︽2024 ᠣᠨ ᠤ ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ᠂ ᠠᠵᠢᠯ ᠠᠴᠠ ᠪᠣᠯᠤᠭᠰᠠᠨ | ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ | ᠬᠢᠬᠦ ᠠᠵᠢᠯ ᠤᠨ ᠲᠥᠰᠦᠯ︾ ︵︽ᠠᠵᠢᠯ ᠤᠨ ᠲᠥᠰᠦᠯ︾ ᠭᠡᠵᠦ ᠲᠣᠪᠴᠢᠯᠠᠨ᠎ᠠ︶ ᠢ ᠨᠢᠭᠡᠨᠲᠡ ᠤᠯᠤᠰ ᠤᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠰᠦᠯᠵᠢᠶ᠎ᠡ ᠪᠠ ᠣᠯᠠᠨ ᠨᠡᠶᠢᠲᠡ ᠶᠢᠨ ᠸᠢᠴᠠᠲ | ᠲᠠᠪᠴᠠᠩ ᠳᠤ ᠨᠡᠶᠢᠲᠡᠯᠡᠵᠦ᠂ 2024 ᠣᠨ ᠤ ᠤᠯᠤᠰ ᠤᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ | ᠭᠠᠷᠴᠠᠭ ᠲᠤ ᠲᠣᠬᠢᠷᠠᠭᠤᠯᠤᠯᠲᠠ ᠬᠢᠬᠦ ᠠᠵᠢᠯ ᠢ 7 ᠳ᠋ᠤᠭᠠᠷ ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ | ᠡᠬᠢᠯᠡᠭᠦᠯᠦᠨ᠎ᠡ᠃ ᠡᠳᠦᠭᠡ ︽ᠠᠵᠢᠯ ᠤᠨ ᠲᠥᠰᠦᠯ︾ ᠤᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠶ᠎ᠡ᠃ | ᠨᠢᠭᠡ᠂ 2024 ᠣᠨ ᠤ ᠤᠯᠤᠰ ᠤᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ | ᠲᠣᠬᠢᠷᠠᠭᠤᠯᠤᠯᠲᠠ ᠬᠢᠬᠦ ᠬᠠᠷᠠᠯᠲᠠ ᠡᠭᠦᠷᠭᠡ ᠨᠢ ᠶᠠᠭᠤ ᠪᠣᠶ︖ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ | ᠪᠣᠯᠭᠠᠬᠤ ᠶᠢ ᠪᠠᠷᠢᠮᠲᠠᠯᠠᠵᠤ᠂ ᠡᠮ ᠤᠨ ᠵᠦᠢᠯ ᠤᠨ ᠭᠠᠷᠴᠠᠭ ᠢ ᠬᠥᠳᠡᠯᠦᠩᠭᠦᠢ ᠪᠠᠷ ᠲᠤᠬᠢᠷᠠᠭᠤᠯᠬᠤ ᠲᠣᠭᠲᠠᠴᠠ ᠶᠢ | ᠦᠷᠭᠦᠯᠵᠢᠯᠡᠨ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠴᠢᠳᠠᠪᠤᠷᠢ ᠪᠣᠯᠤᠨ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠦᠨ᠎ᠡ᠃ ᠥᠷᠭᠡᠨ ᠤᠯᠠᠨ ᠳᠠᠭᠠᠳᠬᠠᠯ ᠳᠤ ᠣᠷᠣᠯᠴᠠᠭᠰᠠᠳ ᠤᠨ ᠡᠮ ᠬᠡᠷᠡᠭᠯᠡᠬᠦ ᠶᠢ ᠪᠠᠲᠤᠯᠠᠬᠤ | ᠬᠡᠷᠡᠭᠴᠡᠭᠡ ᠱᠠᠭᠠᠷᠳᠠᠯᠭ᠎ᠠ ᠪᠣᠯᠤᠨ ᠰᠠᠭᠤᠷᠢ ᠮᠥᠩᠭᠦᠨ ᠤ ᠲᠣᠭᠠᠴᠠᠭ᠎ᠠ ᠬᠢᠬᠦ ᠴᠢᠳᠠᠪᠤᠷᠢ ᠵᠡᠷᠭᠡ ᠡᠯᠧᠮᠧᠨ᠋ᠲ ᠢ | ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ 2024 ᠣᠨ ᠳᠤ ᠤᠯᠤᠰ ᠤᠨ ᠡᠮ ᠤᠨ ᠵᠦᠢᠯ ᠤᠨ ᠭᠠᠷᠴᠠᠭ ᠲᠤ | ᠲᠤᠬᠢᠷᠠᠭᠤᠯᠤᠯᠳᠠ ᠬᠢᠬᠦ ᠠᠵᠢᠯ ᠢ ᠥᠷᠨᠢᠭᠦᠯᠵᠦ᠂ ᠡᠮ ᠤᠨ ᠵᠦᠢᠯ ᠤᠨ ᠭᠠᠷᠴᠠᠭ ᠤᠨ ᠪᠦᠲᠦᠴᠡ ᠶᠢ ᠨᠡᠩ ᠵᠦᠢ | ᠵᠣᠬᠢᠰᠲᠠᠢ ᠰᠢᠯᠢᠳᠡᠭᠵᠢᠭᠦᠯᠵᠦ᠂ ᠬᠠᠮᠢᠶᠠᠷᠤᠯᠲᠠ ᠶᠢ ᠨᠡᠩ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠵᠤ᠂ ᠲᠣᠭᠠᠴᠠᠭ᠎ᠠ | ᠬᠢᠬᠦ ᠶᠢ ᠨᠡᠩ ᠲᠤᠰᠠᠲᠠᠢ ᠥᠨᠳᠥᠷ ᠪᠦᠲᠦᠮᠵᠢᠲᠡᠢ ᠪᠣᠯᠭᠠᠵᠤ᠂ ᠪᠠᠲᠤᠯᠠᠭ᠎ᠠ ᠶᠢ ᠨᠡᠩ ᠲᠥᠪ ᠭᠤᠣᠯᠴᠢ ᠬᠦᠷᠲᠡᠭᠡᠬᠦ ᠪᠠᠷ | ᠴᠢᠷᠮᠠᠶᠢᠵᠤ᠂ ᠠᠷᠠᠳ ᠤᠯᠠᠨ ᠤ ᠡᠪᠡᠳᠴᠢᠨ ᠦᠵᠡᠭᠦᠯᠵᠦ ᠡᠮᠨᠡᠭᠦᠯᠬᠦ ᠬᠤᠶᠢᠰᠢᠳᠠ ᠶᠢᠨ ᠵᠣᠪᠠᠨᠢᠯ ᠢ | ᠰᠢᠢᠳᠪᠦᠷᠢᠯᠡᠬᠦ ᠳᠤ ᠬᠦᠴᠦ ᠨᠡᠮᠡᠷᠢᠯᠡᠨ᠎ᠡ᠃ | ᠬᠤᠶᠠᠷ᠂ 2024 ᠣᠨ ᠤ ᠤᠯᠤᠰ ᠤᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ | ᠲᠣᠬᠢᠷᠠᠭᠤᠯᠤᠯᠲᠠ ᠬᠢᠬᠦ ᠰᠡᠳᠬᠢᠮᠵᠢ ᠨᠢ ᠶᠠᠭᠤ ᠪᠤᠢ︖ | ᠡᠮᠦᠨᠡᠬᠢ ᠬᠤᠭᠤᠴᠠᠭᠠᠨ ᠤ ᠭᠠᠷᠴᠠᠭ ᠲᠤ ᠲᠣᠬᠢᠷᠠᠭᠤᠯᠤᠯᠲᠠ ᠬᠢᠭᠰᠡᠨ ᠠᠵᠢᠯ ᠤᠨ ᠲᠤᠷᠰᠢᠯᠭ᠎ᠠ ᠪᠠᠨ ᠭᠦᠨᠵᠡᠭᠡᠶ | ᠳ᠋ᠦᠩᠨᠡᠭᠰᠡᠨ ᠰᠠᠭᠤᠷᠢᠨ ᠳᠡᠭᠡᠷ᠎ᠡ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠯ᠎ᠡ | ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠬᠦᠴᠦᠨ ᠢᠶᠠᠨ ᠵᠣᠬᠢᠶᠠᠨ ᠪᠠᠶᠢᠭᠤᠯᠤᠨ | ᠨᠠᠷᠢᠨ ᠬᠢᠨᠠᠮᠠᠭᠠᠶ ᠰᠤᠳᠤᠯᠵᠤ᠂ ᠳᠠᠬᠢᠨ ᠳᠠᠪᠲᠠᠨ ᠨᠤᠲᠠᠯᠠᠯᠲᠠ ᠬᠢᠵᠦ᠂ ᠭᠠᠷᠴᠠᠭ ᠲᠤ ᠲᠣᠬᠢᠷᠠᠭᠤᠯᠤᠯᠲᠠ ᠬᠢᠬᠦ | ᠠᠵᠢᠯ ᠢ ᠰᠢᠨᠵᠢᠯᠡᠬᠦ ᠤᠬᠠᠭᠠᠨᠴᠢᠯᠠᠬᠤ᠂ ᠵᠢᠷᠤᠮᠵᠢᠭᠤᠯᠬᠤ᠂ ᠨᠠᠷᠢᠯᠢᠬᠵᠢᠭᠤᠯᠬᠤ ᠬᠢᠷᠢ ᠬᠡᠮᠵᠢᠶ᠎ᠡ ᠶᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠎ᠡ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠠᠵᠢᠯ ᠳᠤ | ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠡᠷᠦᠩᠬᠡᠶ | ᠬᠥᠭ ᠠᠶᠠᠰ ᠢ ᠦᠷᠭᠦᠯᠵᠢᠯᠡᠨ ᠪᠠᠷᠢᠮᠲᠠᠯᠠᠵᠤ᠂ ︽ᠦᠨᠳᠦᠰᠦᠨ ᠵᠦᠢᠯ ᠢ ᠪᠠᠲᠤᠯᠠᠬᠤ︾ ᠪᠠᠶᠢᠷᠢ ᠲᠣᠭᠲᠠᠭᠠᠯᠲᠠ ᠶᠢ | ᠪᠠᠲᠤ ᠡᠵᠡᠮᠳᠡᠵᠦ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠬᠢᠷᠢ ᠪᠠᠷ ᠢᠶᠠᠨ ᠬᠢᠵᠦ᠂ ᠡᠮ ᠤᠨ | ᠵᠦᠢᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠠᠵᠤ ᠠᠬᠤᠶ ᠪᠠ ᠡᠳ᠋ ᠤᠨ ᠬᠦᠴᠦᠨ ᠤ | ᠲᠤᠯᠭᠠᠭᠤᠷᠢᠯᠠᠬᠤ ᠴᠢᠳᠠᠪᠤᠷᠢ ᠶᠢᠨ ᠰᠠᠭᠤᠷᠢᠨ ᠳᠡᠭᠡᠷ᠎ᠡ ᠪᠠᠶᠢᠭᠤᠯᠤᠨ᠎ᠠ᠃ ᠡᠭᠦᠨ ᠤ ᠬᠠᠮᠲᠤ᠂ ᠡᠮ ᠤᠨ ᠵᠦᠢᠯ ᠤᠨ | ᠬᠠᠩᠭᠠᠯᠭ᠎ᠠ ᠶᠢᠨ ᠪᠠᠲᠤᠯᠠᠭ᠎ᠠ ᠶᠢᠨ ᠪᠠᠶᠢᠳᠠᠯ ᠢ ᠬᠢᠨᠠᠨ ᠬᠡᠮᠵᠢᠬᠦ ᠪᠠ ᠬᠠᠮᠢᠶᠠᠷᠬᠤ ᠶᠢ ᠨᠠᠩ ᠠᠩᠬᠠᠷᠴᠤ᠂ ᠡᠮᠴᠢᠯᠡᠭᠡᠨ ᠤ | ᠳᠠᠭᠠᠳᠬᠠᠯ ᠤᠨ ᠡᠮ ᠤᠨ ᠵᠦᠢᠯ ᠤᠨ ᠪᠣᠯᠤᠮᠵᠢᠲᠤ ᠴᠢᠨᠠᠷ ᠢ ᠳᠡᠭᠡᠭᠰᠢᠯᠡᠭᠦᠯᠦᠨ᠎ᠡ᠃ ᠲᠥᠷᠥᠯ ᠵᠦᠢᠯ ᠶᠡᠷᠦᠩᠬᠡᠶ ᠳᠡᠭᠡᠨ | ᠲᠣᠭᠲᠠᠭᠤᠨ᠂ ᠵᠥᠪᠰᠢᠶᠡᠷᠡᠨ ᠣᠷᠣᠭᠤᠯᠬᠤ ᠨᠥᠬᠦᠴᠡᠯ ᠪᠠ ᠠᠵᠢᠯ ᠤᠨ ᠴᠤᠪᠤᠷᠠᠯ ᠢ ᠦᠨᠳᠦᠰᠦᠨ ᠳᠡᠭᠡᠨ | ᠬᠤᠪᠢᠷᠠᠭᠤᠯᠬᠤ ᠦᠭᠡᠶ ᠪᠠᠶᠢᠬᠤ ᠶᠢ ᠪᠠᠲᠤᠯᠠᠭᠰᠠᠨ ᠤᠷᠢᠲᠠᠯ ᠳᠣᠤᠷ᠎ᠠ᠂ ᠬᠢᠨᠠᠨ ᠲᠣᠭᠲᠠᠭᠠᠬᠤ᠂ ᠲᠥᠰᠦᠭᠡᠯᠡᠨ | ᠪᠣᠳᠣᠬᠤ ᠵᠡᠷᠭᠡ ᠪᠣᠳᠠᠲᠠᠶ ᠳᠦᠷᠢᠮ ᠢ ᠦᠷᠭᠦᠯᠵᠢᠯᠡᠨ ᠵᠢᠷᠤᠮᠵᠢᠭᠤᠯᠤᠨ᠎ᠠ᠃ | ᠭᠤᠷᠪᠠ᠂ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ᠂ ︽ᠠᠵᠢᠯ ᠤᠨ ᠲᠥᠰᠥᠯ︾ ᠳᠤ ᠶᠠᠮᠠᠷ ᠶᠠᠮᠠᠷ ᠪᠣᠳᠠᠲᠠᠢ | ᠬᠤᠪᠢᠷᠠᠯᠲᠠ ᠭᠠᠷᠤᠭᠰᠠᠨ ᠪᠣᠢ︖ | ᠥᠩᠭᠡᠷᠡᠭᠰᠡᠨ ᠵᠢᠯ ᠤᠨ ᠲᠤᠷᠰᠢᠯᠭ᠎ᠠ ᠶᠢᠨ ᠰᠠᠭᠤᠷᠢᠨ ᠳᠡᠭᠡᠷ᠎ᠡ᠂ ᠡᠨᠡ ᠵᠢᠯ ︽ᠠᠵᠢᠯ ᠤᠨ ᠲᠥᠰᠦᠯ︾ ᠳᠤ | ᠪᠠᠭ᠎ᠠ ᠬᠡᠮᠵᠢᠶᠡᠨ ᠤ ᠲᠣᠬᠢᠷᠠᠭᠤᠯᠤᠯᠲᠠ ᠬᠢᠪᠡ᠃ ᠡᠭᠦᠨ ᠳᠤ ᠭᠤᠤᠯᠳᠠᠭᠤ ᠳᠣᠤᠷᠠᠬᠢ ᠭᠤᠷᠪᠠᠨ ᠲᠠᠯ᠎ᠠ ᠶᠢ | ᠪᠠᠭᠲᠠᠭᠠᠨ᠎ᠠ᠄ ᠨᠢᠭᠡ ᠳᠤ ᠭᠤᠶᠤᠴᠢᠯᠠᠨ ᠮᠡᠳᠡᠭᠦᠯᠬᠦ ᠨᠥᠬᠦᠴᠡᠯ ᠤᠨ ᠲᠠᠯ᠎ᠠ ᠪᠠᠷ᠃ᠳᠦᠷᠢᠮ ᠶᠣᠰᠣᠭᠠᠷ ᠡᠮ ᠤᠨ | ᠵᠦᠢᠯ ᠤᠨ ᠵᠥᠪᠰᠢᠶᠡᠷᠡᠯ ᠣᠯᠣᠭᠰᠠᠨ ᠪᠠ ᠵᠣᠬᠢᠴᠠᠬᠤ ᠭᠡᠮ ᠳᠤ ᠵᠠᠰᠠᠪᠤᠷᠢ ᠣᠷᠣᠭᠤᠯᠤᠭᠰᠠᠨ ᠴᠠᠭ ᠤᠨ | ᠱᠠᠭᠠᠷᠳᠠᠯᠭ᠎ᠠ ᠶᠢ ᠤᠷᠲᠤᠳᠬᠠᠵᠤ᠂ 2019 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠬᠤᠶᠢᠰᠢ ᠵᠠᠬ᠎ᠠ | ᠳᠡᠯᠭᠡᠭᠦᠷ ᠲᠤ ᠭᠠᠷᠭᠠᠬᠤ ᠪᠠᠷ ᠵᠥᠪᠰᠢᠶᠡᠷᠡᠭᠳᠡᠭᠰᠡᠨ ᠪᠤᠶᠤ ᠵᠣᠬᠢᠴᠠᠬᠤ ᠭᠡᠮ ᠳᠤ ᠵᠠᠰᠠᠪᠤᠷᠢ ᠣᠷᠣᠭᠤᠯᠤᠭᠰᠠᠨ ᠡᠮ ᠤᠨ | ᠵᠦᠢᠯ ᠭᠤᠶᠤᠴᠢᠯᠠᠨ ᠮᠡᠳᠡᠭᠦᠯᠵᠦ ᠪᠣᠯᠣᠨ᠎ᠠ᠃ ᠬᠤᠶᠠᠷ ᠲᠤ ᠰᠢᠯᠵᠢᠭᠦᠯᠦᠨ ᠭᠠᠷᠬᠠᠬᠤ ᠲᠥᠷᠥᠯ ᠵᠦᠢᠯ ᠤᠨ ᠬᠦᠷᠢᠶ᠎ᠡ | ᠬᠡᠪᠴᠢᠶᠡᠨ ᠤ ᠲᠠᠯ᠎ᠠ ᠪᠠᠷ᠃ ᠣᠶᠢᠷ᠎ᠠ ᠶᠢᠨ 3 ᠵᠢᠯ ᠳᠤ ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠭᠰᠠᠨ ᠡᠮ | ᠡᠮᠨᠡᠯᠭᠡ ᠶᠢᠨ ᠪᠠᠶᠢᠭᠤᠯᠤᠮᠵᠢ ᠳᠤ ᠬᠠᠩᠭᠠᠭᠰᠠᠨ ᠦᠭᠡᠢ ᠬᠡᠪ ᠤᠨ ᠭᠠᠷᠴᠠᠭ ᠤᠨ ᠡᠮ ᠤᠨ ᠵᠦᠢᠯ᠂ ᠵᠢᠴᠢ | ᠬᠡᠯᠡᠯᠴᠡᠭᠡᠷ ᠲᠤ ᠪᠣᠯᠵᠣᠨ ᠲᠣᠭᠲᠠᠭᠰᠠᠨ ᠶᠣᠰᠣᠭᠠᠷ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠭᠰᠠᠨ ᠦᠭᠡᠢ | ᠬᠡᠯᠡᠯᠴᠡᠭᠡᠷ ᠤᠨ ᠡᠮ ᠤᠨ ᠵᠦᠢᠯ ᠢ ᠭᠤᠣᠯᠳᠠᠯᠭ᠎ᠠ ᠳᠤ ᠪᠣᠳᠣᠯᠬᠢᠯᠠᠬᠤ ᠪᠠᠶᠢᠳᠠᠯ ᠳᠤ ᠵᠢᠭᠰᠠᠭᠠᠨ ᠣᠷᠣᠭᠤᠯᠵᠤ᠂ | ᠬᠠᠩᠭᠠᠯᠭ᠎ᠠ ᠶᠢᠨ ᠪᠠᠲᠤᠯᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠭᠤᠷᠪᠠ ᠳᠤ ᠲᠤᠰᠬᠠᠶ ᠮᠡᠷᠭᠡᠵᠢᠯᠲᠡᠨ ᠤ | ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠲᠤᠰᠬᠠᠶ ᠮᠡᠷᠭᠡᠵᠢᠯᠲᠡᠨ ᠤ ᠣᠷᠣᠯᠴᠠᠬᠤ ᠳᠦᠷᠢᠮ ᠪᠣᠯᠤᠨ ᠰᠢᠯᠢᠨ | ᠰᠣᠩᠭᠤᠬᠤ ᠪᠠᠷᠢᠮᠵᠢᠶ᠎ᠠ ᠶᠢᠨ ᠨᠥᠬᠦᠴᠡᠯ ᠢ ᠲᠣᠳᠣᠷᠬᠠᠶᠢᠯᠠᠵᠤ᠂ ᠲᠤᠰᠬᠠᠶ ᠮᠡᠷᠭᠡᠵᠢᠯᠲᠡᠨ ᠤ ᠲᠤᠰᠬᠠᠶ ᠮᠡᠷᠭᠡᠵᠢᠯ ᠤᠨ | ᠪᠣᠯᠪᠠᠰᠤᠷᠠᠯ ᠪᠣᠯᠤᠨ ᠵᠢᠯᠣᠭᠤᠳᠣᠯᠭ᠎ᠠ ᠶᠢ ᠴᠢᠩᠭᠠᠳᠬᠠᠨ᠂ ᠬᠢᠨᠠᠨ ᠲᠣᠭᠲᠠᠭᠠᠵᠤ ᠲᠥᠰᠦᠭᠡᠯᠡᠨ ᠪᠣᠳᠣᠬᠤ ᠶᠢᠨ | ᠰᠢᠨᠵᠢᠯᠡᠬᠦ ᠤᠬᠠᠭᠠᠨᠴᠢ ᠴᠢᠨᠠᠷ᠂ ᠵᠢᠷᠤᠮᠵᠢᠯᠳᠤ ᠴᠢᠨᠠᠷ ᠢ ᠳᠡᠭᠡᠭᠰᠢᠯᠡᠭᠦᠯᠦᠨ᠎ᠡ᠃ ᠲᠤᠰᠬᠠᠢ ᠮᠡᠷᠭᠡᠵᠢᠯᠲᠡᠨ ᠤ ᠲᠥᠪ | ᠭᠤᠣᠯᠴᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠠᠮᠠᠯᠠᠯᠲᠠ᠂ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ᠂ | ᠭᠠᠳᠠᠭᠰᠢ ᠤᠬᠠᠭᠤᠯᠭ᠎ᠠ ᠵᠡᠷᠭᠡ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠲᠦᠷᠪᠡ᠂ ᠤᠯᠤᠰ ᠤᠨ ᠬᠡᠯᠡᠯᠴᠡᠭᠡᠷ ᠤᠨ ᠡᠮ ᠤᠨ ᠵᠦᠢᠯ ᠤᠨ ᠬᠠᠩᠭᠠᠯᠭ᠎ᠠ ᠶᠢ ᠪᠠᠲᠤᠯᠠᠬᠤ ᠲᠠᠯ᠎ᠠ ᠪᠠᠷ ᠶᠠᠮᠠᠷ ᠶᠠᠮᠠᠷ | ᠪᠣᠳᠣᠯᠬᠢᠯᠠᠯ ᠪᠠᠶᠢᠬᠤ ᠪᠤᠢ︖ | ᠡᠮ ᠤᠨ ᠵᠦᠢᠯ ᠢ ᠬᠡᠯᠡᠯᠴᠡᠭᠡᠷ ᠢᠶᠠᠷ ᠳᠠᠮᠵᠢᠭᠤᠯᠤᠨ ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ | ᠣᠷᠣᠭᠤᠯᠬᠤ ᠨᠢ᠂ ᠭᠠᠷᠴᠠᠭ ᠲᠤ ᠲᠣᠬᠢᠷᠠᠭᠤᠯᠤᠯᠲᠠ ᠬᠢᠬᠦ ᠶᠢᠨ ᠡᠴᠦᠰ ᠤᠨ ᠴᠡᠭ ᠪᠢᠰᠢ᠂ ᠬᠠᠷᠢᠨ ᠡᠬᠢᠯᠡᠯᠲᠡ ᠶᠢᠨ | ᠴᠡᠭ ᠮᠥᠨ᠂ ᠡᠴᠦᠰ ᠤᠨ ᠬᠠᠷᠠᠯᠲᠠ ᠪᠣᠯ ᠳᠠᠭᠠᠳᠬᠠᠯ ᠳᠤ ᠣᠷᠣᠯᠴᠠᠭᠰᠠᠳ ᠲᠤ ᠬᠤᠳᠠᠯᠳᠤᠨ ᠠᠪᠤᠭᠤᠯᠵᠤ | ᠳᠡᠶᠢᠯᠬᠦ᠂ ᠬᠡᠷᠡᠭᠯᠡᠭᠦᠯᠵᠦ ᠳᠡᠶᠢᠯᠬᠦ᠂ ᠳᠠᠩᠰᠠ ᠴᠠᠶᠢᠷᠠᠭᠤᠯᠵᠤ ᠳᠡᠶᠢᠯᠬᠦ ᠶᠠᠪᠤᠳᠠᠯ ᠪᠣᠯᠤᠨ᠎ᠠ᠃ ᠲᠣᠰ ᠤᠳᠠᠭᠠᠨ ᠤ | ᠭᠠᠷᠴᠠᠭ ᠲᠤ ᠲᠣᠬᠢᠷᠠᠭᠤᠯᠤᠯᠲᠠ ᠬᠢᠭᠰᠡᠨ ᠨᠢ᠂ ᠰᠢᠯᠵᠢᠭᠦᠯᠦᠨ ᠭᠠᠷᠭᠠᠭᠰᠠᠨ ᠪᠠᠶᠢᠳᠠᠯ ᠳᠤ ᠬᠡᠯᠡᠯᠴᠡᠭᠡᠷ ᠲᠤ ᠪᠣᠯᠵᠣᠨ | ᠲᠣᠭᠲᠠᠭᠰᠠᠨ ᠶᠣᠰᠣᠭᠠᠷ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠭᠰᠠᠨ ᠦᠭᠡᠢ ᠬᠡᠯᠡᠯᠴᠡᠭᠡᠷ ᠤᠨ ᠡᠮ ᠤᠨ | ᠵᠦᠢᠯ ᠠᠴᠠ ᠭᠠᠳᠠᠨ᠎ᠠ᠂ ᠡᠨᠡ ᠵᠢᠯ ᠤᠨ ᠬᠡᠯᠡᠯᠴᠡᠭᠡᠷ ᠤᠨ ᠪᠢᠴᠢᠭ ᠲᠤ ᠡᠮ ᠤᠨ ᠵᠦᠢᠯ ᠤᠨ ᠬᠠᠩᠭᠠᠯᠭ᠎ᠠ ᠶᠢ | ᠪᠠᠲᠤᠯᠠᠬᠤ ᠲᠤᠬᠠᠶ ᠵᠦᠢᠯ ᠵᠤᠷᠪᠤᠰ ᠢ ᠨᠡᠮᠡᠭᠳᠡᠭᠦᠯᠬᠦ ᠶᠢᠨ ᠬᠠᠮᠲᠤ ᠰᠢᠯᠭᠠᠨ ᠦᠨᠡᠯᠡᠬᠦ ᠬᠠᠮᠢᠶᠠᠷᠤᠯᠲᠠ ᠳᠤ | ᠣᠷᠣᠭᠤᠯᠵᠤ᠂ ᠡᠮ ᠡᠮᠨᠡᠯᠭᠡ ᠶᠢᠨ ᠠᠵᠤ ᠠᠬᠤᠶᠢᠯᠠᠯ ᠤᠨ ᠬᠡᠯᠡᠯᠴᠡᠭᠡ ᠬᠢᠵᠦ ᠡᠮᠴᠢᠯᠡᠭᠡᠨ ᠤ ᠳᠠᠭᠠᠳᠬᠠᠯ ᠤᠨ | ᠭᠠᠷᠴᠠᠭ ᠲᠤ ᠣᠷᠣᠭᠤᠯᠤᠭᠰᠠᠨ ᠤ ᠳᠠᠷᠠᠭ᠎ᠠ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠰᠠᠶᠢᠲᠤᠷ ᠪᠠᠲᠤᠯᠠᠬᠤ ᠶᠢ | ᠰᠢᠪᠠᠳᠠᠨ᠎ᠠ᠂ ᠡᠭᠦᠨ ᠤ ᠤᠯᠠᠮ ᠠᠴᠠ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠤ ᠡᠷᠬᠡ | ᠠᠰᠢᠭ ᠢ ᠨᠠᠩ ᠰᠠᠶᠢᠲᠤᠷ ᠪᠠᠲᠤᠯᠠᠨ᠎ᠠ᠃ | ᠲᠠᠪᠤ᠂ ᠡᠨᠡ ᠵᠢᠯ ᠤᠨ ᠭᠡᠷ᠎ᠡ ᠶᠢ ᠦᠷᠭᠦᠯᠵᠢᠯᠡᠭᠦᠯᠬᠦ ᠳᠦᠷᠢᠮ ᠪᠠ ᠦᠨ᠎ᠡ ᠬᠠᠶᠠᠯᠴᠠᠬᠤ ᠳᠦᠷᠢᠮ ᠳᠤ ᠬᠤᠪᠢᠷᠠᠯᠲᠠ | ᠭᠠᠷᠤᠭᠰᠠᠨ ᠤᠤ︖ | ᠠᠵᠤ ᠠᠬᠤᠶᠢᠯᠠᠯ ᠤᠨ ᠵᠢᠱᠢᠯᠲᠡ ᠶᠢ ᠲᠣᠭᠲᠠᠪᠤᠷᠢᠵᠢᠭᠤᠯᠬᠤ ᠶᠢᠨ ᠲᠥᠯᠥᠭᠡ᠂ ᠡᠨᠡ ᠵᠢᠯ ᠤᠨ ᠭᠡᠷ᠎ᠡ ᠶᠢ | ᠦᠷᠭᠦᠯᠵᠢᠯᠡᠬᠦ ᠳᠦᠷᠢᠮ ᠪᠣᠯᠣᠨ ᠦᠨ᠎ᠡ ᠬᠠᠶᠠᠯᠴᠠᠬᠤ ᠳᠦᠷᠢᠮ ᠨᠢ ᠥᠩᠭᠡᠷᠡᠭᠰᠡᠨ ᠵᠢᠯ ᠤᠨ ᠬᠢ ᠲᠠᠢ | ᠦᠨᠳᠦᠰᠦᠨ ᠳᠡᠭᠡᠨ ᠨᠢᠭᠡᠳᠦᠯᠲᠡᠶ᠃ ᠨᠢᠭᠡᠳᠦᠭᠡᠷ ᠪᠦᠯᠦᠭ ᠦᠨ᠎ᠡ ᠬᠠᠶᠠᠯᠴᠠᠬᠤ ᠲᠥᠷᠥᠯ ᠵᠦᠢᠯ ᠤᠨ ᠥᠭᠬᠦ | ᠪᠠᠷᠢᠮᠵᠢᠶ᠎ᠠ ᠶᠢᠨ ᠬᠦᠴᠦᠨ ᠲᠠᠢ ᠬᠤᠭᠤᠴᠠᠭ᠎ᠠ ᠨᠢ ᠡᠨᠡ ᠵᠢᠯ ᠤᠨ 12 ᠳ᠋ᠤᠭᠠᠷ ᠰᠠᠷ᠎ᠠ ᠶᠢᠨ 31 ᠤ ᠡᠳᠦᠷ ᠲᠤᠯᠤᠨ᠎ᠠ᠂ | ᠡᠨᠡ ᠵᠢᠯ ᠤᠨ ᠦᠨ᠎ᠡ ᠬᠠᠶᠠᠯᠴᠠᠬᠤ ᠳᠦᠷᠢᠮ ᠳᠣᠲᠣᠷ᠎ᠠ ᠲᠣᠭᠠᠴᠠᠭ᠎ᠠ ᠬᠢᠬᠦ ᠪᠠᠷᠢᠮᠵᠢᠶ᠎ᠠ ᠶᠢᠨ ᠬᠦᠴᠦᠨ ᠲᠠᠢ | ᠬᠤᠭᠤᠴᠠᠭ᠎ᠠ ᠨᠢ ᠲᠤᠯᠤᠭᠰᠠᠨ ᠲᠥᠷᠥᠯ ᠵᠦᠢᠯ ᠢ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠯᠲᠠ ᠪᠠᠷ | ᠳᠠᠮᠵᠢᠭᠤᠯᠤᠨ ᠡᠩ ᠤᠨ ᠭᠠᠷᠴᠠᠭ ᠤᠨ ᠬᠠᠮᠢᠶᠠᠷᠤᠯᠲᠠ ᠳᠤ ᠣᠷᠣᠭᠤᠯᠬᠤ ᠲᠤᠬᠠᠶ ᠥᠭᠦᠯᠡᠯᠲᠡ ᠶᠢ ᠨᠡᠮᠡᠵᠦ᠂ | ᠳᠦᠷᠢᠮ ᠢ ᠨᠡᠩ ᠲᠡᠭᠦᠯᠳᠡᠷᠵᠢᠭᠦᠯᠪᠡ᠃ | ᠵᠢᠷᠭᠤᠭ᠎ᠠ᠂ ᠡᠨᠡ ᠵᠢᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠴᠠᠭ ᠢ ᠬᠡᠷᠬᠢᠨ | ᠲᠣᠬᠢᠷᠠᠭᠤᠯᠬᠤ ᠪᠣᠶ︖ | ︽ᠠᠵᠢᠯ ᠤᠨ ᠲᠥᠰᠦᠯ︾ ᠢ ᠦᠨᠳᠦᠰᠦᠯᠡᠪᠡᠯ᠂ ᠡᠨᠡ ᠵᠢᠯ ᠤᠨ ᠠᠵᠢᠯ ᠤᠨ ᠶᠠᠪᠤᠴᠠ ᠶᠢ ᠮᠥᠨ ᠬᠦ | ᠪᠡᠯᠡᠳᠬᠡᠯ᠂ ᠭᠤᠶᠤᠴᠢᠯᠠᠨ ᠮᠡᠳᠡᠭᠦᠯᠬᠦ᠂ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ᠂ ᠬᠡᠯᠡᠯᠴᠡᠭᠡ ᠬᠢᠬᠦ᠂ ᠦᠷ᠎ᠡ | ᠳ᠋ᠦᠩ ᠢ ᠨᠡᠶᠢᠲᠡᠯᠡᠬᠦ ᠵᠡᠷᠭᠡ 5 ᠱᠠᠲᠤ ᠬᠤᠪᠢᠶᠠᠨ᠎ᠠ᠃ 7 ᠳ᠋ᠤᠭᠠᠷ ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ | ᠭᠤᠶᠤᠴᠢᠯᠠᠨ ᠮᠡᠳᠡᠭᠦᠯᠵᠦ᠂ 11 ᠳ᠋ᠦ᠋ᠭᠡᠷ ᠰᠠᠷ᠎ᠠ ᠳᠤ ᠬᠡᠯᠡᠯᠴᠡᠭᠡ ᠶᠢ ᠪᠡᠶᠡᠯᠡᠭᠦᠯᠬᠦ ᠶᠢᠨ ᠬᠠᠮᠲᠤ ᠦᠷ᠎ᠡ ᠳ᠋ᠦᠩ ᠢ | ᠨᠡᠶᠢᠲᠡᠯᠡᠬᠦ ᠪᠠᠷ ᠴᠢᠷᠮᠠᠶᠢᠨ᠎ᠠ᠃ | |