︽ᠦᠨᠡᠨ︾ ᠰᠡᠳᠭᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ  ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2024/7/1
  ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 30 ᠤ ᠴᠠᠭᠢᠯᠭᠠᠨ ᠮᠡᠳᠡᠭᠡ 7 ᠰᠠᠷ᠎ᠠ ᠶᠢᠨ 1 ᠤ ᠡᠳᠦᠷ ᠬᠡᠪᠯᠡᠭᠳᠡᠬᠦ 13 ᠳ᠋ᠤᠭᠠᠷ ᠬᠤᠭᠤᠴᠠᠭ᠎ᠠ ᠶᠢᠨ ︽ ᠦᠨᠡᠨ ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ 2022 ᠣᠨ ᠤ 10 ᠰᠠᠷ᠎ᠠ ᠶᠢᠨ 16 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ ᠤᠨ ᠨᠢᠭᠡ ᠬᠡᠰᠡᠭ ᠪᠤᠯᠬᠤ ︽ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ ︾ ᠶᠢ ᠨᠡᠶᠢᠲᠡᠯᠡᠪᠡ ᠃  ᠵᠣᠬᠢᠶᠠᠯ ᠳᠤ ᠂ ᠤᠳᠤ ᠠᠴᠠ ᠡᠬᠢᠯᠡᠨ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠣᠯ ᠡᠭᠦᠷᠭᠡ ᠪᠣᠯ ᠳᠠᠷᠤᠢ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠠᠪᠤᠳᠠᠯ ᠪᠣᠯᠣᠨ᠎ᠠ ᠭᠡᠵᠦ ᠴᠢᠬᠤᠯᠠᠴᠢᠯᠠᠪᠠ ᠃  ᠵᠣᠬᠢᠶᠠᠯ ᠳᠤ ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠤᠷᠳᠤ ᠬᠤᠭᠤᠴᠠᠭᠠᠨ ᠤ ᠰᠦᠪᠡᠭᠴᠢᠯᠡᠯᠲᠡ ᠪᠠ ᠦᠢᠯᠡᠳᠦᠯᠭᠡ ᠶᠢᠨ ᠰᠠᠭᠤᠷᠢᠨ ᠳᠡᠭᠡᠷ᠎ᠡ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠤᠨᠤᠯ ᠪᠠ ᠦᠢᠯᠡᠳᠦᠯᠭᠡ ᠶᠢᠨ ᠲᠠᠯ᠎ᠠ ᠪᠠᠷ ᠰᠢᠨ᠎ᠡ ᠶᠢ ᠡᠭᠦᠳᠬᠦ ᠰᠢᠪᠲᠤᠯᠤᠯᠲᠠ ᠬᠢᠬᠦ ᠪᠠᠷ ᠲᠠᠮᠵᠢᠨ ᠂ ᠮᠠᠨ ᠤ ᠨᠠᠮ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠮᠵᠢᠯᠲᠠ ᠲᠠᠢ ᠪᠠᠷ ᠠᠬᠢᠭᠤᠯᠤᠨ ᠥᠷᠭᠡᠳᠬᠡᠪᠡ ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ ᠣᠳᠣᠬᠢᠴᠢᠯᠠᠯᠲᠠ ᠮᠥᠨ ᠂ ᠡᠯ᠎ᠡ ᠤᠯᠤᠰ ᠤᠨ ᠣᠳᠣᠬᠢᠴᠢᠯᠠᠯᠲᠠ ᠶᠢᠨ ᠬᠠᠮᠲᠤ ᠶᠢᠨ ᠣᠨᠴᠠᠯᠢᠭ ᠲᠠᠢ ᠪᠥᠭᠡᠳ ᠨᠡᠩ ᠴᠤ ᠥᠪᠡᠷ ᠤᠨ ᠤᠯᠤᠰ ᠤᠨ ᠪᠠᠶᠢᠳᠠᠯ ᠳᠠᠭᠠᠨ ᠰᠠᠭᠤᠷᠢᠯᠠᠭᠰᠠᠨ ᠳᠤᠮᠳᠠᠳᠤ ᠤᠯᠤᠰ ᠤᠨ ᠣᠨᠴᠠᠯᠢᠭ ᠲᠠᠢ ᠶᠤᠮ ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠥᠮᠥᠨ ᠠᠮᠠ ᠶᠢᠨ ᠬᠡᠪᠴᠢᠶ᠎ᠡ ᠪᠠᠷ ᠯᠤᠲᠤ ᠶᠡᠭᠡ ᠣᠳᠣᠬᠢᠴᠢᠯᠠᠯᠲᠠ ᠂ ᠪᠦᠭᠦ ᠠᠷᠠᠳ ᠲᠦᠮᠡᠨ ᠬᠠᠮᠲᠤ ᠪᠠᠷ ᠪᠠᠶᠠᠵᠢᠬᠤ ᠣᠳᠣᠬᠢᠴᠢᠯᠠᠯᠲᠠ ᠂ ᠪᠣᠳᠠᠰ ᠤᠨ ᠪᠣᠯᠪᠠᠰᠤᠨ ᠪᠠ ᠣᠶᠤᠨ ᠤ ᠪᠣᠯᠪᠠᠰᠤᠨ ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠯᠲᠠ ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠂ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠣᠳᠣᠬᠢᠴᠢᠯᠠᠯᠲᠠ ᠮᠥᠨ ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ ᠪᠣᠯ ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠵᠤ ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ ᠂ ᠠᠷᠠᠳ ᠲᠦᠮᠡᠨ ᠤ ᠣᠶᠤᠨ ᠰᠠᠨᠠᠭᠠᠨ ᠤ ᠶᠢᠷᠲᠢᠨᠴᠦ ᠶᠢ ᠪᠠᠶᠠᠯᠢᠭᠵᠢᠭᠤᠯᠵᠤ ᠂ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠪᠡᠶᠡᠯᠡᠭᠦᠯᠵᠦ ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ ᠂ ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ ᠪᠠᠶᠢᠳᠠᠯ ᠢ ᠡᠭᠦᠳᠬᠦ ᠶᠠᠪᠤᠳᠠᠯ ᠪᠣᠯᠣᠨ᠎ᠠ ᠭᠡᠵᠦ ᠵᠢᠭᠠᠵᠤ ᠭᠠᠷᠭᠠᠪᠠ ᠃  ᠵᠣᠬᠢᠶᠠᠯ ᠳᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠂ ᠶᠡᠷᠦᠩᠬᠡᠢ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ ᠪᠣᠯ ᠬᠤᠶᠠᠷ ᠠᠯᠬᠤᠮ ᠢᠶᠠᠷ ᠶᠠᠪᠤᠬᠤ ᠶᠠᠪᠤᠳᠠᠯ ᠪᠣᠯᠣᠨ᠎ᠠ ᠄ 2020 ᠣᠨ ᠠᠴᠠ 2035 ᠣᠨ ᠪᠤᠯᠲᠠᠯ᠎ᠠ ᠨᠡᠶᠢᠭᠡᠮ ᠵᠢᠷᠤᠮᠲᠤ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ ︔ 2035 ᠣᠨ ᠠᠴᠠ ᠲᠤᠰ ᠵᠠᠭᠤᠨ ᠤ ᠳᠤᠮᠳᠠᠴᠢ ᠦᠶ᠎ᠡ ᠪᠤᠯᠲᠠᠯ᠎ᠠ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠲᠦᠭᠡᠨ ᠪᠠᠶᠢᠭᠤᠯᠤᠨ᠎ᠠ ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠪᠣᠯ ᠨᠢᠭᠡᠨ ᠠᠭᠤᠤ ᠶᠡᠭᠡ ᠪᠥᠭᠡᠳ ᠪᠡᠷᠬᠡ ᠬᠠᠲᠠᠭᠤᠵᠢᠯᠲᠠᠢ ᠦᠢᠯᠡᠰ ᠮᠥᠨ ᠂ ᠢᠷᠡᠭᠡᠳᠦᠢ ᠭᠡᠭᠡᠨ ᠰᠠᠷᠠᠭᠤᠯ ᠂ ᠡᠭᠦᠷᠭᠡ ᠬᠦᠨᠳᠦ ᠵᠠᠮ ᠬᠤᠯᠠ ᠶᠤᠮ ᠃ ᠤᠷᠤᠭᠰᠢᠯᠠᠯᠲᠠ ᠶᠢᠨ ᠵᠠᠮ ᠳᠡᠭᠡᠷ᠎ᠡ ᠡᠷᠬᠡᠪᠰᠢ ᠳᠣᠣᠷᠠᠬᠢ ᠴᠢᠬᠤᠯᠠ ᠶᠡᠭᠡ ᠵᠠᠷᠴᠢᠮ ᠢ ᠪᠠᠲᠤ ᠡᠵᠡᠮᠰᠢᠬᠦ ᠬᠡᠷᠡᠭᠲᠡᠢ ᠄ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠵᠤ ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠪᠠᠷᠢᠮᠲᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃  ᠵᠣᠬᠢᠶᠠᠯ ᠳᠤ ᠂ ᠥᠨᠥᠳᠥᠷ ᠪᠢᠳᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠬᠠᠷᠠᠯᠲᠠ ᠳᠤ ᠲᠡᠦᠬᠡ ᠶᠢᠨ ᠠᠯᠢ ᠴᠤ ᠦᠶ᠎ᠡ ᠠᠴᠠ ᠨᠡᠩ ᠢᠯᠡᠭᠦᠦ ᠣᠶᠢᠷᠠᠳᠴᠤ ᠂ ᠡᠨᠡ ᠬᠦ ᠬᠠᠷᠠᠯᠲᠠ ᠶᠢ ᠪᠡᠶᠡᠯᠡᠭᠦᠯᠬᠦ ᠢᠲᠡᠭᠡᠯ ᠪᠠ ᠴᠢᠳᠠᠪᠤᠷᠢ ᠲᠡᠦᠬᠡ ᠶᠢᠨ ᠠᠯᠢ ᠴᠤ ᠦᠶ᠎ᠡ ᠠᠴᠠ ᠢᠯᠡᠭᠦᠦ ᠴᠢᠩᠭᠠᠷᠠᠵᠠᠢ ᠂ ᠡᠭᠦᠨ ᠤ ᠵᠡᠷᠭᠡ ᠪᠠᠷ ᠡᠷᠬᠡᠪᠰᠢ ᠨᠡᠩ ᠪᠡᠷᠬᠡ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠪᠠᠷ ᠪᠡᠯᠡᠳᠬᠡᠬᠦ ᠬᠡᠷᠡᠭᠲᠡᠢ ᠃ ᠪᠦᠭᠦ ᠨᠠᠮ ᠢᠶᠠᠷ ᠢᠶᠠᠨ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠨ ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠤ ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠲᠠᠨᠢᠵᠤ ᠬᠤᠪᠢᠷᠠᠯᠲᠠ ᠶᠢ ᠠᠷᠭᠠᠴᠠᠭᠠᠨ ᠬᠤᠪᠢᠷᠠᠯᠲᠠ ᠶᠢ ᠡᠷᠢᠯᠬᠢᠯᠡᠵᠦ ᠂ ᠰᠠᠨᠠᠭᠠᠴᠢᠯᠠᠭ᠎ᠠ ᠠᠴᠠ ᠪᠠᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠢᠯᠠᠯᠲᠠ ᠶᠢ ᠲᠠᠰᠤᠷᠠᠯᠳᠠ ᠦᠭᠡᠢ ᠲᠡᠮᠡᠴᠡᠨ ᠣᠯᠬᠤ ᠬᠡᠷᠡᠭᠲᠡᠢ ︕ ᠭᠡᠵᠦ ᠴᠢᠬᠤᠯᠠᠴᠢᠯᠠᠪᠠ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号