ᠯᠢᠶᠣᠣᠨᠢᠩ ᠤᠨ ᠬᠤᠶᠠᠷ ᠡᠮᠨᠡᠯᠭᠡ ᠶᠢᠨ ᠬᠤᠷᠢᠶ᠎ᠠ ᠳᠠᠭᠠᠳᠬᠠᠯ ᠢ ᠮᠡᠬᠡᠯᠡᠭᠰᠡᠨ ᠬᠡᠷᠡᠭ ᠲᠤ ᠬᠤᠯᠪᠣᠭᠳᠠᠪᠠ
ᠨᠡᠶᠢᠲᠡᠯᠡᠭᠰᠡᠨ ᠴᠠᠭ᠄
2024/7/1
  ᠡᠨᠡ ᠵᠢᠯ ᠤᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠭᠡᠨᠡᠳᠡᠭᠦᠯᠦᠨ ᠪᠠᠶᠢᠴᠠᠭᠠᠬᠤ ᠠᠵᠢᠯ ᠳᠤᠮᠳᠠ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠣᠮᠣ ᠳ᠋ᠠᠶᠢᠲ᠋ᠠ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠤᠨ ᠬᠡᠷᠡᠭᠯᠡᠯᠲᠡ ᠶᠢ ᠴᠢᠩᠭᠠᠳᠬᠠᠵᠤ᠂ ᠲᠣᠮᠣ ᠳ᠋ᠠᠶᠢᠲ᠋ᠠ ᠶᠢᠨ ᠵᠠᠭᠪᠤᠷ ᠤᠨ ᠰᠢᠭᠰᠢᠨ ᠪᠠᠶᠢᠴᠠᠭᠠᠯᠲᠠ ᠪᠠᠷ ᠳᠠᠮᠵᠢᠭᠤᠯᠤᠨ ᠰᠡᠵᠢᠭᠲᠡᠶ ᠠᠰᠠᠭᠤᠳᠠᠯ ᠤᠨ ᠰᠦᠪᠡᠭᠴᠢ ᠶᠢ ᠤᠷᠢᠳᠴᠢᠯᠠᠨ ᠢᠯᠡᠷᠡᠭᠦᠯᠪᠡ᠃ 5 ᠳ᠋ᠤᠭᠠᠷ ᠰᠠᠷ᠎ᠠ ᠶᠢᠨ ᠯᠢᠶᠣᠤᠨᠢᠩ ᠮᠤᠵᠢ ᠶᠢᠨ ᠭᠡᠨᠡᠳᠡᠭᠦᠯᠦᠨ ᠪᠠᠶᠢᠴᠠᠭᠠᠯᠲᠠ ᠶᠢᠨ ᠡᠬᠢᠯᠡᠯᠲᠡ ᠶᠢᠨ ᠬᠤᠷᠠᠯ ᠳᠡᠭᠡᠷ᠎ᠡ᠂ ᠯᠢᠶᠣᠤᠨᠢᠩ ᠮᠤᠵᠢ ᠶᠢᠨ ᠱᠧᠨᠶᠠᠩ ᠤᠨ ᠯᠢᠨ ᠵᠢᠶ ᠬᠢᠲᠠᠳ ᠡᠮᠨᠡᠯᠭᠡ ᠶᠢᠨ ᠬᠤᠷᠢᠶ᠎ᠠ᠂ ᠯᠢᠶᠣᠤᠨᠢᠩ ᠮᠤᠵᠢ ᠶᠢᠨ ᠶᠢᠨ ᠴᠧᠩ ᠤᠤᠯ ᠤᠨ ᠡᠭᠦᠯᠳᠡᠷ ᠤᠨ ᠲᠠᠯᠠᠪᠠᠶ ᠶᠢᠨ ᠠᠵᠢᠯᠲᠠᠨ ᠤ ᠡᠮᠨᠡᠯᠭᠡ ᠶᠢᠨ ᠬᠤᠷᠢᠶ᠎ᠠ ᠶᠢ ᠪᠠᠶᠢᠴᠠᠭᠠᠭᠳᠠᠬᠤ ᠪᠠᠶᠢᠭᠤᠯᠤᠮᠵᠢ ᠪᠣᠯᠭᠠᠬᠤ ᠪᠠᠷ ᠰᠢᠭᠤᠳ ᠲᠣᠭᠲᠠᠭᠠᠵᠤ᠂ ᠪᠠᠶᠢᠴᠠᠭᠠᠬᠤ ᠪᠠᠷ ᠳᠡᠮᠵᠢᠨ᠂ ᠬᠤᠶᠠᠷ ᠡᠮᠨᠡᠯᠭᠡ ᠶᠢᠨ ᠬᠤᠷᠢᠶ᠎ᠠ ᠳᠠᠭᠠᠳᠬᠠᠯ ᠢ ᠮᠡᠬᠡᠯᠡᠭᠰᠡᠨ ᠠᠰᠠᠭᠤᠳᠠᠯ ᠣᠷᠣᠰᠢᠵᠤ ᠪᠠᠶᠢᠨ᠎ᠠ᠃ ᠪᠣᠳᠠᠲᠠᠶ ᠪᠠᠶᠢᠳᠠᠯ ᠨᠢ ᠳᠣᠤᠷᠠᠬᠢ ᠮᠡᠲᠦ᠄
辽宁两家医院涉嫌欺诈骗保1.jpg
  ᠱᠧᠨᠶᠠᠩ ᠤᠨ ᠯᠢᠨ ᠵᠢᠶ ᠬᠢᠲᠠᠳ ᠡᠮᠨᠡᠯᠭᠡ ᠶᠢᠨ ᠬᠤᠷᠢᠶ᠎ᠠ  ᠨᠢᠭᠡ᠂ ᠱᠧᠨᠶᠠᠩ ᠤᠨ ᠯᠢᠨ ᠵᠢᠶ ᠬᠢᠲᠠᠳ ᠡᠮᠨᠡᠯᠭᠡ ᠶᠢᠨ ᠬᠤᠷᠢᠶ᠎ᠠ᠃ ᠭᠡᠨᠡᠳᠡᠭᠦᠯᠦᠨ ᠪᠠᠶᠢᠴᠠᠭᠠᠬᠤ ᠳᠤᠭᠤᠶᠢᠯᠠᠩ ᠨᠢ ᠲᠣᠮᠣ ᠳ᠋ᠠᠶᠢᠲ᠋ᠠ ᠶᠢᠨ ᠰᠢᠭᠰᠢᠨ ᠪᠠᠶᠢᠴᠠᠭᠠᠯᠲᠠ ᠶᠢᠨ ᠰᠦᠪᠡᠭᠴᠢ ᠶᠢ ᠦᠨᠳᠦᠰᠦᠯᠡᠨ᠂ ᠡᠮᠨᠡᠯᠭᠡ ᠶᠢᠨ ᠬᠤᠷᠢᠶᠠᠨ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠣᠨᠣᠰᠢᠯᠠᠨ ᠡᠮᠨᠡᠬᠦ ᠵᠢᠷᠤᠮᠵᠢᠯ ᠢ ᠵᠥᠷᠢᠴᠡᠨ ᠬᠡᠲᠦ ᠡᠮᠴᠢᠯᠡᠬᠦ᠂ ᠪᠠᠷᠢᠮᠵᠢᠶ᠎ᠠ ᠠᠴᠠ ᠬᠡᠲᠦᠷᠡᠭᠦᠯᠦᠨ ᠰᠦᠢᠳᠬᠡᠯ ᠬᠤᠷᠢᠶᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠠᠩᠬ᠎ᠠ ᠠᠯᠬᠤᠮ ᠢᠯᠡᠷᠡᠭᠦᠯᠵᠦ᠂ ᠡᠮ ᠡᠮᠨᠡᠯᠭᠡ ᠶᠢᠨ ᠵᠠᠷᠤᠳᠠᠯ ᠨᠢ 166.2 ᠲᠦᠮᠡᠨ ᠲᠥᠭᠦᠷᠢᠭ ᠲᠤ ᠬᠦᠷᠴᠡᠶ᠃ ᠡᠭᠦᠨ ᠠᠴᠠ ᠭᠠᠳᠠᠨ᠎ᠠ᠂ ᠪᠠᠰᠠ ᠳᠠᠭᠠᠳᠬᠠᠯ ᠢ ᠮᠡᠬᠡᠯᠡᠨ ᠠᠪᠤᠭᠰᠠᠨ ᠠᠰᠠᠭᠤᠳᠠᠯ ᠤᠨ ᠰᠡᠵᠢᠭᠲᠡᠢ ᠪᠠᠶᠢᠪᠠ᠃ ᠨᠢᠭᠡ ᠳᠤ ᠡᠪᠡᠳᠴᠢᠨ ᠤ ᠲᠡᠦᠬᠡ ᠶᠢᠨ ᠪᠢᠴᠢᠭ ᠬᠠᠷ᠎ᠠ ᠶᠢ ᠬᠠᠭᠤᠷᠮᠠᠭ ᠢᠶᠠᠷ ᠵᠣᠬᠢᠶᠠᠭᠰᠠᠨ ᠰᠡᠵᠢᠭᠯᠡᠯᠲᠡᠢ᠃ ᠲᠤᠰ ᠡᠮᠨᠡᠯᠭᠡ ᠶᠢᠨ ᠬᠤᠷᠢᠶᠠᠨ ᠤ ᠣᠯᠠᠨ ᠬᠤᠪᠢ ᠡᠪᠡᠳᠴᠢᠨ ᠤ ᠲᠡᠦᠬᠡ ᠶᠢᠨ ᠠᠳᠠᠯᠢ ᠨᠢᠭᠡᠨ ᠡᠮᠴᠢ ᠶᠢᠨ ᠵᠢᠷᠤᠭᠰᠠᠨ ᠭᠠᠷ ᠤᠨ ᠦᠰᠦᠭ ᠨᠢ ᠵᠥᠷᠢᠶ᠎ᠡ ᠶᠡᠭᠡ᠂ ︽ᠭᠠᠷ ᠤᠨ ᠦᠰᠦᠭ ᠲᠠᠮᠠᠭ᠎ᠠ ᠶᠢᠨ ᠵᠢᠷᠤᠭ︾ ᠨᠢ ᠨᠡᠶᠢᠴᠡᠬᠦ ᠦᠭᠡᠢ᠃ ᠯᠢᠶᠣᠤᠨᠢᠩ ᠮᠤᠵᠢ ᠶᠢᠨ ᠡᠷᠡᠭᠦᠯ ᠮᠡᠨᠳᠦ ᠶᠢᠨ ᠠᠵᠤ ᠦᠢᠯᠡᠰ ᠤᠨ ᠪᠦᠯᠦᠭᠯᠡᠯ ᠤᠨ ᠲᠡᠮᠦᠷ ᠨᠡᠭᠦᠷᠡᠰᠦᠨ ᠤ ᠶᠡᠷᠦᠩᠬᠡᠶ ᠡᠮᠨᠡᠯᠭᠡ ᠶᠢᠨ ᠬᠤᠷᠢᠶᠠᠨ ᠤ ᠬᠢᠲᠠᠳ ᠡᠮᠨᠡᠯᠭᠡ ᠶᠢᠨ ᠰᠠᠯᠠᠭᠠᠨ ᠤ ᠡᠮᠴᠢ ᠼᠤᠤ ᠯᠸᠢ ᠲᠣᠰ ᠡᠮᠨᠡᠯᠭᠡ ᠶᠢᠨ ᠬᠤᠷᠢᠶᠠᠨ ᠤ ᠣᠯᠠᠨ ᠭᠠᠵᠠᠷ ᠲᠤ ᠠᠵᠢᠯ ᠡᠷᠭᠢᠯᠡᠬᠦ ᠳᠠᠩᠰᠠᠯᠠᠯ ᠢ ᠬᠦᠴᠦᠨ ᠥᠬᠡᠶ ᠪᠣᠯᠭᠠᠭᠰᠠᠨ ᠪᠣᠯᠪᠠᠴᠤ ᠡᠮᠨᠡᠯᠭᠡ ᠶᠢᠨ ᠬᠤᠷᠢᠶ᠎ᠠ ᠳᠤ ᠮᠥᠨ ᠬᠦ ᠶᠡᠭᠡ ᠬᠡᠮᠵᠢᠶᠡᠨ ᠤ ᠲᠣᠰ ᠡᠮᠴᠢ ᠶᠢᠨ ᠭᠠᠷ ᠤᠨ ᠥᠰᠥᠭ ᠵᠢᠷᠤᠭᠰᠠᠨ ᠡᠪᠡᠳᠴᠢᠨ ᠤ ᠲᠡᠦᠬᠡ ᠢᠯᠡᠷᠡᠭᠰᠡᠨ ᠪᠠᠶᠢᠨ᠎ᠠ᠃ ᠬᠤᠶᠠᠷ ᠲᠤ CT ᠪᠠᠶᠢᠴᠠᠭᠠᠯᠲᠠ ᠶᠢᠨ ᠮᠡᠳᠡᠭᠦᠯᠦᠯᠲᠡ ᠶᠢ ᠬᠠᠭᠤᠷᠮᠠᠭᠯᠠᠨ ᠵᠣᠬᠢᠶᠠᠭᠰᠠᠨ ᠰᠡᠵᠢᠭᠯᠡᠯᠲᠡᠶ᠃ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠲᠣᠰ ᠡᠮᠨᠡᠯᠭᠡ ᠶᠢᠨ ᠬᠤᠷᠢᠶᠠᠨ ᠤ ᠵᠢᠷᠤᠭ ᠳᠦᠷᠰᠦ ᠶᠢᠨ ᠰᠠᠯᠠᠭᠠᠨ ᠤ ᠶᠡᠭᠡ ᠡᠮᠴᠢ ᠰᠢᠨ ᠲᠢᠶᠧ ᠪᠣᠯ ᠣᠯᠠᠨ ᠭᠠᠵᠠᠷ ᠠᠵᠢᠯ ᠡᠷᠭᠢᠯᠡᠵᠦ ᠪᠠᠶᠢᠨ᠎ᠠ᠂ ᠲᠡᠭᠦᠨ ᠤ ᠨᠢᠭᠡᠳᠦᠭᠡᠷ ᠠᠵᠢᠯ ᠡᠷᠭᠢᠯᠡᠬᠦ ᠴᠡᠭ ᠤᠨ ︽ᠹᠠ ᠺᠦ᠋ ᠰᠢᠶᠠᠨ ᠤ ᠲᠥᠪ ᠡᠮᠨᠡᠯᠭᠡ ᠶᠢᠨ ᠬᠤᠷᠢᠶ᠎ᠠ︾ ᠳᠤ ᠠᠵᠢᠯᠯᠠᠵᠤ ᠪᠠᠶᠢᠭ᠎ᠠ ᠬᠤᠭᠤᠴᠠᠭᠠᠨ ᠳᠤ᠂ ᠱᠧᠨᠶᠠᠩ ᠤᠨ ᠯᠢᠨ ᠵᠢᠶ ᠬᠢᠲᠠᠳ ᠡᠮᠨᠡᠯᠭᠡ ᠶᠢᠨ ᠬᠤᠷᠢᠶ᠎ᠠ ᠳᠤ ᠮᠥᠨ ᠰᠢᠨ ᠲᠢᠶᠧ ᠶᠢᠨ ᠭᠠᠷ ᠤᠨ ᠥᠰᠥᠭ ᠵᠢᠷᠤᠭᠰᠠᠨ CT ᠪᠠᠶᠢᠴᠠᠭᠠᠯᠲᠠ ᠶᠢᠨ ᠮᠡᠳᠡᠭᠦᠯᠦᠯᠲᠡ ᠪᠠᠶᠢᠳᠠᠭ ᠪᠣᠯᠪᠠᠴᠤ ᠲᠣᠰ ᠡᠮᠨᠡᠯᠭᠡ ᠳᠤ ᠠᠨᠠᠭᠠᠬᠤ ᠤᠬᠠᠭᠠᠨ ᠤ ᠵᠢᠷᠤᠭ ᠳᠦᠷᠰᠦ ᠶᠢᠨ ᠠᠯᠤᠰ ᠠᠴᠠ ᠦᠵᠡᠬᠦ ᠰᠢᠰᠲ᠋ᠧᠮ ᠪᠠᠶᠢᠬᠤ ᠦᠭᠡᠢ᠃ ᠲᠤᠰ ᠡᠮᠨᠡᠯᠭᠡ ᠶᠢᠨ ᠬᠤᠷᠢᠶᠠᠨ ᠳᠤ ᠪᠠᠰᠠ ︽ᠬᠤᠭᠤᠰᠣᠨ ᠹᠢᠯᠢᠮ︾ ︵ᠳᠠᠷᠤᠢ ᠳᠦᠷᠰᠦ ᠰᠢᠩᠭᠡᠭᠡᠯᠲᠡ ᠵᠢᠷᠤᠭ ᠳᠦᠷᠰᠦ ᠳᠤ ᠵᠥᠪᠬᠡᠨ ᠰᠠᠴᠤᠷᠠᠭ ᠢᠳᠡᠪᠬᠢ ᠣᠷᠣ ᠪᠤᠶᠤ ᠳᠡᠷ᠎ᠡ ᠪᠠᠶᠢᠨ᠎ᠠ᠂ ᠭᠡᠪᠡᠴᠦ ᠬᠥᠮᠥᠨ ᠤ ᠪᠡᠶ᠎ᠡ ᠦᠭᠡᠢ︶᠂ ᠳᠦᠷᠰᠦ ᠰᠢᠩᠭᠡᠭᠡᠯᠲᠡ ᠶᠢᠨ ᠮᠡᠳᠡᠭᠦᠯᠦᠯᠲᠡ ᠨᠢ ᠰᠡᠭᠦᠳᠡᠷᠯᠡᠭᠰᠡᠨ ᠬᠡᠰᠡᠭ ᠲᠠᠢ ᠨᠡᠶᠢᠴᠡᠬᠦ ᠦᠭᠡᠢ ︵ᠵᠢᠱᠢᠶᠡᠯᠡᠪᠡᠯ ᠴᠡᠭᠡᠵᠢᠨ ᠤ ᠬᠡᠰᠡᠭ ᠤᠨ ᠮᠡᠳᠡᠭᠦᠯᠦᠯᠲᠡ ᠶᠢᠨ ᠵᠢᠷᠤᠭ ᠳᠦᠷᠰᠦ ᠨᠢ ᠬᠦᠯ ᠤᠨ ᠬᠡᠰᠡᠭ︶ ᠵᠡᠷᠭᠡ ᠪᠠᠶᠢᠳᠠᠯ ᠣᠷᠣᠰᠢᠵᠤ ᠪᠠᠶᠢᠨ᠎ᠠ᠃ ᠭᠤᠷᠪᠠ ᠳᠤ ᠡᠮ ᠡᠮᠨᠡᠯᠭᠡ ᠶᠢᠨ ᠦᠢᠯᠡᠴᠢᠯᠡᠭᠡᠨ ᠤ ᠲᠥᠷᠥᠯ ᠵᠦᠢᠯ ᠢ ᠬᠠᠭᠤᠷᠮᠠᠭᠯᠠᠭᠰᠠᠨ᠃ ᠪᠠᠶᠢᠴᠠᠭᠠᠯᠲᠠ ᠪᠠᠷ ᠣᠯᠵᠤ ᠮᠡᠳᠡᠭᠰᠡᠨ ᠨᠢ᠂ ᠠᠳᠠᠯᠢ ᠬᠤᠭᠤᠴᠠᠭᠠᠨ ᠤ ᠳᠣᠲᠣᠷ᠎ᠠ᠂ ᠲᠣᠰ ᠡᠮᠨᠡᠯᠭᠡ ᠶᠢᠨ ᠬᠤᠷᠢᠶᠠᠨ ᠳᠤ ᠹᠢᠽᠢᠺ ᠵᠠᠰᠠᠯ ᠤᠨ ᠲᠠᠰᠤᠭ ᠲᠤ ᠵᠡᠭᠦᠦ ᠲᠥᠭᠡᠨᠡᠯᠭᠡ ᠬᠢᠭᠰᠡᠨ᠂ ᠬᠢᠲᠠᠳ ᠡᠮᠨᠡᠯᠭᠡ ᠶᠢᠨ ᠬᠠᠨᠳᠤᠯᠭᠠᠲᠤ ᠡᠮ ᠢᠶᠠᠷ ᠡᠮᠨᠡᠨ ᠵᠠᠰᠠᠭᠰᠠᠨ ᠬᠥᠮᠦᠨ ᠤ ᠲᠤᠭ᠎ᠠ ᠨᠢ ᠡᠳᠡᠭᠡᠷ ᠡᠮᠨᠡᠨ ᠵᠠᠰᠠᠬᠤ ᠵᠦᠢᠯ ᠢ ᠳᠡᠭᠡᠭᠰᠢ ᠳᠠᠮᠵᠢᠭᠤᠯᠵᠤ ᠡᠮᠴᠢᠯᠡᠭᠡᠨ ᠤ ᠳᠠᠭᠠᠳᠬᠠᠯ ᠢ ᠭᠤᠶᠤᠴᠢᠯᠠᠭᠰᠠᠨ ᠬᠥᠮᠦᠨ ᠤ ᠲᠤᠭ᠎ᠠ ᠠᠴᠠ ᠬᠤᠯᠠ ᠪᠠᠭ᠎ᠠ ᠪᠠᠶᠢᠪᠠ᠃
辽宁两家医院涉嫌欺诈骗保2.jpg
  ᠱᠧᠨᠶᠠᠩ ᠤᠨ ᠯᠢᠨ ᠵᠢᠢ ᠬᠢᠲᠠᠳ ᠡᠮᠨᠡᠯᠭᠡ ᠶᠢᠨ ᠬᠤᠷᠢᠶᠠᠨ ᠤ 2022 ᠣᠨ ᠳᠤ ᠰᠡᠭᠦᠳᠡᠷᠯᠡᠭᠰᠡᠨ CT ︽ᠬᠤᠭᠤᠰᠣᠨ ᠹᠢᠯᠢᠮ︾ ᠵᠢᠷᠤᠭ 
辽宁两家医院涉嫌欺诈骗保3.jpg
  ᠯᠢᠶᠣᠤᠨᠢᠩ ᠮᠣᠵᠢ ᠶᠢᠨ ᠶᠢᠨ ᠴᠧᠩ ᠤᠤᠯ ᠤᠨ ᠡᠭᠦᠯᠳᠡᠷ ᠤᠨ ᠲᠠᠯᠠᠪᠠᠢ ᠶᠢᠨ ᠠᠵᠢᠯᠲᠠᠨ ᠤ ᠡᠮᠨᠡᠯᠭᠡ ᠶᠢᠨ ᠬᠤᠷᠢᠶ᠎ᠠ  ᠬᠤᠶᠠᠷ᠂ ᠯᠢᠶᠣᠤᠨᠢᠩ ᠮᠣᠵᠢ ᠶᠢᠨ ᠶᠢᠨ ᠴᠧᠩ ᠤᠤᠯ ᠤᠨ ᠡᠭᠦᠯᠳᠡᠷ ᠤᠨ ᠲᠠᠯᠠᠪᠠᠢ ᠶᠢᠨ ᠠᠵᠢᠯᠲᠠᠨ ᠤ ᠡᠮᠨᠡᠯᠭᠡ ᠶᠢᠨ ᠬᠤᠷᠢᠶ᠎ᠠ᠃ ᠭᠡᠨᠡᠳᠡᠭᠦᠯᠦᠨ ᠪᠠᠶᠢᠴᠠᠭᠠᠬᠤ ᠳᠤᠭᠤᠶᠢᠯᠠᠩ ᠨᠢ ᠲᠣᠮᠣ ᠳ᠋ᠠᠶᠢᠲ᠋ᠠ ᠶᠢᠨ ᠰᠢᠭᠰᠢᠨ ᠪᠠᠶᠢᠴᠠᠭᠠᠯᠲᠠ ᠶᠢᠨ ᠰᠦᠪᠡᠭᠴᠢ ᠶᠢ ᠦᠨᠳᠦᠰᠦᠯᠡᠨ᠂ ᠡᠮᠨᠡᠯᠭᠡ ᠶᠢᠨ ᠬᠤᠷᠢᠶ᠎ᠠ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠬᠡᠲᠦᠷᠡᠲᠡᠯ᠎ᠡ ᠣᠨᠣᠰᠢᠯᠠᠨ ᠡᠮᠨᠡᠬᠦ ᠵᠢᠴᠢ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠣᠷᠣᠭᠤᠯᠵᠤ ᠪᠣᠷᠣᠯᠠᠭᠤᠯᠬᠤ ᠬᠠᠳᠠᠭᠠᠯᠠᠬᠤ ᠡᠬᠡ ᠲᠠᠩᠰᠠ ᠥᠬᠡᠶ᠂ ᠬᠥᠮᠥᠷᠭᠡ ᠳᠤ ᠣᠷᠣᠭᠤᠯᠵᠤ ᠭᠠᠷᠭᠠᠬᠤ ᠬᠠᠮᠢᠶᠠᠷᠤᠯᠲᠠ ᠡᠮᠬᠢ ᠵᠠᠮᠪᠠᠷᠠᠭ᠎ᠠ ᠥᠬᠡᠶ ᠪᠠᠶᠢᠬᠤ ᠵᠡᠷᠭᠡ ᠠᠰᠠᠭᠤᠳᠠᠯ ᠢ ᠢᠯᠡᠷᠡᠭᠦᠯᠪᠡ᠃ ᠡᠭᠦᠨ ᠠᠴᠠ ᠭᠠᠳᠠᠨ᠎ᠠ᠂ ᠳ᠋ᠠᠶᠢᠲ᠋ᠠ ᠶᠢᠨ ᠰᠦᠪᠡᠭᠴᠢ ᠶᠢ ᠤᠷᠲᠤᠳᠬᠠᠨ ᠪᠠᠶᠢᠴᠠᠭᠠᠬᠤ ᠪᠠᠷ ᠳᠠᠮᠵᠢᠭᠤᠯᠤᠨ ᠳᠠᠭᠠᠳᠬᠠᠯ ᠢ ᠮᠡᠬᠡᠯᠡᠨ ᠠᠪᠬᠤ ᠰᠡᠵᠢᠭᠯᠡᠯᠲᠡᠶ ᠪᠠᠶᠢᠬᠤ ᠠᠰᠠᠭᠤᠳᠠᠯ ᠢ ᠣᠯᠵᠤ ᠮᠡᠳᠡᠵᠡᠶ᠃ ᠨᠢᠭᠡ ᠳᠤ CT ᠪᠠᠶᠢᠴᠠᠭᠠᠯᠲᠠ ᠶᠢᠨ ᠮᠡᠳᠡᠭᠦᠯᠦᠯᠲᠡ ᠶᠢ ᠬᠠᠭᠤᠷᠮᠠᠭᠯᠠᠨ        ᠵᠣᠬᠢᠶᠠᠵᠤ᠂ CT ᠪᠠᠶᠢᠴᠠᠭᠠᠯᠲᠠ ᠶᠢᠨ ᠲᠥᠷᠥᠯ ᠵᠦᠢᠯ ᠢ ᠬᠠᠭᠤᠷᠮᠠᠭᠯᠠᠪᠠ᠃ ᠪᠠᠶᠢᠴᠠᠭᠠᠯᠲᠠ ᠳᠤ ᠳᠣᠰ ᠡᠮᠨᠠᠯᠭᠡ ᠶᠢᠨ ᠬᠤᠷᠢᠶᠠᠨ ᠤ ᠰᠠᠴᠣᠷᠠᠭ ᠢᠲᠠᠪᠭᠢ ᠰᠠᠯᠠᠭᠠᠨ ᠤ ᠡᠮᠴᠢ ᠠᠵᠢᠯ ᠠᠴᠠ ᠪᠠᠨ ᠰᠠᠯᠤᠭᠰᠠᠨ ᠤ ᠲᠠᠷᠠᠭ᠎ᠠ᠂ ᠡᠮᠨᠠᠯᠭᠡ ᠶᠢᠨ ᠬᠤᠷᠢᠶᠠᠨ ᠳᠤ ᠪᠠᠰᠠ ᠳᠣᠰ ᠡᠮᠴᠢ ᠶᠢᠨ ᠨᠠᠷ᠎ᠠ ᠪᠠᠷ CT ᠪᠠᠶᠢᠴᠠᠭᠠᠯᠲᠠ ᠶᠢᠨ ᠮᠠᠲᠠᠭᠦᠯᠣᠯᠲᠠ       ᠭᠠᠷᠭᠠᠵᠤ᠂ ᠡᠮᠨᠠᠯᠭᠡ ᠶᠢᠨ ᠬᠤᠷᠢᠶᠠᠨ ᠤ CT ᠪᠠᠶᠢᠴᠠᠭᠠᠯᠲᠠ ᠶᠢᠨ ᠰᠦᠢᠳᠬᠡᠯ ᠬᠤᠷᠢᠶᠠᠭᠰᠠᠨ ᠳᠤᠭ᠎ᠠ ᠨᠢ ᠪᠤᠲᠠᠲᠠᠢ ᠬᠢᠭᠰᠡᠨ CT ᠪᠠᠶᠢᠴᠠᠭᠠᠯᠲᠠ ᠶᠢᠨ ᠳᠦᠷᠣᠯ ᠵᠦᠢᠯ ᠤᠨ ᠳᠤᠭ᠎ᠠ ᠬᠡᠮᠵᠢᠶ᠎ᠡ ᠠᠴᠠ ᠲᠠᠪᠡᠵᠤ᠂ ᠣᠯᠠᠨ ᠡᠪᠡᠳᠴᠢᠲᠡᠨ ᠠᠴᠠ CT ᠶᠢᠨ ᠰᠦᠢᠣᠠᠭᠡᠯ ᠬᠤᠷᠢᠶᠠᠭᠰᠠᠨ ᠪᠣᠯᠪᠠᠴᠤ ᠡᠪᠡᠳᠴᠢᠨ ᠤ ᠲᠡᠦᠬᠡ ᠳᠤ ᠨᠢ CT ᠪᠠᠶᠢᠴᠠᠭᠠᠯᠲᠠ ᠶᠢᠨ ᠮᠡᠳᠡᠭᠦᠯᠦᠯᠲᠡ ᠦᠭᠡᠢ᠃ ᠬᠤᠶᠠᠷ ᠲᠤ ᠰᠢᠯᠭᠠᠨ ᠪᠠᠶᠢᠴᠠᠭᠠᠬᠤ ᠲᠥᠷᠥᠯ ᠵᠦᠢᠯ ᠢ ᠬᠡᠶᠢᠰᠪᠦᠷᠢᠯᠡᠨ ᠵᠣᠬᠢᠶᠠᠭᠰᠠᠨ᠃ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠪᠠᠷ ᠲᠤᠰ ᠬᠤᠷᠢᠶᠠᠨ ᠤ ᠰᠢᠯᠭᠠᠨ ᠪᠠᠶᠢᠴᠠᠭᠠᠬᠤ ᠰᠠᠯᠠᠭᠠᠨ ᠳᠤ ᠰᠢᠯᠭᠠᠨ ᠪᠠᠶᠢᠴᠠᠭᠠᠬᠤ ᠲᠤᠷᠰᠢᠯᠲᠠ ᠶᠢᠨ ᠡᠳ᠋ ᠤᠨ ᠬᠤᠭᠤᠴᠠᠭ᠎ᠠ ᠨᠢ ᠥᠩᠭᠡᠷᠡᠭᠰᠡᠨ᠂ ᠰᠢᠯᠭᠠᠨ ᠪᠠᠶᠢᠴᠠᠭᠠᠬᠤ ᠬᠡᠮᠵᠢᠭᠦᠷᠯᠢᠭ ᠨᠢ ᠭᠡᠮᠲᠦᠯ ᠲᠠᠢ᠂ ᠴᠢᠨᠠᠭᠰᠢᠯᠠᠪᠠᠯ ᠰᠢᠯᠭᠠᠨ ᠪᠠᠶᠢᠴᠠᠭᠠᠬᠤ ᠡᠮᠴᠢ ᠠᠵᠢᠯ ᠳᠤ ᠭᠠᠷᠤᠭᠰᠠᠨ ᠦᠭᠡᠢ ᠪᠠᠶᠢᠭᠠᠳ ᠮᠥᠨ ᠯᠡ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠭᠠᠷᠭᠠᠵᠤ ᠥᠭᠭᠦᠭᠰᠡᠨ ᠪᠠᠶᠢᠳᠠᠯ ᠣᠷᠣᠰᠢᠵᠤ ᠪᠠᠶᠢᠨ᠎ᠠ᠃ ᠡᠮᠨᠡᠯᠭᠡ ᠶᠢᠨ ᠬᠤᠷᠢᠶ᠎ᠠ ᠨᠢ ᠨᠢᠭᠡᠨᠲᠡ ᠭᠡᠮᠲᠦᠭᠰᠡᠨ ᠰᠢᠯᠭᠠᠨ ᠪᠠᠶᠢᠴᠠᠭᠠᠬᠤ ᠪᠠᠭᠠᠵᠢ ᠬᠡᠷᠡᠭᠰᠡᠯ ᠪᠠ ᠨᠢᠭᠡᠨᠲᠡ ᠬᠤᠭᠤᠴᠠᠭ᠎ᠠ ᠠᠴᠠ ᠬᠡᠲᠦᠷᠡᠭᠰᠡᠨ ᠰᠢᠯᠭᠠᠨ ᠪᠠᠶᠢᠴᠠᠭᠠᠬᠲ᠋ᠤᠷᠰᠢᠯᠲᠠ ᠶᠢᠨ ᠡᠳ᠋ ᠢ ᠬᠡᠷᠬᠢᠨ ᠬᠡᠷᠡᠭᠯᠡᠬᠦ᠂ ᠡᠮᠴᠢ ᠶᠢᠨ ᠠᠵᠢᠯ ᠳᠤ ᠭᠠᠷᠤᠭᠰᠠᠨ ᠦᠭᠡᠢ ᠪᠠᠷ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠭᠠᠷᠭᠠᠭᠰᠠᠨ ᠲᠤᠬᠠᠢ ᠲᠠᠶᠢᠯᠪᠤᠷᠢᠯᠠᠬᠤ ᠶᠢᠨ ᠠᠷᠭ᠎ᠠ ᠦᠭᠡᠢ ᠪᠠᠶᠢᠪᠠ ᠃ ᠲᠤᠰ ᠡᠮᠨᠡᠯᠭᠡ ᠶᠢᠨ ᠬᠤᠷᠢᠶᠠᠨ ᠳᠤ ᠪᠠᠰᠠ ᠡᠪᠡᠳᠴᠢᠲᠡᠨ ᠢ ᠲᠡᠷᠭᠡ ᠪᠠᠷ ᠲᠤᠰᠴᠤ ᠬᠦᠷᠭᠡᠬᠦ᠂ ᠰᠦᠢᠳᠬᠡᠯ ᠬᠤᠷᠢᠶᠠᠬᠤ ᠦᠬᠡᠢ ᠪᠠᠷ ᠡᠮᠨᠡᠯᠭᠡ ᠳᠤ ᠰᠠᠭᠤᠬᠤ᠂ ᠢᠳᠡᠵᠦ ᠤᠭᠤᠬᠤ ᠬᠤᠨᠤᠵᠤ ᠬᠡᠪᠲᠡᠬᠦ ᠶᠢ ᠨᠢ ᠪᠠᠲᠤᠯᠠᠬᠤ᠂ ᠡᠪᠡᠳᠴᠢᠲᠡᠨ ᠢ ᠡᠮᠨᠡᠯᠭᠡ ᠳᠤ ᠲᠠᠨᠢᠯᠴᠠᠭᠤᠯᠵᠤ ᠰᠠᠭᠤᠯᠭᠠᠭᠰᠠᠨ ᠠᠵᠢᠯᠲᠠᠨ ᠠᠵᠢᠯᠴᠢᠨ ᠳᠤ ᠬᠤᠪᠢ ᠥᠭᠬᠦ᠂ ᠡᠪᠡᠳᠴᠢᠲᠡᠨ ᠳᠤ ᠡᠮᠨᠡᠯᠭᠡ ᠳᠤ ᠰᠠᠭᠤᠭᠰᠠᠨ ᠵᠠᠷᠤᠳᠠᠯ ᠤᠨ ᠵᠣᠬᠢᠬᠤ ᠬᠠᠷᠢᠴᠠᠯ ᠢᠶᠠᠷ ᠵᠣᠭᠤᠰ ᠪᠤᠴᠠᠭᠠᠵᠤ ᠥᠭᠬᠦ ᠵᠡᠷᠭᠡ ᠠᠷᠭ᠎ᠠ ᠬᠡᠯᠪᠡᠷᠢ ᠪᠠᠷ ᠡᠪᠡᠳᠴᠢᠲᠡᠨ ᠢ ᠡᠮᠨᠡᠯᠭᠡ ᠳᠤ ᠥᠳᠥᠭᠡᠨ ᠰᠠᠭᠤᠯᠭᠠᠭᠰᠠᠨ ᠪᠠᠶᠢᠳᠠᠯ ᠣᠷᠣᠰᠢᠵᠤ ᠪᠠᠶᠢᠨ᠎ᠠ᠃  ᠣᠳᠣᠬᠠᠨ ᠳᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢᠭᠡᠨᠲᠡ ᠭᠡᠨᠡᠳᠡᠭᠦᠯᠦᠨ ᠪᠠᠶᠢᠴᠠᠭᠠᠬᠤ ᠳᠤᠭᠤᠶᠢᠯᠠᠩ ᠢ ᠵᠢᠯᠣᠭᠤᠳᠴᠤ ᠪᠠᠶᠢᠭᠠᠳ ᠳᠡᠭᠡᠷ᠎ᠡ ᠳᠤᠷᠠᠳᠤᠭᠰᠠᠨ ᠠᠰᠠᠭᠤᠳᠠᠯ ᠢ ᠬᠠᠷᠢᠶ᠎ᠠ ᠭᠠᠵᠠᠷ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠰᠢᠢᠳᠪᠦᠷᠢᠯᠡᠭᠦᠯᠬᠦ ᠶᠢᠨ ᠬᠠᠮᠲᠤ ᠲᠠᠷᠠᠭᠠᠴᠢ ᠶᠢᠨ ᠰᠢᠢᠳᠪᠦᠷᠢᠯᠡᠯᠲᠡ ᠶᠢ ᠴᠢᠩᠭ᠎ᠠ ᠠᠩᠬᠠᠷᠴᠤ᠂ ᠬᠠᠲᠠᠭᠤ ᠴᠢᠩᠭ᠎ᠠ ᠰᠢᠢᠳᠪᠦᠷᠢᠯᠡᠬᠦ ᠶᠢ ᠪᠠᠷᠢᠮᠲᠠᠯᠠᠨ᠂ ᠳᠠᠭᠠᠳᠬᠠᠯ ᠢ ᠬᠢᠬᠠᠨ ᠮᠡᠬᠡᠯᠡᠭᠰᠡᠨ ᠬᠡᠷᠡᠭ ᠢ ᠪᠣᠳᠠᠲᠠᠢ ᠪᠠᠶᠢᠴᠠᠭᠠᠨ ᠰᠢᠢᠳᠪᠦᠷᠢᠯᠡᠬᠦ᠂ ᠬᠠᠤᠯᠢ ᠶᠢ ᠵᠥᠷᠢᠴᠡᠭᠰᠡᠨ ᠶᠠᠯᠠᠲᠤ ᠡᠲᠡᠭᠡᠳ ᠲᠤ ᠴᠢᠩᠭ᠎ᠠ ᠴᠣᠬᠢᠯᠲᠠ ᠥᠭᠬᠦ ᠶᠢ ᠦᠨᠡᠨ ᠬᠦ ᠪᠠᠲᠤᠯᠠᠨ᠎ᠠ᠃ ᠣᠳᠣᠬᠠᠨ ᠳᠤ᠂ ᠱᠧᠨᠶᠠᠩ ᠬᠤᠲᠠ᠂ ᠵᠢᠨᠵᠧᠦ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠨᠢᠭᠡᠨᠲᠡ ᠬᠤᠯᠪᠣᠭᠳᠠᠯ ᠪᠥᠬᠦᠶ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠶᠢ ᠲᠦᠷ ᠵᠣᠭᠰᠣᠭᠠᠵᠤ᠂ ᠡᠭᠦᠨ ᠤ ᠬᠠᠮᠲᠤ ᠬᠤᠯᠪᠣᠭᠳᠠᠯ ᠪᠥᠬᠦᠶ ᠰᠦᠪᠡᠭᠴᠢ ᠶᠢᠨ ᠲᠤᠬᠠᠶ ᠲᠠᠷᠠᠭᠠᠴᠢ ᠶᠢᠨ ᠪᠠᠶᠢᠴᠠᠭᠠᠯᠲᠠ ᠬᠢᠬᠦ ᠶᠢᠨ ᠬᠠᠮᠲᠤ ᠠᠰᠠᠭᠤᠳᠠᠯ ᠤᠨ ᠰᠦᠪᠡᠭᠴᠢ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠪᠡ᠃  ᠲᠣᠮᠣ ᠳ᠋ᠠᠶᠢᠲ᠋ᠠ ᠶᠢᠨ ᠡᠮᠦᠨ᠎ᠡ᠂ ᠠᠯᠢᠪᠠ ᠬᠠᠤᠯᠢ ᠪᠤᠰᠤ ᠦᠢᠯᠡ ᠠᠵᠢᠯᠯᠠᠭ᠎ᠠ ᠨᠢ ᠴᠥᠮ ᠥᠨᠢ ᠡᠭᠦᠷᠢᠳᠡ ᠳᠠᠩᠰᠠ ᠡᠪᠬᠡᠮᠡᠯ ᠳᠤ ᠣᠷᠣᠨ᠎ᠠ᠃ ᠳᠠᠭᠠᠳᠬᠠᠯ ᠢ ᠬᠢᠬᠠᠨ ᠮᠡᠬᠡᠯᠡᠬᠦ ᠶᠠᠮᠠᠷᠪᠠ ᠠᠵᠢᠯᠯᠠᠭ᠎ᠠ ᠨᠢ ᠴᠥᠮ ᠨᠢᠭᠤᠭᠳᠠᠵᠤ ᠴᠢᠳᠠᠬᠤ ᠦᠭᠡᠢ ᠪᠣᠯᠣᠨ᠎ᠠ᠃ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠠᠴᠠ ᠲᠤᠬᠠᠶ ᠶᠢᠨ ᠭᠠᠵᠠᠷ ᠤᠨ ᠦᠷᠭᠦᠯᠵᠢᠯᠡᠨ ᠰᠢᠢᠳᠪᠦᠷᠢᠯᠡᠭᠰᠡᠨ ᠪᠠᠶᠢᠳᠠᠯ ᠢ ᠨᠢᠭᠲᠠ ᠠᠩᠬᠠᠷᠴᠤ᠂ ᠡᠯ᠎ᠡ ᠭᠠᠵᠠᠷ ᠤᠨ ᠭᠡᠨᠡᠳᠡᠭᠦᠯᠦᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠪᠠ ᠵᠠᠯᠭᠠᠮᠵᠢ ᠰᠢᠢᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠶ ᠳᠤᠨᠢ ᠬᠤᠷᠢᠶᠠᠩᠭᠤᠶᠢᠯᠠᠵᠤ᠂ ᠰᠢᠢᠳᠪᠦᠷᠢᠯᠡᠭᠰᠡᠨ ᠨᠢ ᠬᠦᠴᠦᠨ ᠥᠬᠡᠶ ᠵᠦᠢᠯᠡᠰ ᠢ ᠰᠢᠮᠳᠠᠭᠤᠯᠤᠨ ᠰᠢᠢᠳᠪᠦᠷᠢᠯᠡᠭᠦᠯᠵᠦ᠂ ᠰᠢᠢᠳᠪᠦᠷᠢᠯᠡᠭᠰᠡᠨ ᠨᠢ ᠬᠦᠴᠦᠨ ᠥᠬᠡᠶ ᠣᠷᠣᠨ ᠨᠤᠲᠤᠭ ᠤᠨ ᠡᠮᠴᠢᠯᠡᠭᠡᠨ ᠤ ᠪᠠᠳᠤᠯᠠᠭ᠎ᠠ ᠶᠢᠨ ᠰᠠᠯᠠᠭ᠎ᠠ ᠮᠥᠴᠢᠷ ᠲᠠᠢ ᠪᠣᠯᠵᠣᠨ ᠶᠠᠷᠢᠯᠴᠠᠨ᠎ᠠ᠃ ᠶᠠᠮᠠᠷᠪᠠ ᠬᠡᠯᠪᠡᠷᠢ ᠶᠢᠨ ᠳᠠᠭᠠᠳᠬᠠᠯ ᠢ ᠬᠢᠬᠠᠨ ᠮᠡᠬᠡᠯᠡᠬᠦ ᠠᠵᠢᠯᠯᠠᠭ᠎ᠠ ᠳᠤ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠢᠮᠠᠭᠲᠠ ︽ᠥᠴᠦᠬᠡᠨ ᠴᠦ ᠠᠭᠤᠴᠢᠯᠠᠬᠤ ᠦᠭᠡᠢ︾ ᠣᠪᠣᠷ ᠢ ᠪᠠᠷᠢᠮᠲᠠᠯᠠᠵᠤ᠂ ᠴᠢᠩᠭ᠎ᠠ ᠴᠣᠬᠢᠯᠲᠠ ᠥᠭᠭᠦᠨ᠎ᠡ︕ ᠶᠠᠮᠠᠷᠪᠠ ᠬᠥᠮᠥᠨ ᠴᠤ ᠠᠷᠠᠳ ᠣᠯᠠᠨ ᠤ ︽ᠡᠪᠡᠳᠴᠢᠨ ᠦᠵᠡᠭᠦᠯᠬᠦ ᠵᠣᠭᠤᠰ︾ ︽ᠠᠮᠢ ᠠᠪᠤᠷᠠᠬᠤ ᠵᠣᠭᠤᠰ︾ ᠢ ᠢᠳᠡᠭᠳᠡᠭᠦᠯᠪᠡᠯ ᠡᠴᠦᠰ ᠲᠡᠭᠡᠨ ᠬᠠᠤᠯᠢ ᠶᠣᠰᠣᠭᠠᠷ ᠰᠢᠢᠳᠬᠡᠭᠳᠡᠨ᠎ᠡ︕ 
 
ᠢᠷᠡᠯᠲᠡ᠄ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号