤᠯᠵᠠᠪᠠ ᠃  2024 ᠣᠨ ᠤ ᠪᠥᠬᠦ ᠤᠯᠤᠰ ᠤᠨ ᠰᠣᠶᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ ᠬᠥᠳᠡᠭᠡ ᠪᠠᠭᠤᠯᠭᠠᠬᠤ ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪᠯᠡᠷᠡᠭᠦᠯᠦᠨ ᠵᠢᠱᠢᠶ᠎ᠡ ᠦᠵᠡᠭᠦᠯᠬᠦ ᠠᠵᠢᠯᠯᠠᠭ᠎ᠠ ᠵᠢᠴᠢ ᠷᠠᠳᠢᠣ᠋ ᠲᠧᠯᠸᠢᠰ ᠤᠨ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠳᠤ ᠶᠠᠪᠤᠭᠳᠠᠪᠠ ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠳᠡᠳ᠋ ᠲᠣᠪᠴᠢᠶᠠᠨ ᠳᠠᠷᠤᠭ᠎ᠠ ᠳ᠋ᠦᠩ ᠰᠢᠨ ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ ᠃   5 ᠳ᠋ᠤᠭᠠᠷ ᠰᠠᠷ᠎ᠠ ᠶᠢᠨ 22 ᠤᠨ ᠡᠳᠦᠷ ᠠᠴᠠ 23 ᠤ ᠡᠳᠦᠷ  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠣᠭᠤᠮᠲᠠ ᠰᠢᠪᠲᠤᠯᠬᠤ ︾ ᠢᠨᠵᠧᠨᠧᠷᠢᠩ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ ᠂ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠬᠠᠷᠢᠭᠤᠴᠠᠯᠭᠠᠲᠠᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠤ ᠮᠡᠷᠭᠡᠵᠢᠯᠲᠡᠨ ᠡᠷᠳᠡᠮᠲᠡᠨ ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠲᠠᠢ ᠲᠣᠰ ᠲᠣᠰ ᠶᠠᠷᠢᠯᠴᠠᠪᠠ ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ ᠂ ᠪᠦᠦ ᠰᠢᠶᠠᠨ ᠬᠤᠸᠠ ᠂ ᠶᠠᠩ ᠵᠢᠶᠧ ᠂ ᠰᠦᠨ ᠵᠢᠶᠦ᠋ᠨ ᠴᠢᠩ ᠲᠤᠰ ᠲᠤᠰ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ ᠃   5 ᠳ᠋ᠤᠭᠠᠷ ᠰᠠᠷ᠎ᠠ ᠶᠢᠨ 23 ᠤ ᠡᠳᠦᠷ  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠳᠤᠮᠳᠠᠳᠤ ᠤᠯᠤᠰ ᠤᠨ ᠬᠠᠷᠢᠶᠠᠲᠤ ᠨᠠᠷ ᠤᠨ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠡᠷᠢᠭᠦᠯᠡᠭᠴᠢ ᠸᠠᠨ ᠯᠢ ᠵᠢᠶᠦ᠋ᠨ ᠲᠠᠢ ᠠᠭᠤᠯᠵᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠲᠣᠰ ᠠᠭᠤᠯᠵᠠᠯᠲᠠ ᠳᠤ ᠣᠷᠣᠯᠴᠠᠪᠠ ᠃  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ ᠃ ᠬᠤᠷᠠᠯ ᠠᠴᠠ ︽ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠣᠯᠣᠨ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ︾ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠂ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠬᠢᠨᠠᠨ ᠰᠢᠯᠭᠠᠵᠤ ᠦᠨᠡᠯᠡᠨ ᠵᠢᠱᠢᠵᠦ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠂ ᠬᠤᠲᠠ ᠶᠢᠨ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢ ᠰᠢᠨᠡᠳᠬᠡᠨ ᠥᠭᠡᠷᠡᠴᠢᠯᠡᠬᠦ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠣᠯᠠᠨ ᠲᠠᠰ ᠳᠠᠪᠬᠤᠷᠭ᠎ᠠ ᠣᠯᠠᠨ ᠲᠤᠯᠭᠠᠭᠤᠷᠢᠯᠠᠯ ᠪᠦᠬᠦᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠣᠭᠲᠠᠯᠴᠠᠭ᠎ᠠ ᠶᠢ ᠪᠠᠶᠢᠭᠤᠯᠬᠤ ᠰᠠᠨᠠᠯ ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠨ ᠵᠥᠪᠯᠡᠵᠦ ᠪᠠᠲᠤᠯᠠᠪᠠ ᠃ ᠬᠤᠷᠠᠯ ᠠᠴᠠ ᠪᠠᠰᠠ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ ᠤ ᠡᠮ ᠤᠨ ᠵᠦᠢᠯᠡᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ ᠂ ᠵᠠᠰᠠᠭ ᠤᠨ ᠶᠠᠪᠤᠳᠠᠯ ᠢ ᠢᠯᠡ ᠪᠣᠯᠭᠠᠬᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠰᠤᠳᠤᠯᠵᠤ ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠳ᠋ᠠᠶᠢᠲ᠋ᠠ ᠶᠢᠨ ᠬᠠᠮᠢᠶᠠᠷᠤᠯᠲᠠ ᠂ ᠡᠷᠬᠡ ᠣᠯᠭᠤᠭᠰᠠᠨ ᠡᠵᠡᠩᠨᠡᠯᠲᠡ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ᠪᠣᠯᠣᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠤᠨ ᠱᠠᠩᠨᠠᠬᠤ ᠠᠷᠭ᠎ᠠ ᠶᠢ ᠬᠢᠨᠠᠨ ᠵᠥᠪᠯᠡᠵᠦ ᠪᠠᠲᠤᠯᠠᠪᠠ ᠃   5 ᠳ᠋ᠤᠭᠠᠷ ᠰᠠᠷ᠎ᠠ ᠶᠢᠨ 24 ᠤ ᠡᠳᠦᠷ  ᠥᠪᠡᠷᠲᠡᠭᠡᠨ ᠵᠠᠰᠠᠬᠤ ᠣᠷᠣᠨ ᠤ ᠨᠠᠢᠮᠠᠳᠤᠭᠠᠷ ᠤᠳᠠᠭᠠᠨ ᠤ ᠤᠯᠤᠰ ᠲᠤ ᠪᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ ᠪᠦᠯᠢ ᠶᠢᠨ ᠲᠥᠯᠥᠭᠡᠯᠡᠭᠴᠢᠳ ᠤᠨ ᠶᠡᠭᠡ ᠬᠤᠷᠠᠯ ᠬᠥᠬᠡᠬᠤᠲᠠ ᠳᠤ ᠡᠬᠢᠯᠡᠪᠡ ᠃ ᠳᠤᠮᠳᠠᠳᠤ ᠤᠯᠤᠰ ᠤᠨ ᠬᠠᠷᠢᠶᠠᠲᠤ ᠨᠠᠷ ᠤᠨ ᠬᠤᠯᠪᠣᠭᠠᠲᠤ ᠬᠤᠷᠠᠯ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠡᠷᠢᠭᠦᠯᠡᠭᠴᠢ ᠸᠠᠨ ᠯᠢ ᠵᠢᠶᠦ᠋ᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠢ ᠭᠠᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠵᠠᠰᠠᠭ ᠤᠨ ᠣᠷᠳᠣᠨ ᠂ ᠤᠯᠤᠰ ᠲᠥᠷᠥ ᠶᠢᠨ ᠵᠥᠪᠯᠡᠯᠭᠡᠨ ᠤ ᠡᠮᠦᠨ᠎ᠡ ᠠᠴᠠ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠭᠰᠡᠨ ᠪᠥᠭᠡᠳ ᠪᠠᠶᠠᠷ ᠤᠨ ᠦᠭᠡ ᠬᠡᠯᠡᠪᠡ ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠦᠦᠳᠠᠭᠤᠯᠠ ᠂ ᠠᠢ ᠯᠢ ᠬᠤᠸᠠ ᠂ ᠠᠨ ᠷᠦᠨ ᠱᠧᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ ᠃ ᠬᠤᠷᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶᠠᠨ ᠤ ᠬᠤᠯᠪᠣᠭᠳᠠᠯ ᠪᠦᠬᠦᠢ ᠨᠥᠬᠦᠳ ᠠᠷᠠᠳ ᠤᠨ ᠪᠦᠯᠬᠦᠮ ᠢ ᠲᠥᠯᠥᠭᠡᠯᠡᠨ ᠪᠠᠶᠠᠷ ᠤᠨ ᠦᠭᠡ ᠬᠡᠯᠡᠵᠦ ᠂ ᠬᠤᠷᠠᠯ ᠳᠤ ᠣᠷᠣᠯᠴᠠᠭᠰᠠᠳ ᠥᠪᠡᠷᠲᠡᠭᠡᠨ ᠵᠠᠰᠠᠬᠤ ᠣᠷᠣᠨ ᠤ ᠬᠠᠷᠢᠶᠠᠲᠤ ᠨᠠᠷ ᠤᠨ ᠬᠤᠯᠪᠣᠭᠠᠲᠤ ᠬᠤᠷᠠᠯ ᠤᠨ ᠳᠣᠯᠣᠳᠤᠭᠠᠷ ᠬᠤᠭᠤᠴᠠᠭᠠᠨ ᠤ ᠵᠥᠪᠯᠡᠯ ᠤᠨ ᠠᠵᠢᠯ ᠤᠨ ᠮᠡᠳᠡᠭᠦᠯᠦᠯᠲᠡ ᠶᠢ ᠰᠣᠨᠣᠰᠪᠠ ᠃   5 ᠳ᠋ᠤᠭᠠᠷ ᠰᠠᠷ᠎ᠠ ᠶᠢᠨ 27 ᠤ ᠡᠳᠦᠷ  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠳᠤᠮᠳᠠᠳᠤ ᠤᠯᠤᠰ ᠤᠨ ᠬᠥᠬᠡᠮᠥ᠋ᠷᠡᠨ ᠤ ᠭᠤᠷᠪᠠᠨ ᠬᠠᠪᠴᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠬᠡᠷᠡᠭ ᠮᠡᠳᠡᠭᠴᠢᠳ ᠤᠨ ᠳᠠᠷᠤᠭ᠎ᠠ ᠯᠢᠦ ᠸᠧᠢ ᠫᠢᠩ ᠲᠠᠢ ᠠᠭᠤᠯᠵᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠨᠠᠷᠢᠨ ᠪᠢᠴᠢᠭ ᠤᠨ ᠳᠠᠷᠤᠭ᠎ᠠ ᠢᠦᠢ ᠯᠢ ᠰᠢᠨ ᠂ ᠳᠤᠮᠳᠠᠳᠤ ᠤᠯᠤᠰ ᠤᠨ ᠬᠥᠬᠡᠮᠥ᠋ᠷᠡᠨ ᠤ ᠭᠤᠷᠪᠠᠨ ᠬᠠᠪᠴᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠂ ᠶᠡᠷᠦᠩᠬᠡᠢ ᠳᠠᠭᠠᠭᠠᠮᠠᠯ ᠬᠠᠨ ᠵᠢᠶᠦ᠋ᠨ ᠲᠣᠰ ᠠᠭᠤᠯᠵᠠᠯᠲᠠ ᠳᠤ ᠣᠷᠣᠯᠴᠠᠪᠠ ᠃   5 ᠳ᠋ᠤᠭᠠᠷ ᠰᠠᠷ᠎ᠠ ᠶᠢᠨ 28 ᠤ ᠡᠳᠦᠷ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠣᠨ ᠯᠦᠩ ᠵᠢᠢ ᠪᠣᠬᠢᠷᠲᠤᠯ ᠦᠭᠡᠢ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠲᠤ ᠬᠢᠵᠠᠭᠠᠷᠲᠤ ᠺᠣᠮᠫᠠᠨᠢ ᠬᠥᠬᠡᠬᠤᠲᠠ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ ᠲᠣᠬᠢᠷᠠᠯᠴᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠯᠥᠩ ᠵᠢᠢ ᠪᠣᠬᠢᠷᠲᠤᠯ ᠦᠭᠡᠢ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠲᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠵᠠᠬᠢᠷᠤᠭᠴᠢ ᠯᠢ ᠵᠧᠨ ᠭᠦᠸᠧ ᠲᠠᠢ ᠠᠭᠤᠯᠵᠠᠪᠠ ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ ᠂ ᠢᠦᠢ ᠯᠢ ᠰᠢᠨ ᠲᠤᠰ ᠲᠤᠰ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ ᠃  ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠳᠤᠭᠠᠷ ᠬᠤᠷᠠᠯ ᠡᠬᠢᠯᠡᠭᠰᠡᠨ ᠪᠥᠭᠡᠳ ᠠᠩᠬᠠᠳᠤᠭᠠᠷ ᠪᠥᠬᠦᠳᠡ ᠬᠤᠷᠠᠯ ᠬᠢᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠬᠤᠷᠠᠯ ᠢ ᠡᠷᠬᠢᠯᠡᠪᠡ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠤᠤ ᠴᠦᠨ ᠂ ᠳᠡᠳ᠋ ᠡᠷᠬᠢᠯᠡᠭᠴᠢ ᠵᠠᠩ ᠱᠤᠤ ᠴᠦᠨ ᠂ ᠳ᠋ᠤᠸᠠᠨ ᡁᠢ ᠴᠢᠶᠠᠩ ᠂ ᠠᠢ ᠯᠢ ᠬᠤᠸᠠ ᠂ ᠯᠢ ᠪᠢᠩ ᠷᠦᠩ ᠂ ᠦ᠋ ᠶᠠᠨ ᠭᠠᠩ ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠬᠤᠷᠠᠯ ᠳᠤ ᠣᠷᠣᠯᠴᠠᠪᠠ ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠳᠤ ᠰᠤᠯᠠ ᠣᠷᠣᠯᠴᠠᠪᠠ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠂ ᠭᠡᠰᠢᠭᠦᠨ ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠥᠬᠦᠳ ᠂ ᠠᠶᠢᠮᠠᠭ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ ᠂ ᠡᠯ᠎ᠡ ᠲᠣᠭᠤᠷᠢᠭ ᠪᠠᠶᠢᠭᠤᠯᠤᠭᠰᠠᠨ ᠬᠤᠳᠠ ᠂ ᠮᠠᠨᠵᠤᠤᠷ ᠬᠤᠳᠠ ᠂ ᠡᠷᠢᠶᠡᠨ ᠬᠤᠳᠠ ᠂ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠷᠢᠭᠤᠴᠠᠯᠭᠠᠲᠠᠨ ᠨᠥᠬᠦᠳ ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠂ ᠥᠪᠡᠷᠲᠡᠭᠡᠨ ᠵᠠᠰᠠᠬᠤ ᠣᠷᠣᠨ ᠤ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ ᠃   5 ᠳ᠋ᠤᠭᠠᠷ ᠰᠠᠷ᠎ᠠ ᠶᠢᠨ 29 ᠤ ᠡᠳᠦᠷ  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠤᠷᠢᠶᠠᠨ ᠤ ᠬᠤᠷᠠᠯ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠤᠷᠢᠶᠠᠨ ᠤ ᠡᠷᠬᠢᠯᠡᠭᠴᠢ ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ ᠃ ᠬᠤᠷᠠᠯ ᠠᠴᠠ ᠪᠦᠬᠦ ᠤᠯᠤᠰ ᠤᠨ ᠣᠷᠣᠨ ᠨᠤᠲᠤᠭ ᠤᠨ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠠᠯᠪᠠᠨ ᠭᠡᠷ ᠤᠨ ᠡᠷᠬᠢᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠷᠣᠨ ᠤ ᠬᠠᠷᠢᠶ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠲᠣᠭᠤᠷᠢᠨ ᠪᠠᠶᠢᠴᠠᠭᠠᠬᠤ ᠳᠤ ᠬᠠᠷᠢᠭᠤ ᠲᠤᠰᠬᠠᠭᠰᠠᠨ ᠠᠰᠠᠭᠤᠳᠠᠯ ᠤᠨ ᠪᠠᠶᠢᠳᠠᠯ ᠢ ᠨᠡᠪᠲᠡᠷᠡᠭᠦᠯᠦᠨ ᠮᠡᠳᠡᠭᠡᠯᠡᠵᠦ ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ ᠃ ᠬᠤᠷᠠᠯ ᠠᠴᠠ ᠪᠠᠰᠠ ᠪᠥᠬᠦ ᠣᠷᠣᠨ ᠤ ᠮᠥᠩᠭᠦᠨ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ︽ᠠᠰᠢᠭ ᠦᠭᠡᠢ ᠪᠠᠶᠢᠳᠠᠯ ᠢᠶᠠᠨ ᠬᠤᠪᠢᠷᠠᠭᠤᠯᠬᠤ ᠲᠡᠮᠡᠴᠡᠯ ︾ ᠢ ᠰᠠᠶᠢᠲᠤᠷ ᠬᠢᠬᠦ ᠠᠬᠢᠴᠠ ᠶᠢᠨ ᠪᠠᠶᠢᠳᠠᠯ ᠢ ᠲᠣᠬᠢᠷᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠤᠷᠢᠶᠠᠨ ᠤ ᠳᠡᠳ᠋ ᠡᠷᠬᠢᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠪᠠ ᠃   5 ᠳ᠋ᠤᠭᠠᠷ ᠰᠠᠷ᠎ᠠ ᠶᠢᠨ 30 ᠤ ᠡᠳᠦᠷ  ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠳᠤᠭᠠᠷ ᠬᠤᠷᠠᠯ ᠳᠤᠭᠤᠶᠢᠯᠠᠩ ᠬᠠᠮᠲᠤᠷᠠᠭᠰᠠᠨ ᠬᠤᠷᠠᠯ ᠬᠢᠵᠦ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠲᠤᠰᠬᠠᠢ ᠰᠡᠳᠦᠪᠲᠦ ᠯᠠᠪᠯᠠᠨ ᠠᠰᠠᠭᠤᠬᠤ ᠠᠵᠢᠯ ᠥᠷᠨᠢᠭᠦᠯᠪᠡ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠤᠤ ᠴᠦᠨ ᠂ ᠳᠡᠳ᠋ ᠡᠷᠬᠢᠯᠡᠭᠴᠢ ᠵᠠᠩ ᠱᠤᠤ ᠴᠦᠨ ᠂ ᠠᠢ ᠯᠢ ᠬᠤᠸᠠ ᠂ ᠯᠢ ᠪᠢᠩ ᠷᠦᠩ ᠂ ᠦ᠋ ᠶᠠᠨ ᠭᠠᠩ ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠬᠤᠷᠠᠯ ᠳᠤ ᠣᠷᠣᠯᠴᠠᠪᠠ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠳ᠋ᠤᠸᠠᠨ ᡁᠢ ᠴᠢᠶᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠬᠤᠷᠠᠯ ᠳᠤ ᠣᠷᠣᠯᠴᠠᠭᠰᠠᠨ ᠪᠥᠭᠡᠳ ᠣᠪᠣᠷ ᠢᠶᠠᠨ ᠢᠯᠡᠳᠬᠡᠬᠦ ᠦᠭᠡ ᠬᠡᠯᠡᠪᠡ ᠃ ᠳᠤᠭᠤᠶᠢᠯᠠᠩ ᠬᠠᠮᠲᠤᠷᠠᠭᠰᠠᠨ ᠬᠤᠷᠠᠯ ᠳᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠡᠷᠭᠡ 8 ᠬᠥᠮᠥᠨ ᠢᠲᠡᠭᠡᠮᠵᠢ ᠶᠢ ᠰᠡᠷᠭᠦᠭᠡᠬᠦ ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ ᠶᠢᠨ ᠬᠤᠪᠢ ᠬᠤᠷᠠᠮᠳᠤᠭᠤᠯᠬᠤ ᠳᠦᠷᠢᠮ ᠢ ᠳᠡᠯᠭᠡᠷᠡᠭᠦᠯᠦᠨ ᠬᠡᠷᠡᠭᠵᠢᠭᠦᠯᠬᠦ ᠵᠡᠷᠭᠡ ᠠᠭᠤᠯᠭ᠎ᠠ ᠶᠢᠨ ᠲᠣᠭᠤᠷᠢᠨ ᠳᠤ ᠠᠰᠠᠭᠤᠯᠲᠠ ᠠᠰᠠᠭᠤᠨ ᠂ ᠤᠬᠤᠴᠢᠯᠠᠨ ᠠᠰᠠᠭᠤᠵᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠨ ᠯᠠᠪᠯᠠᠨ ᠠᠰᠠᠭᠤᠭᠰᠠᠨ ᠢ ᠬᠠᠷᠢᠭᠤᠯᠪᠠ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号