3 ᠰᠠᠷ᠎ᠠ ᠳᠣᠲᠣᠷ᠎ᠠ 15 ᠵᠢᠯ ᠬᠡᠷᠡᠭᠯᠡᠬᠦ ᠡᠮ ᠬᠤᠳᠠᠯᠳᠤᠨ ᠠᠪᠤᠪᠠ︕ ︽ᠪᠤᠴᠠᠯ ᠡᠮ︾ ᠢᠶᠠᠷ ᠳᠠᠭᠠᠳᠬᠠᠯ ᠢ ᠮᠡᠬᠡᠯᠡᠬᠦ ᠶᠢ ᠬᠡᠷᠬᠢᠨ ᠰᠡᠷᠭᠡᠶᠢᠯᠡᠬᠦ ᠪᠤᠢ︖
ᠨᠡᠶᠢᠲᠡᠯᠡᠭᠰᠡᠨ ᠴᠠᠭ᠄
2024/7/1
  ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠪᠣᠯ ᠠᠷᠠᠳ ᠣᠯᠠᠨ ᠤ ︽ᠡᠪᠡᠳᠴᠢᠨ ᠦᠵᠡᠭᠦᠯᠬᠦ       ᠵᠣᠭᠤᠰ︾ ︽ᠠᠮᠢ ᠠᠪᠤᠷᠠᠬᠤ ᠵᠣᠭᠤᠰ︾ ᠮᠥᠨ᠂ ᠭᠡᠪᠡᠴᠦ ᠬᠡᠮᠵᠢᠶ᠎ᠡ ᠠᠴᠠ ᠬᠡᠲᠦᠷᠡᠭᠦᠯᠦᠨ ᠡᠮ ᠬᠤᠳᠠᠯᠳᠤᠨ ᠠᠪᠤᠭᠠᠳ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠤᠭᠰᠠᠨ ᠬᠡᠷᠡᠭ ᠬᠠᠷᠢᠨ ᠲᠠᠰᠤᠷᠠᠯᠲᠠ ᠦᠭᠡᠢ ᠭᠠᠷᠴᠤ ᠪᠠᠶᠢᠳᠠᠭ᠃ ᠣᠶᠢᠷ᠎ᠠ ᠳᠤ᠂ ᠱᠠᠨᠰᠢ ᠮᠣᠵᠢ ᠶᠢᠨ ᠢᠦᠢ ᠯᠢᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠪᠤᠴᠠᠯ ᠡᠮ︾ ᠢᠶᠠᠷ ᠡᠮᠴᠢᠯᠡᠭᠡᠨ ᠤ ᠳᠠᠭᠠᠳᠬᠠᠯ ᠢ ᠮᠡᠬᠡᠯᠡᠭᠰᠡᠨ ᠳᠤ ᠬᠤᠯᠪᠣᠭᠳᠠᠭᠰᠠᠨ ᠨᠢᠭᠡ ᠬᠡᠷᠡᠭ ᠢ ᠠᠮᠵᠢᠯᠲᠠ ᠲᠠᠢ ᠢᠯᠡᠷᠡᠭᠦᠯᠪᠡ᠃  ᠳᠠᠭᠠᠳᠬᠠᠯ ᠳᠤ ᠣᠷᠣᠯᠴᠠᠭᠴᠢ ᠭᠤᠷᠪᠠᠨ ᠰᠠᠷ᠎ᠠ ᠶᠢᠨ ᠳᠣᠲᠣᠷ᠎ᠠ 15 ᠵᠢᠯ ᠬᠡᠷᠡᠭᠯᠡᠬᠦ ᠡᠮ ᠬᠤᠳᠠᠯᠳᠤᠨ ᠠᠪᠤᠪᠠ  ᠴᠠᠭᠳᠠᠭᠠᠨ ᠤ ᠲᠠᠯ᠎ᠠ ᠶᠢᠨ ᠬᠢᠨ ︽ᠪᠤᠴᠠᠯ ᠡᠮ︾ ᠤᠨ ᠬᠡᠷᠡᠭ ᠢ ᠪᠠᠶᠢᠴᠠᠭᠠᠨ ᠢᠯᠡᠷᠡᠭᠦᠯᠪᠡ  ᠱᠠᠨᠰᠢ ᠮᠣᠵᠢ ᠶᠢᠨ ᠢᠦᠢ ᠯᠢᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠠᠵᠢᠯᠲᠠᠨ ᠡᠳᠦᠷ ᠳᠣᠳᠣᠮ ᠤᠨ ᠲᠣᠭᠤᠷᠢᠨ ᠪᠠᠶᠢᠴᠠᠭᠠᠯᠲᠠ ᠳᠤ᠂ ᠨᠢᠭᠡᠨ ᠤᠵᠢᠭ ᠡᠪᠡᠳᠴᠢᠨ ᠳᠤ ᠨᠡᠷᠪᠡᠭᠳᠡᠭᠰᠡᠨ ᠳᠠᠭᠠᠳᠬᠠᠯ ᠳᠤ ᠣᠷᠣᠯᠴᠠᠭᠰᠠᠳ ᠴᠠᠩ ᠣᠪᠣᠭᠲᠤ᠂ ᠭᠤᠷᠪᠠᠨ ᠰᠠᠷ᠎ᠠ ᠶᠢᠨ ᠳᠣᠲᠣᠷ᠎ᠠ ᠬᠠᠷᠢᠨ 15 ᠵᠢᠯ ᠬᠡᠷᠡᠭᠯᠡᠵᠦ ᠬᠦᠷᠦᠯᠴᠡᠬᠦᠶᠢᠴᠡ ᠡᠮᠨᠡᠨ ᠵᠠᠰᠠᠬᠤ ᠳᠤ ᠬᠡᠷᠡᠭᠯᠡᠬᠦ ᠡᠮ ᠬᠤᠳᠠᠯᠳᠤᠨ ᠠᠪᠤᠭᠰᠠᠨ ᠪᠠᠶᠢᠨ᠎ᠠ᠃ ᠡᠨᠡ ᠨᠢᠭᠡ ᠬᠡᠪ ᠤᠨ ᠪᠣᠰᠣ ᠠᠵᠢᠯᠯᠠᠭ᠎ᠠ ᠳᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠡᠷᠡ ᠳᠠᠷᠤᠢ ᠰᠡᠷᠡᠮᠵᠢ ᠠᠪᠤᠭᠰᠠᠨ ᠪᠠᠶᠢᠨ᠎ᠠ᠃  ᠪᠠᠶᠢᠴᠠᠭᠠᠯᠲᠠ ᠪᠠᠷ ᠳᠠᠮᠵᠢᠭᠠᠳ᠂ ᠴᠠᠩ ᠣᠪᠣᠭᠲᠤ ᠤᠵᠢᠭ ᠪᠥᠭᠡᠷ᠎ᠡ ᠶᠢᠨ ᠴᠢᠳᠠᠮᠵᠢ ᠮᠠᠭᠤᠳᠠᠭᠰᠠᠨ ᠵᠡᠷᠭᠡ ᠡᠪᠡᠳᠴᠢᠨ ᠡᠮᠭᠡᠭ ᠲᠠᠢ᠂ ᠤᠵᠢᠭ ᠡᠪᠡᠳᠴᠢᠨ ᠤ ᠡᠮᠴᠢᠯᠡᠭᠡᠨ ᠤ ᠳᠠᠭᠠᠳᠬᠠᠯ ᠤᠨ ᠲᠠᠩᠰᠠ ᠴᠠᠶᠢᠷᠠᠭᠤᠯᠬᠤ ᠲᠥᠷᠥ ᠶᠢᠨ ᠪᠣᠳᠣᠯᠭ᠎ᠠ ᠶᠢᠨ ᠶᠣᠰᠣᠭᠠᠷ᠂ ᠴᠠᠩ ᠣᠪᠣᠭᠲᠤ ᠶᠢᠨ ᠡᠩ ᠤᠨ ᠡᠮ ᠬᠡᠷᠡᠭᠯᠡᠬᠦ ᠳᠤ ᠡᠮᠴᠢᠯᠡᠭᠡᠨ ᠤ ᠳᠠᠭᠠᠳᠬᠠᠯ ᠤᠨ ᠲᠠᠩᠰᠠ ᠴᠠᠶᠢᠷᠠᠭᠤᠯᠬᠤ ᠬᠠᠷᠢᠴᠠᠯ ᠨᠢ 85% ᠳᠤ ᠬᠥᠷᠪᠡ᠃ ᠡᠨᠡ ᠳᠤᠮᠳᠠ ᠠᠴᠠ ᠴᠠᠩ ᠣᠪᠣᠭᠲᠤ ᠵᠠᠪᠰᠢᠬᠤ ᠲᠣᠬᠢᠶᠠᠯ ᠣᠯᠵᠤ ᠬᠠᠷᠠᠵᠤ᠂ ᠲᠡᠷᠡ ᠡᠮ ᠤᠨ ᠵᠦᠢᠯ ᠢ ᠬᠢᠮᠳᠠ ᠦᠨ᠎ᠡ ᠪᠠᠷ ᠡᠮ ᠤᠨ ᠫᠠᠨᠽᠠᠴᠢᠨ ᠳᠤ ᠬᠤᠳᠠᠯᠳᠤᠨ ᠥᠭᠴᠦ᠂ ᠡᠮ ᠤᠨ ᠫᠠᠨᠽᠠᠴᠢᠨ ᠨᠢ ᠡᠮ ᠤᠨ ᠵᠦᠢᠯ ᠢ ᠵᠠᠬ᠎ᠠ ᠵᠡᠭᠡᠯᠢ ᠳᠤ ᠭᠠᠷᠭᠠᠵᠤ ᠬᠠᠤᠯᠢ ᠪᠤᠰᠤ ᠠᠰᠢᠭ ᠲᠤᠰᠠ ᠶᠢᠨ ᠬᠡᠯᠬᠢᠶ᠎ᠡ ᠬᠤᠯᠪᠣᠭ᠎ᠠ ᠶᠢ ᠪᠥᠷᠢᠯᠳᠦᠭᠦᠯᠦᠭᠰᠡᠨ ᠪᠠᠶᠢᠨ᠎ᠠ᠃  ᠴᠠᠩ ᠣᠪᠣᠭᠲᠤ ᠶᠢᠨ ᠡᠶᠢᠮᠦᠷᠬᠦᠦ ᠬᠡᠷᠡᠭ ᠨᠢ ᠣᠨᠴᠠᠭᠠᠢ ᠵᠢᠱᠢᠶ᠎ᠡ ᠪᠢᠰᠢ᠃ ᠪᠠᠶᠢᠴᠠᠭᠠᠨ ᠲᠣᠳᠣᠯᠠᠬᠤ ᠪᠠᠷ ᠳᠠᠮᠵᠢᠨ ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠢ ᠮᠡᠬᠡᠯᠡᠭᠰᠡᠨ ᠬᠡᠷᠡᠭ ᠢ ᠴᠠᠭᠳᠠᠭᠠᠨ ᠤ ᠲᠠᠯ᠎ᠠ ᠠᠴᠠ ᠣᠯᠵᠤ ᠮᠡᠳᠡᠭᠰᠡᠨ ᠨᠢ᠄  ᠬᠠᠤᠯᠢ ᠪᠤᠰᠤ ᠡᠲᠡᠭᠡᠳ ᠬᠡᠮᠵᠢᠶ᠎ᠡ ᠠᠴᠠ ᠬᠡᠲᠦᠷᠡᠲᠡᠯ᠎ᠡ ᠡᠮ ᠠᠪᠬᠤ ᠪᠠ ᠳᠠᠬᠢᠨ ᠳᠠᠪᠲᠠᠨ ᠡᠮ ᠠᠪᠬᠤ ᠠᠷᠭ᠎ᠠ ᠪᠠᠷᠢᠯ ᠢ ᠠᠰᠢᠭᠯᠠᠨ ᠡᠮ ᠤᠨ ᠵᠦᠢᠯ ᠢ ᠣᠯᠵᠤ᠂ ᠡᠮ ᠤᠨ ᠫᠠᠨᠽᠠᠴᠢᠨ ᠳᠤ ᠬᠤᠳᠠᠯᠳᠤᠵᠤ ᠥᠭᠳᠡᠭ᠃  ᠡᠮ ᠤᠨ ᠫᠠᠨᠽᠠᠴᠢᠨ ᠬᠤᠷᠢᠶᠠᠨ ᠠᠪᠤᠭᠰᠠᠨ ᠤ ᠳᠠᠷᠠᠭ᠎ᠠ ᠲᠣᠣᠷ ᠰᠦᠯᠵᠢᠶ᠎ᠡ ᠪᠠᠷ ᠳᠠᠮᠵᠢᠨ ᠬᠢᠮᠳᠠ ᠦᠨ᠎ᠡ ᠪᠠᠷ ᠪᠣᠷᠣᠯᠠᠭᠤᠯᠵᠤ ᠵᠣᠭᠤᠰ ᠣᠯᠳᠠᠭ᠃  ︽ᠪᠤᠴᠠᠯ ᠡᠮ︾ ᠢ ᠪᠣᠷᠣᠯᠠᠭᠤᠯᠬᠤ ᠡᠶᠢᠮᠦᠷᠬᠦᠦ ᠦᠢᠯᠡ ᠠᠵᠢᠯᠯᠠᠭ᠎ᠠ ᠨᠢ᠂ ᠠᠷᠠᠳ ᠣᠯᠠᠨ ᠤ ᠠᠮᠢ ᠠᠪᠤᠷᠠᠬᠤ ᠳᠤ ᠬᠡᠷᠡᠭᠯᠡᠬᠦ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠠᠤᠯᠢ ᠪᠤᠰᠤ ᠡᠲᠡᠭᠡᠳ ᠲᠤ ᠬᠥᠨᠥᠭᠡᠨ ᠰᠦᠢᠳᠬᠡᠭᠳᠡᠭᠰᠡᠨ ᠪᠠᠶᠢᠨ᠎ᠠ᠃  ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ︽ᠮᠥᠷᠳᠡᠬᠦ ᠺᠣᠳ᠋︾ ᠤᠨ ᠲᠣᠭᠠᠴᠠᠭ᠎ᠠ ᠬᠢᠬᠦ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠪᠠ  ︽ᠬᠡᠮᠵᠢᠶ᠎ᠡ ᠠᠴᠠ ᠬᠡᠲᠦᠷᠡᠭᠦᠯᠦᠨ ᠡᠮ ᠬᠤᠳᠠᠯᠳᠤᠨ ᠠᠪᠬᠤ︾ ᠶᠢ ᠡᠬᠢ ᠡᠭᠦᠰᠦᠯ ᠠᠴᠠ ᠨᠢ ᠡᠷᠡᠰ ᠬᠤᠷᠢᠭᠯᠠᠪᠠ  ︽ᠬᠡᠮᠵᠢᠶ᠎ᠡ ᠠᠴᠠ ᠬᠡᠲᠦᠷᠡᠭᠦᠯᠦᠨ ᠡᠮ ᠬᠤᠳᠠᠯᠳᠤᠨ ᠠᠪᠬᠤ︾ ᠦᠵᠡᠭᠳᠡᠯ ᠢ ᠡᠬᠢ ᠡᠭᠦᠰᠦᠯ ᠠᠴᠠ ᠨᠢ ᠬᠤᠷᠢᠭᠯᠠᠬᠤ ᠶᠢᠨ ᠲᠥᠯᠥᠭᠡ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠡᠮ ᠤᠨ ᠵᠦᠢᠯ ᠤᠨ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠤᠳᠤᠬᠤ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠪᠥᠬᠦ ᠤᠯᠤᠰ ᠤᠨ ᠬᠡᠪᠴᠢᠶᠡᠨ ᠳᠤ ᠲᠣᠮᠣ ᠳ᠋ᠠᠶᠢᠲ᠋ᠠ ᠶᠢᠨ ᠬᠢᠨᠠᠯᠲᠠ ᠬᠠᠮᠢᠶᠠᠷᠤᠯᠲᠠ ᠶᠢᠨ ᠲᠤᠷᠰᠢᠯᠲᠠ ᠶᠢᠨ ᠴᠡᠭ ᠢ ᠥᠷᠨᠢᠭᠦᠯᠪᠡ᠃ ᠱᠠᠨᠰᠢ ᠶᠢᠨ ᠢᠦᠢ ᠯᠢᠨ ᠬᠤᠲᠠ ᠲᠤᠷᠰᠢᠯᠲᠠ ᠶᠢᠨ ᠬᠤᠲᠠ ᠪᠣᠯᠤᠭᠰᠠᠨ ᠤ ᠬᠤᠪᠢ ᠳᠤ᠂ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠨ ᠴᠡᠭ ᠲᠣᠭᠲᠠᠭᠠᠭᠰᠠᠨ ᠡᠮ ᠤᠨ ᠳᠡᠯᠭᠡᠭᠦᠷ ᠲᠤ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ︽ᠮᠥᠷᠳᠡᠬᠦ ᠺᠣᠳ᠋︾ ᠢ ᠳᠡᠯᠭᠡᠷᠡᠭᠦᠯᠦᠨ ᠬᠡᠷᠡᠭᠯᠡᠪᠡ᠃  ᠡᠨᠡ ᠬᠦ ᠬᠢᠨᠠᠯᠲᠠ ᠬᠠᠮᠢᠶᠠᠷᠤᠯᠲᠠ ᠶᠢᠨ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠳᠤ᠂ ᠮᠥᠷᠳᠡᠬᠦ ᠺᠣᠳ᠋ ᠬᠢᠭᠡᠳ ᠲᠠᠸᠠᠷ ᠤᠨ ᠺᠣᠳ᠋ ᠢ ᠨᠢᠭᠡᠳᠬᠡᠬᠦ ᠶᠢ ᠪᠡᠶᠡᠯᠡᠭᠦᠯᠬᠦ ᠪᠠᠷ ᠳᠠᠮᠵᠢᠭᠤᠯᠤᠨ᠂ ᠡᠮ ᠤᠨ ᠵᠦᠢᠯ ᠢ ᠳ᠋ᠦᠩᠨᠡᠨ ᠪᠤᠳᠤᠬᠤ ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠭᠤᠭᠴᠤᠭ᠎ᠠ ᠳᠤ ᠠᠯᠪᠠᠳᠠᠯᠭ᠎ᠠ ᠪᠠᠷ ᠺᠣᠳ᠋ ᠰᠢᠷᠪᠢᠵᠦ᠂ ᠡᠮ ᠥᠭᠬᠦ ᠪᠠᠶᠢᠭᠤᠯᠤᠮᠵᠢ᠂ ᠡᠮ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ᠂ ᠡᠮ ᠬᠤᠳᠠᠯᠳᠤᠨ ᠠᠪᠤᠭᠰᠠᠨ ᠦᠶᠡᠯᠡᠯ ᠤᠨ ᠬᠤᠭᠤᠴᠠᠭ᠎ᠠ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ ᠪᠦᠲᠦᠮᠵᠢᠲᠡᠶ ᠡᠵᠡᠮᠳᠡᠪᠡ᠃  ᠡᠮ ᠤᠨ ᠳᠡᠯᠭᠡᠭᠦᠷ ᠤᠨ ᠪᠣᠷᠣᠯᠠᠭᠤᠯᠤᠯᠲᠠ ᠶᠢᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠳᠠᠭᠠᠳᠬᠠᠯ ᠳᠤ ᠣᠷᠣᠯᠴᠠᠭᠴᠢ ᠢᠦᠢ ᠯᠢᠨ ᠬᠤᠲᠠ ᠶᠢᠨ ᠠᠯᠢ ᠨᠢᠭᠡᠨ ᠡᠮ ᠤᠨ ᠳᠡᠯᠭᠡᠭᠦᠷ ᠲᠤ ᠤᠷᠢᠳᠴᠢᠯᠠᠨ ᠪᠤᠶᠤ ᠬᠡᠮᠵᠢᠶᠡᠨ ᠠᠴᠠ ᠬᠡᠲᠦᠷᠡᠭᠦᠯᠦᠨ ᠡᠮ ᠬᠤᠳᠠᠯᠳᠤᠨ ᠠᠪᠤᠪᠠᠯ᠂ ᠰᠢᠰᠲ᠋ᠧᠮ ᠠᠴᠠ ᠴᠠᠭ ᠲᠤᠬᠠᠢ ᠳᠤᠨᠢ ᠰᠡᠷᠡᠮᠵᠢ ᠶᠢᠨ ᠳᠣᠬᠢᠶ᠎ᠠ ᠥᠭᠬᠦ ᠪᠣᠯᠣᠨ᠎ᠠ ᠃  6 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ᠂ ᠢᠦᠢ ᠯᠢᠨ ᠬᠤᠲᠠ ᠶᠢᠨ 81 ᠡᠷᠦᠬᠡ ᠤᠵᠢᠭ ᠣᠨᠴᠠ ᠡᠪᠡᠳᠴᠢᠨ ᠤ ᠡᠮ ᠤᠨ ᠳᠡᠯᠭᠡᠭᠦᠷ ᠤᠨ ︽ᠮᠥᠷᠳᠡᠬᠦ ᠺᠣᠳ᠋︾ ᠤᠨ ᠬᠠᠮᠢᠶᠠᠷᠤᠨ ᠡᠵᠡᠮᠳᠡᠬᠦ ᠰᠢᠰᠲ᠋ᠧᠮ 203 ᠲᠦᠮᠡᠨ ᠳ᠋ᠠᠶᠢᠲ᠋ᠠ ᠶᠢ ᠬᠠᠷᠢᠴᠠᠭᠤᠯᠵᠤ᠂ ᠠᠳᠠᠯᠢ ᠨᠢᠭᠡᠨ ᠡᠮ ᠤᠨ ᠵᠦᠢᠯ ᠢ ᠳᠠᠬᠢᠨᠲᠠ ᠲᠣᠭᠠᠴᠠᠭ᠎ᠠ ᠬᠢᠬᠦ ᠶᠢ 14057 ᠤᠳᠠᠭ᠎ᠠ ᠬᠤᠷᠢᠭᠯᠠᠵᠤ᠂ ᠬᠤᠯᠪᠣᠭᠳᠠᠭᠰᠠᠨ ᠰᠦᠢᠳᠭᠡᠯ ᠨᠢ 126.29 ᠲᠦᠮᠡᠨ ᠲᠥᠭᠦᠷᠢᠭ ᠲᠤ ᠬᠦᠷᠴᠡᠢ᠃  ᠣᠶᠢᠯᠠᠭᠠᠭᠰᠠᠨ ᠢᠶᠠᠷ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠠᠭ ︽ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠢ ᠰᠠᠷᠢᠭᠠᠯᠠᠨ ᠬᠤᠳᠠᠯᠳᠤᠬᠤ︾ ᠲᠣᠮᠣ ᠳ᠋ᠠᠶᠢᠲ᠋ᠠ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠢᠳᠡᠪᠬᠢᠲᠡᠶ ᠪᠠᠷ ᠰᠦᠪᠡᠭᠴᠢᠯᠡᠨ ᠨᠡᠭᠡᠭᠡᠨ ᠬᠥᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠣᠶᠤᠨᠴᠢ ᠬᠢᠨᠠᠨ ᠡᠵᠡᠮᠳᠡᠬᠦ ᠰᠢᠰᠲ᠋ᠧᠮ ᠤᠨ ᠣᠶᠤᠨᠴᠢ ᠰᠠᠨᠠᠭᠤᠯᠤᠮᠵᠢ ᠶᠢᠨ ᠴᠢᠳᠠᠮᠵᠢ ᠶᠢ ᠲᠡᠭᠦᠯᠳᠡᠷᠵᠢᠭᠦᠯᠦᠨ᠂ ᠠᠳᠠᠯᠢ ᠪᠤᠰᠤ ᠡᠮᠨᠡᠯᠭᠡ ᠶᠢᠨ ᠬᠤᠷᠢᠶ᠎ᠠ ᠶᠢᠨ ᠬᠤᠭᠤᠷᠣᠨᠳᠣ ᠡᠭᠡᠯᠵᠢᠯᠡᠨ ᠡᠮ ᠠᠪᠬᠤ᠂ ᠡᠮ ᠤᠨ ᠵᠦᠢᠯ ᠢ ᠢᠯᠡᠭᠦᠦ ᠠᠪᠴᠤ ᠠᠰᠢᠭ ᠤᠯᠬᠤ ᠦᠵᠡᠭᠳᠡᠯ ᠢ ᠡᠷᠡᠰ ᠬᠤᠷᠢᠭᠯᠠᠨ᠎ᠠ᠃ ᠤᠲᠤᠬᠠᠨ ᠳᠤ᠂ ᠪᠦᠭᠦ ᠤᠯᠤᠰ ᠤᠨ ᠪᠠᠷᠤᠭ ᠬᠠᠭᠠᠰ ᠰᠢᠬᠠᠭᠤ ᠮᠤᠵᠢ ᠳᠤ ᠬᠡᠪ ᠤᠨ ᠪᠤᠰᠤ ᠡᠮ ᠠᠪᠤᠭᠰᠠᠨ ᠢ ᠰᠠᠨᠠᠭᠤᠯᠬᠤ ᠠᠵᠢᠯ ᠢ ᠡᠬᠢᠯᠡᠭᠦᠯᠵᠦ᠂ ᠪᠡᠬᠡᠵᠢᠩ᠂ ᠲᠢᠶᠠᠨᠵᠢᠨ᠂ ᠨᠢᠩᠰᠢᠶᠠ ᠵᠡᠷᠬᠡ ᠭᠠᠵᠠᠷ ᠳᠤ ᠦᠨᠳᠦᠰᠦᠨ ᠳᠤ ᠪᠠᠨ ᠪᠦᠬᠦᠨ ᠢ ᠬᠠᠮᠤᠷᠤᠭᠰᠠᠨ ᠪᠠᠶᠢᠨ᠎ᠠ᠃  ᠡᠮ ᠬᠡᠷᠡᠭᠯᠡᠬᠦ ᠠᠮᠤᠷ ᠲᠦᠪᠰᠢᠨ ᠢ ᠤᠮᠳᠤᠭᠠᠶᠢᠯᠠᠵᠤ ᠪᠣᠯᠬᠤ ᠦᠭᠡᠢ  ︽ᠪᠤᠴᠠᠯ ᠡᠮ︾ ᠢ ᠰᠢᠭᠤᠳ ᠪᠤᠶᠤ ᠳᠠᠮ ᠢᠶᠠᠷ ᠲᠤᠰᠠᠯᠠᠨ ᠪᠣᠷᠣᠯᠠᠭᠤᠯᠬᠤ ᠨᠢ ᠴᠥᠮ ᠳᠠᠭᠠᠳᠬᠠᠯ ᠢ ᠮᠡᠬᠡᠯᠡᠭᠰᠡᠨ ᠶᠠᠪᠤᠳᠠᠯ ᠳᠤ ᠬᠤᠯᠪᠣᠭᠳᠠᠨ᠎ᠠ  ︽ᠪᠤᠴᠠᠯ ᠡᠮ︾ ᠨᠢ ᠡᠮ ᠵᠦᠢᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠢᠶᠠᠷ ᠪᠠᠷᠠᠬᠤ ᠦᠭᠡᠶ ᠡᠮ ᠬᠡᠷᠡᠭᠯᠡᠬᠦ ᠠᠮᠤᠷ ᠲᠦᠪᠰᠢᠨ ᠳᠤ ᠨᠡᠩ ᠶᠡᠭᠡ ᠰᠦᠷᠳᠡᠭᠦᠯᠦᠯ ᠪᠣᠯᠤᠭᠰᠠᠨ ᠪᠠᠶᠢᠨ᠎ᠠ᠃   ᠡᠮ ᠤᠨ ᠫᠠᠨᠽᠠᠴᠢᠨ ᠤ ᠬᠤᠳᠠᠯᠳᠤᠨ ᠠᠪᠤᠭᠰᠠᠨ ︽ᠪᠤᠴᠠᠯ ᠡᠮ︾ ᠳᠤ ᠶᠡᠭᠡ ᠬᠡᠮᠵᠢᠶᠡᠨ ᠤ ᠦᠮᠡᠨ ᠢ ᠡᠰᠡᠷᠭᠦᠴᠡᠬᠦ ᠡᠮ᠂ ᠬᠠᠷᠠᠯᠲᠠᠲᠦ ᠡᠮ ᠵᠡᠷᠭᠡ ᠪᠠᠶᠢᠳᠠᠭ᠃ ᠵᠠᠷᠢᠮ ᠡᠮ ᠵᠢᠱᠢᠶᠡᠯᠡᠪᠡᠯ ᠨᠣᠶᠢᠷ ᠤᠨ ᠠᠷᠠᠯ ᠤᠨ ᠡᠳ᠋ ᠪᠠ ᠬᠤᠣᠰ ᠰᠠᠯᠠᠭᠠᠲᠤ ᠰᠠᠪᠬᠠᠨᠴᠢᠷ ᠪᠠᠺᠲ᠋ᠧᠷᠢ ᠶᠢᠨ ᠠᠮᠢᠳᠤ ᠪᠠᠺᠲ᠋ᠧᠷᠢ ᠶᠢᠨ ᠬᠤᠮᠵᠢᠶ᠎ᠠ ᠵᠡᠷᠭᠡ ᠶᠢ ᠣᠨᠴᠠᠭᠠᠢ ᠬᠠᠳᠠᠭᠠᠯᠠᠬᠤ ᠨᠥᠬᠦᠴᠡᠯ ᠳᠤ ᠬᠠᠳᠠᠭᠠᠯᠠᠬᠤ ᠬᠡᠷᠡᠭᠲᠡᠢ᠂ ᠬᠡᠷᠪᠡ ᠬᠠᠳᠠᠭᠠᠯᠠᠬᠤ ᠨᠥᠬᠦᠴᠡᠯ ᠨᠢ ᠪᠠᠷᠢᠮᠵᠢᠶ᠎ᠠ ᠳᠤ ᠬᠦᠷᠬᠦ ᠦᠭᠡᠢ ᠪᠣᠯ ᠡᠮ ᠤᠨ ᠶᠠᠰᠤ ᠴᠢᠨᠠᠷ ᠪᠣᠯᠤᠨ ᠦᠷ᠎ᠡ ᠳ᠋ᠦᠩ ᠨᠢ ᠨᠥᠯᠥᠭᠡᠯᠡᠭᠳᠡᠬᠦ ᠪᠣᠯᠤᠨ᠎ᠠ᠃  ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠢᠨᠠᠨ ᠬᠠᠮᠢᠶᠠᠷᠬᠤ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠵᠠᠷᠢᠮ ᠡᠮ ᠤᠨ ᠫᠠᠨᠽᠠᠴᠢᠨ ᠵᠢᠩᠬᠢᠨᠢ ᠡᠮ ᠤᠨ ᠬᠠᠶᠢᠷᠴᠠᠭ ᠲᠤ ᠬᠠᠭᠤᠷᠮᠠᠭ ᠡᠮ ᠰᠠᠪᠠᠯᠠᠬᠤ ᠪᠤᠶᠤ ᠬᠤᠭᠤᠴᠠᠭ᠎ᠠ ᠬᠡᠲᠦᠷᠡᠭᠰᠡᠨ ᠡᠮ ᠤᠨ ᠵᠦᠢᠯ ᠢ ᠰᠢᠨ᠎ᠡ ᠡᠮ ᠤᠨ ᠬᠠᠶᠢᠷᠴᠠᠭ ᠲᠤ ᠬᠢᠳᠡᠭ᠃ ᠡᠪᠡᠳᠴᠢᠲᠡᠨ ᠵᠥᠪᠬᠡᠨ ᠡᠮ ᠤᠨ ᠬᠠᠶᠢᠷᠴᠠᠭ ᠳᠡᠭᠡᠷᠡᠬᠢ ᠰᠢᠨ᠎ᠡ ᠡᠳᠦᠷ ᠰᠠᠷ᠎ᠠ ᠶᠢ ᠯᠠ ᠣᠯᠵᠤ ᠦᠵᠡᠵᠦ᠂ ᠬᠠᠷᠢᠨ ᠬᠤᠭᠤᠴᠠᠭ᠎ᠠ ᠬᠡᠲᠦᠷᠡᠭᠰᠡᠨ ᠡᠮ ᠠᠪᠤᠭᠰᠠᠨ ᠭᠡᠳᠡᠭ ᠢᠶᠠᠨ ᠮᠡᠳᠡᠬᠦ ᠦᠭᠡᠢ ᠪᠠᠶᠢᠳᠠᠭ᠃  ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ︽ᠪᠤᠴᠠᠯ ᠡᠮ︾ ᠢ ᠰᠢᠭᠤᠳ ᠪᠤᠶᠤ ᠳᠠᠮ ᠢᠶᠠᠷ ᠬᠠᠪᠰᠤᠷᠤᠨ ᠪᠣᠷᠣᠯᠠᠭᠤᠯᠬᠤ ᠨᠢ ᠴᠥᠮ ᠳᠠᠭᠠᠳᠬᠠᠯ ᠢ ᠬᠢᠬᠠᠨ ᠮᠡᠬᠡᠯᠡᠭᠰᠡᠨ ᠠᠵᠢᠯᠯᠠᠭ᠎ᠠ ᠪᠣᠯᠣᠨ᠎ᠠ ᠭᠡᠵᠦ ᠲᠣᠳᠣᠷᠬᠠᠢ ᠢᠯᠡᠷᠬᠡᠢᠯᠡᠪᠡ᠃  ᠡᠨᠡ ᠵᠢᠯ ᠤᠨ 2 ᠳ᠋ᠤᠭᠠᠷ ᠰᠠᠷ᠎ᠠ ᠳᠤ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠡᠮᠴᠢᠯᠡᠭᠡᠨ ᠤ ᠳᠠᠭᠠᠳᠬᠠᠯ ᠢ ᠮᠡᠬᠡᠯᠡᠨ ᠠᠪᠤᠭᠰᠠᠨ ᠡᠷᠡᠭᠦᠦ ᠶᠢᠨ ᠬᠡᠷᠡᠭ ᠤᠳ ᠢ ᠰᠢᠢᠳᠪᠦᠷᠢᠯᠡᠬᠦ ᠠᠰᠠᠭᠤᠳᠠᠯ ᠤᠳ ᠤᠨ ᠲᠤᠬᠠᠶ ᠵᠢᠯᠣᠭᠤᠳᠬᠤ ᠰᠠᠨᠠᠯ︾ ᠳᠤ ᠲᠣᠳᠣᠷᠬᠠᠶ ᠵᠢᠭᠠᠵᠤ ᠭᠠᠷᠭᠠᠭᠰᠠᠨ ᠨᠢ᠄  ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠢ ᠮᠡᠬᠡᠯᠡᠨ ᠠᠪᠤᠭᠰᠠᠨ ᠡᠮ ᠤᠨ ᠵᠦᠢᠯ ᠭᠡᠰᠡᠨ ᠢ ᠮᠡᠳᠡᠵᠦ ᠪᠠᠶᠢᠭᠠᠳ᠂ ᠬᠠᠤᠯᠢ ᠪᠤᠰᠤ ᠪᠠᠷ ᠬᠤᠳᠠᠯᠳᠤᠨ ᠠᠪᠴᠤ᠂ ᠪᠣᠷᠣᠯᠠᠭᠤᠯᠤᠭᠰᠠᠨ ᠢ ᠶᠠᠯ᠎ᠠ ᠬᠢᠵᠦ ᠣᠯᠣᠭᠰᠠᠨ ᠢᠶᠠᠨ ᠨᠢᠭᠤᠵᠤ ᠳᠠᠷᠤᠭᠰᠠᠨ ᠶᠠᠯ᠎ᠠ ᠪᠠᠷ ᠰᠢᠢᠳᠬᠡᠨ᠎ᠡ︔  ᠪᠤᠰᠤᠳ ᠢ ᠵᠢᠭᠠᠨ ᠲᠤᠬᠢᠵᠤ ᠪᠠᠶᠢᠭᠠᠳ ᠡᠮᠴᠢᠯᠡᠭᠡᠨ ᠤ ᠳᠠᠭᠠᠳᠬᠠᠯ ᠢ ᠠᠰᠢᠭᠯᠠᠨ ᠳᠠᠭᠠᠳᠬᠠᠯ ᠢ ᠮᠡᠬᠡᠯᠡᠨ ᠡᠮ ᠤᠨ ᠵᠦᠢᠯ ᠬᠤᠳᠠᠯᠳᠤᠨ ᠠᠪᠤᠭᠤᠯᠤᠭᠠᠳ ᠬᠠᠤᠯᠢ ᠪᠤᠰᠤ ᠪᠠᠷ ᠬᠤᠳᠠᠯᠳᠤᠨ ᠠᠪᠴᠤ᠂ ᠪᠣᠷᠣᠯᠠᠭᠤᠯᠤᠭᠰᠠᠨ ᠢ ᠬᠢᠬᠠᠨ ᠮᠡᠭᠡᠯᠡᠭᠰᠡᠨ ᠶᠠᠯ᠎ᠠ ᠪᠠᠷ ᠰᠢᠢᠳᠭᠡᠨ᠎ᠡ︔  ᠳᠠᠭᠠᠳᠬᠠᠯ ᠳᠤ ᠣᠷᠣᠯᠴᠠᠭᠴᠢ ᠡᠮ ᠤᠨ ᠵᠦᠢᠯ ᠢ ᠰᠢᠯᠵᠢᠭᠦᠯᠦᠨ ᠬᠤᠳᠠᠯᠳᠤᠪᠠᠯ ᠡᠮᠴᠢᠯᠡᠭᠡᠨ ᠤ ᠳᠠᠭᠠᠳᠬᠠᠯ ᠢ ᠬᠡᠷᠡᠭᠯᠡᠵᠦ ᠪᠣᠯᠬᠤ ᠦᠭᠡᠢ ᠰᠢᠢᠳᠬᠡᠯ ᠳᠤ ᠲᠤᠯᠭᠠᠷᠠᠵᠤ ᠮᠡᠳᠡᠬᠦ ᠪᠥᠭᠡᠳ ᠴᠢᠨᠠᠭᠰᠢᠯᠠᠪᠠᠯ ᠠᠳᠠᠯᠢᠬᠠᠨ ᠮᠡᠬᠡᠯᠡᠭᠰᠡᠨ ᠶᠠᠯ᠎ᠠ ᠪᠣᠯᠵᠤ ᠮᠡᠳᠡᠨ᠎ᠡ᠃  ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠵᠤᠷᠭᠠᠨ ᠤ ᠬᠢᠨᠠᠨ ᠬᠠᠮᠢᠶᠠᠷᠬᠤ ᠬᠤᠶᠠᠳᠤᠭᠠᠷ ᠭᠠᠵᠠᠷ ᠤᠨ ᠳᠠᠷᠤᠭ᠎ᠠ ᠶᠠᠩ ᠯᠢᠩ ᠵᠢᠭᠠᠵᠤ ᠭᠠᠷᠭᠠᠭᠰᠠᠨ ᠨᠢ᠂ ᠬᠤᠪᠢ ᠬᠥᠮᠦᠨ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠢ ᠠᠰᠢᠭᠯᠠᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠮᠡᠬᠡᠯᠡᠨ ᠠᠪᠴᠤ᠂ ᠡᠮ ᠤᠨ ᠵᠦᠢᠯ ᠢ ᠰᠢᠯᠵᠢᠭᠦᠯᠦᠨ ᠬᠤᠳᠠᠯᠳᠤᠭᠰᠠᠨ ᠪᠤᠶᠤ ᠬᠠᠤᠯᠢ ᠪᠤᠰᠤ ᠪᠠᠷ ᠠᠰᠢᠭ ᠬᠦᠷᠲᠡᠭᠰᠡᠨ ᠪᠣᠯ᠂ ᠡᠮᠴᠢᠯᠡᠭᠡᠨ ᠤ ᠳᠠᠭᠠᠳᠬᠠᠯ ᠤᠨ ᠰᠦᠯᠵᠢᠶ᠎ᠡ ᠪᠠᠷ ᠳ᠋ᠦᠩᠨᠡᠨ ᠪᠤᠳᠤᠬᠤ ᠶᠢ 3 ᠠᠴᠠ 12 ᠰᠠᠷ᠎ᠠ ᠲᠦᠷ ᠵᠣᠭᠰᠣᠭᠠᠬᠤ ᠶᠢᠨ ᠬᠠᠮᠲᠤ ᠳᠠᠭᠠᠳᠬᠠᠯ ᠢ ᠮᠡᠬᠡᠯᠡᠭᠰᠡᠨ ᠵᠣᠭᠤᠰ ᠤᠨ ᠲᠤᠭ᠎ᠠ ᠶᠢᠨ 2 ᠠᠴᠠ 5 ᠳᠠᠬᠢᠨ ᠵᠣᠭᠤᠰ ᠢᠶᠠᠷ ᠲᠣᠷᠭᠠᠵᠤ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠬᠢᠬᠠᠨ ᠮᠡᠬᠡᠯᠡᠭᠰᠡᠨ ᠶᠠᠯ᠎ᠠ ᠪᠣᠯᠵᠣ ᠮᠡᠳᠡᠨ᠎ᠡ᠃  ᠲᠦᠷᠦᠭᠦᠬᠡᠨ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠵᠢᠷᠭᠤᠭᠠᠨ ᠰᠠᠯᠠᠭ᠎ᠠ ᠮᠥᠴᠢᠷ ᠬᠠᠮᠲᠤᠷᠠᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠪᠠ᠃ ᠣᠯᠠᠨ ᠢᠶᠠᠷ ᠢᠶᠠᠨ ᠡᠶᠢᠮᠦᠷᠬᠦᠦ ᠠᠵᠢᠯᠯᠠᠭ᠎ᠠ ᠶᠢ ᠣᠯᠵᠤ ᠮᠡᠳᠡᠪᠡᠯ᠂ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠠᠴᠠ ᠳᠠᠭᠠᠳᠬᠠᠯ ᠢ ᠮᠡᠬᠡᠯᠡᠨ ᠠᠪᠬᠤ ᠠᠵᠢᠯᠯᠠᠭ᠎ᠠ ᠳᠤ ᠴᠣᠬᠢᠯᠲᠠ ᠥᠭᠴᠦ ᠢᠯᠡᠴᠢᠯᠡᠨ ᠮᠡᠳᠡᠭᠦᠯᠬᠦ ᠤᠲᠠᠰᠤᠨ ᠳᠤ ᠤᠲᠠᠰᠤᠳᠠᠬᠤ ᠪᠤᠶᠤ ᠲᠤᠬᠠᠶ ᠶᠢᠨ ᠭᠠᠵᠠᠷ ᠤᠨ ᠡᠮᠴᠢᠯᠡᠭᠡᠨ ᠤ ᠪᠠᠳᠤᠯᠠᠭ᠎ᠠ ᠶᠢᠨ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠵᠦ᠂ ᠡᠮᠴᠢᠯᠡᠭᠡᠨ ᠤ ᠪᠠᠳᠤᠯᠠᠭ᠎ᠠ ᠶᠢᠨ ᠰᠠᠯᠠᠭ᠎ᠠ ᠮᠥᠴᠢᠷ ᠠᠴᠠ ᠢᠯᠡᠴᠢᠯᠡᠨ ᠮᠡᠳᠡᠭᠦᠯᠦᠭᠰᠡᠨ ᠪᠠᠶᠢᠳᠠᠯ ᠢ ᠨᠢ ᠦᠵᠡᠵᠦ ᠪᠠᠶᠢᠭᠠᠳ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠤᠨ ᠱᠠᠩᠨᠠᠯ       ᠣᠯᠭᠤᠨ᠎ᠠ᠃  ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠰᠠᠨᠠᠭᠤᠯᠬᠤ ᠨᠢ᠄ ᠳᠠᠭᠠᠳᠬᠠᠯ ᠳᠤ ᠣᠷᠣᠯᠴᠠᠭᠰᠠᠳ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠢᠷᠡᠯᠲᠡ ᠨᠢ ᠲᠣᠳᠣᠷᠬᠠᠢ ᠦᠭᠡᠢ᠂ ᠪᠣᠭᠤᠳᠠᠯ ᠨᠢ ᠡᠪᠳᠡᠷᠡᠭᠰᠡᠨ ᠡᠮ ᠤᠨ ᠵᠦᠢᠯ ᠢ ᠬᠤᠳᠠᠯᠳᠤᠨ ᠠᠪᠴᠤ ᠪᠣᠯᠬᠤ ᠦᠭᠡᠢ᠂ ᠨᠡᠩ ᠴᠤ ᠭᠠᠷ ᠲᠠᠬᠢ ︽ᠠᠮᠢ ᠠᠪᠤᠷᠠᠬᠤ ᠡᠮ︾ ᠢᠶᠠᠨ ᠡᠮ ᠤᠨ ᠫᠠᠨᠽᠠᠴᠢᠨ ᠤ ᠬᠠᠤᠯᠢ ᠪᠤᠰᠤ ᠪᠠᠷ ᠠᠰᠢᠭ ᠣᠯᠬᠤ ᠪᠠᠭᠠᠵᠢ ᠪᠣᠯᠭᠠᠵᠤ ᠪᠣᠯᠬᠤ ᠦᠭᠡᠢ᠃ 
 
ᠢᠷᠡᠯᠲᠡ᠄ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号