2024 ᠣᠨ ᠤ 6 ᠳ᠋ᠤᠭᠠᠷ ᠰᠠᠷ᠎ᠠ ᠳᠤ ᠦᠬᠠᠶ ᠬᠤᠲᠠ ᠶᠢᠨ ᠨᠡᠮᠡᠵᠦ ᠨᠥᠬᠦᠪᠥᠷᠢᠯᠡᠬᠦ ᠪᠠᠷ ᠪᠠᠶᠢᠭ᠎ᠠ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠵᠢᠴᠢ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠳ᠋ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠢᠨ ᠰᠣᠩᠭᠤᠭᠰᠠᠨ ᠦᠷ᠎ᠡ ᠳ᠋ᠦᠩ ᠤᠨ ᠮᠡᠳᠡᠭᠳᠡᠯ
ᠨᠡᠶᠢᠲᠡᠯᠡᠭᠰᠡᠨ ᠴᠠᠭ᠄
2024/7/10
  ︽2024 ᠣᠨ ᠤ ᠳᠡᠭᠡᠷ᠎ᠡ ᠬᠠᠭᠠᠰ ᠵᠢᠯ ᠳᠤ ᠦᠬᠠᠶ ᠬᠤᠲᠠ ᠶᠢᠨ ᠨᠡᠮᠡᠵᠦ ᠨᠥᠬᠦᠪᠥᠷᠢᠯᠡᠬᠦ ᠪᠠᠷ ᠪᠠᠶᠢᠭ᠎ᠠ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠵᠢᠴᠢ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠳ᠋ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠪᠠᠷ ᠪᠠᠶᠢᠭ᠎ᠠ ᠠᠵᠤ ᠠᠬᠤᠶᠢᠯᠠᠯ ᠳᠤ ᠬᠠᠮᠢᠶ᠎ᠠ ᠪᠥᠬᠦᠶ ᠮᠠᠲ᠋ᠧᠷᠢᠶᠠᠯ ᠢ ᠨᠢ ᠮᠡᠳᠡᠭᠦᠯᠦᠨ ᠳᠠᠩᠰᠠᠯᠠᠭᠤᠯᠵᠤ ᠬᠢᠨᠠᠨ ᠬᠠᠷᠭᠤᠭᠤᠯᠵᠤ᠂ 2024 ᠣᠨ ᠤ 6 ᠳ᠋ᠤᠭᠠᠷ ᠰᠠᠷ᠎ᠠ ᠶᠢᠨ 28 ᠤ ᠡᠳᠦᠷ ᠠᠴᠠ 7 ᠳ᠋ᠤᠭᠠᠷ ᠰᠠᠷ᠎ᠠ ᠶᠢᠨ 4 ᠤ ᠡᠳᠦᠷ ᠪᠣᠯᠲᠠᠯ᠎ᠠ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠨᠡᠶᠢᠲᠡ 4 ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠥᠬᠦᠪᠥᠷᠢ ᠮᠠᠲ᠋ᠧᠷᠢᠶᠠᠯ ᠢ ᠤᠯᠪᠠ᠃ ᠬᠢᠨᠠᠨ ᠬᠠᠷᠭᠤᠭᠤᠯᠬᠤ ᠪᠠᠷ ᠳᠡᠮᠵᠢᠨ᠂ 33 ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠣᠩᠭᠤᠭᠳᠠᠵᠤ᠂ ᠣᠲᠣ ᠡᠴᠦᠰ ᠤᠨ ᠰᠣᠩᠭᠤᠭᠳᠠᠭᠰᠠᠨ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷᠡᠰ ︵ᠳᠠᠭᠠᠯᠳᠤᠭᠤᠯᠤᠯ︶ ᠢ ᠢᠯᠡ ᠨᠡᠶᠢᠲᠡᠯᠡᠬᠦ ᠶᠢᠨ ᠬᠠᠮᠲᠤ ᠬᠠᠮᠢᠶ᠎ᠠ ᠪᠥᠬᠦᠶ ᠤᠴᠢᠷ ᠶᠠᠪᠤᠳᠠᠯ ᠢ ᠳᠣᠤᠷᠠᠬᠢ ᠮᠡᠲᠦ ᠮᠡᠳᠡᠭᠳᠡᠶ᠎ᠡ᠃  ᠨᠢᠭᠡ᠂ ᠨᠢᠭᠡᠨᠲᠡ ᠰᠣᠩᠭᠤᠭᠳᠠᠭᠰᠠᠨ ︵ᠠᠩᠬ᠎ᠠ ᠤᠳᠠᠭ᠎ᠠ ᠨᠡᠷ᠎ᠡ ᠮᠡᠳᠡᠭᠦᠯᠦᠭᠰᠡᠨ︶ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ︽ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠬᠤᠪᠢᠶᠠᠷᠢ ᠰᠢᠰᠲ᠋ᠧᠮ︾ ᠳᠤ ᠣᠷᠣᠵᠤ ᠬᠤᠳᠠᠯᠳᠤᠨ ᠠᠪᠬᠤ ᠲᠠᠩᠰᠠᠨ ᠡᠷᠦᠬᠡ ᠪᠠᠨ ᠳᠠᠩᠰᠠᠯᠠᠭᠤᠯᠵᠤ᠂ ᠨᠢᠭᠡᠴᠢ ᠶᠢᠨ ᠲᠤᠬᠠᠶᠢᠯᠠᠭᠰᠠᠨ ᠠᠵᠢᠯ ᠢᠶᠠᠨ ᠰᠣᠩᠭᠤᠨ ᠳᠠᠩᠰᠠᠯᠠᠭᠤᠯᠵᠤ᠂ ᠥᠪᠡᠰᠦᠪᠡᠨ ᠳᠠᠩᠰᠠᠯᠠᠬᠤ ᠶᠢᠨ ᠬᠠᠮᠲᠤ ᠢᠲᠡᠭᠡᠮᠵᠢ ᠶᠢᠨ ᠠᠮᠠᠯᠠᠯᠲᠠ ᠶᠢᠨ ᠪᠢᠴᠢᠭ ᠢ ᠳᠡᠭᠡᠭᠰᠢ ᠳᠠᠮᠵᠢᠭᠤᠯᠵᠤ᠂ ᠢᠲᠡᠭᠡᠮᠵᠢ ᠶᠢᠨ ᠠᠮᠠᠯᠠᠯᠲᠠ ᠶᠢᠨ ᠪᠢᠴᠢᠭ ᠢ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠳᠦᠷᠢ ᠶᠢᠨ ᠭᠡᠷᠡᠴᠢᠯᠡᠯ ᠢ ᠰᠣᠩᠭᠤᠵᠤ᠂ ᠭᠡᠷᠡᠴᠢᠯᠡᠯ ᠢ ᠠᠮᠵᠢᠯᠲᠠ ᠣᠯᠤᠭᠰᠠᠨ ᠤ ᠳᠠᠷᠠᠭ᠎ᠠ ᠠᠵᠤ ᠠᠬᠤᠶᠢᠯᠠᠯ ᠤᠨ ᠮᠡᠳᠡᠭᠡ ᠵᠠᠩᠭᠢ ᠪᠠᠨ ᠥᠪᠡᠰᠦᠪᠡᠨ ᠬᠠᠮᠠᠭᠠᠯᠠᠵᠤ᠂ ᠠᠵᠤ ᠠᠬᠤᠶᠢᠯᠠᠯ ᠤᠨ ᠮᠡᠳᠡᠭᠡ ᠵᠠᠩᠭᠢ ᠪᠠᠨ ᠲᠤᠰᠢᠶᠠᠵᠤ᠂ ᠮᠡᠳᠡᠭᠡ ᠵᠠᠩᠭᠢ ᠶᠢ ᠬᠢᠨᠠᠨ ᠬᠠᠷᠭᠤᠭᠤᠯᠵᠤ ᠥᠩᠭᠡᠷᠡᠭᠦᠯᠦᠭᠰᠡᠨ ᠤ ᠳᠠᠷᠠᠭ᠎ᠠ ᠤᠲᠠᠰᠤ ᠪᠠᠷ ᠮᠠᠨ ᠤ ᠭᠠᠵᠠᠷ ᠲᠠᠢ ᠬᠠᠷᠢᠯᠴᠠᠵᠤ ᠳᠣᠭᠢᠷᠠᠭᠤᠯᠤᠨ ᠬᠦᠷᠭᠡᠬᠦ ᠣᠷᠣᠨ ᠪᠦᠰᠡ ᠶᠢ ᠨᠡᠪᠲᠡᠷᠡᠭᠦᠯᠦᠨ᠎ᠡ᠃ ︵ᠳᠠᠩᠰᠠᠯᠠᠭᠤᠯᠬᠤ ᠰᠦᠯᠵᠢᠶᠡᠨ ᠤ ᠬᠠᠶ᠋ᠢᠭ᠄ https://ylbzj.nmg.gov.cn/ggfw/hallEnter/#/Index ︶᠃ ︵ᠬᠥᠮᠥᠷᠭᠡ ᠳᠤ ᠪᠠᠶᠢᠭ᠎ᠠ︶ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠢ ᠢᠯᠡ ᠨᠡᠶᠢᠲᠡᠯᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠲᠣᠬᠢᠷᠠᠭᠤᠯᠤᠨ ᠬᠦᠷᠭᠡᠬᠦ ᠣᠷᠣᠨ ᠪᠦᠰᠡ ᠶᠢᠨ ᠡᠷᠬᠡ ᠶᠢ ᠨᠡᠪᠲᠡᠷᠡᠭᠦᠯᠵᠦ ᠥᠭᠭᠦᠨ᠎ᠡ᠃  ᠬᠤᠶᠠᠷ᠂ ᠰᠢᠯᠢᠨ ᠰᠣᠩᠭᠤᠭᠳᠠᠭᠰᠠᠨ ᠠᠵᠤ ᠠᠬᠤᠶᠢᠯᠠᠯ ᠨᠢ ᠳᠣᠤᠷ᠎ᠠ ᠬᠠᠭᠠᠰ ᠵᠢᠯ ᠤᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠢᠨ ᠰᠣᠩᠭᠤᠬᠤ ᠳᠤ ᠨᠡᠷ᠎ᠡ ᠮᠡᠳᠡᠭᠦᠯᠵᠦ ᠪᠣᠯᠤᠨ᠎ᠠ᠂ ᠲᠣᠰ ᠤᠳᠠᠭᠠᠨ ᠤ ᠰᠢᠯᠢᠨ ᠰᠣᠩᠭᠤᠯᠲᠠ ᠳᠤ ᠳᠠᠬᠢᠵᠤ ᠨᠥᠬᠦᠵᠦ ᠮᠡᠳᠡᠭᠦᠯᠬᠦ ᠶᠢ ᠲᠣᠬᠢᠷᠠᠭᠤᠯᠬᠤ ᠦᠭᠡᠢ᠃  ᠭᠤᠷᠪᠠ᠂ ᠨᠥᠬᠦᠴᠡᠯ ᠳᠤ ᠨᠡᠶᠢᠴᠡᠬᠦ ᠲᠣᠬᠢᠷᠠᠭᠤᠯᠤᠨ ᠬᠦᠷᠭᠡᠬᠦ ᠣᠷᠣᠨ ᠪᠦᠰᠡ ᠶᠢ ᠨᠢᠭᠡᠨᠲᠡ ᠨᠡᠪᠲᠡᠷᠡᠭᠦᠯᠦᠭᠰᠡᠨ ᠬᠠᠮᠢᠶ᠎ᠠ ᠪᠦᠬᠦᠢ ᠠᠵᠤ ᠠᠬᠤᠶᠢᠯᠠᠯ ᠨᠢ ᠦᠢᠯᠡᠳᠪᠦᠷᠢᠯᠡᠯ ᠤᠨ ᠠᠵᠤ ᠠᠬᠤᠶᠢᠯᠠᠯ ᠯᠤᠭ᠎ᠠ ᠴᠠᠭ ᠲᠤᠬᠠᠶ ᠳᠤ ᠨᠢ ᠬᠠᠷᠢᠯᠴᠠᠵᠤ᠂ ᠬᠤᠶᠠᠷ ᠲᠠᠯ᠎ᠠ ᠪᠠᠷ ᠢᠶᠠᠨ ᠰᠢᠰᠲ᠋ᠧᠮ ᠤᠨ ᠳᠣᠲᠣᠷ᠎ᠠ ᠲᠣᠬᠢᠷᠠᠭᠤᠯᠤᠨ ᠬᠦᠷᠭᠡᠬᠦ ᠬᠠᠷᠢᠴᠠᠭ᠎ᠠ ᠪᠠᠶᠢᠭᠤᠯᠤᠭᠰᠠᠨ ᠤ ᠳᠠᠷᠠᠭ᠎ᠠ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠰᠢᠰᠲ᠋ᠧᠮ ᠤᠨ ᠵᠠᠬᠢᠶᠠᠯᠠᠭ᠎ᠠ ᠶᠢᠨ ᠶᠣᠰᠣᠭᠠᠷ ᠲᠣᠬᠢᠷᠠᠭᠤᠯᠤᠨ ᠬᠦᠷᠭᠡᠬᠦ ᠠᠵᠢᠯ ᠢ ᠥᠷᠨᠢᠭᠦᠯᠬᠦ ᠬᠡᠷᠡᠭᠲᠡᠶ᠃  ᠳᠥᠷᠪᠡ᠂ ᠰᠢᠯᠢᠨ ᠰᠣᠩᠭᠤᠭᠳᠠᠭᠰᠠᠨ ᠬᠠᠮᠢᠶ᠎ᠠ ᠪᠥᠬᠦᠶ ᠠᠵᠤ ᠠᠬᠤᠶᠢᠯᠠᠯ ᠤᠳ ᠮᠠᠨ ᠤ ᠭᠠᠵᠠᠷ ᠲᠤ ᠤᠲᠠᠰᠤᠳᠠᠵᠤ᠂ ᠦᠬᠠᠶ ᠬᠤᠲᠠ ᠶᠢᠨ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠠᠵᠢᠯ ᠤᠨ ᠴᠤᠭᠯᠠᠷᠠᠯ ᠳᠤ ᠣᠷᠣᠬᠤ ᠪᠠᠷ ᠭᠤᠶᠤᠴᠢᠯᠠᠵᠤ᠂ ᠬᠠᠮᠢᠶ᠎ᠠ ᠪᠥᠬᠦᠶ ᠠᠵᠢᠯ ᠤᠨ ᠮᠡᠳᠡᠭᠳᠡᠯ ᠢ ᠴᠠᠭ ᠲᠤᠬᠠᠶ ᠳᠤᠨᠢ ᠤᠯᠬᠤ ᠳᠤ ᠲᠥᠬᠦᠮ ᠪᠣᠯᠭᠠᠨ᠎ᠠ᠃  ᠬᠠᠷᠢᠯᠴᠠᠬᠤ ᠤᠲᠠᠰᠤ᠄ 0473-3156036  ᠢᠮᠧᠯ᠄ whybyczx@163.com    ᠳᠠᠭᠠᠯᠳᠤᠭᠤᠯᠤᠯ᠄ 2024 ᠣᠨ ᠤ 6 ᠳ᠋ᠤᠭᠠᠷ ᠰᠠᠷ᠎ᠠ ᠳᠤ ᠦᠬᠠᠶ ᠬᠤᠲᠠ ᠶᠢᠨ ᠨᠡᠮᠡᠵᠦ ᠨᠥᠬᠦᠪᠥᠷᠢᠯᠡᠬᠦ ᠪᠠᠷ ᠪᠠᠶᠢᠭ᠎ᠠ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠵᠢᠴᠢ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠳ᠋ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠰᠢᠯᠢᠨ ᠰᠣᠩᠭᠤᠭᠳᠠᠭᠰᠠᠨ ᠨᠡᠷᠡᠰ    ᠦᠬᠠᠢ ᠬᠤᠳᠠ ᠶᠢᠨ ᠡᠮᠴᠢᠯᠡᠭᠡᠨ ᠤ ᠪᠠᠲᠤᠯᠠᠭ᠎ᠠ ᠶᠢᠨ ᠡᠮ ᠤᠨ ᠵᠦᠢᠯ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠲᠦᠪ  2024 ᠣᠨ ᠤ 7 ᠳ᠋ᠤᠭᠠᠷ ᠰᠠᠷ᠎ᠠ ᠶᠢᠨ 10 ᠤ ᠡᠳᠦᠷ 

 

 

 
ᠢᠷᠡᠯᠲᠡ᠄ ᠦᠬᠠᠢ ᠬᠤᠳᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号