ᠬᠤᠶᠠᠷ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠲᠥᠪ ᠬᠠᠮᠲᠤᠷᠠᠨ ᠬᠥᠬᠡᠬᠤᠲᠠ ᠣᠷᠣᠨ ᠤ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ 2023 ᠣᠨ ᠤ DIP ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠲᠣᠭᠠᠴᠠᠭ᠎ᠠ ᠬᠢᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/10
  DIP ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 2024 ᠣᠨ ᠤ 7 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠬᠢᠭᠡᠳ ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠬᠠᠮᠲᠤᠷᠠᠨ ᠬᠥᠬᠡᠬᠤᠲᠠ ᠣᠷᠣᠨ ᠤ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ 2023 ᠣᠨ ᠤ DIP ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠲᠣᠳᠣᠷᠬᠠᠶᠢᠯᠠᠨ ᠪᠣᠳᠣᠬᠤ ᠠᠵᠢᠯ ᠤᠨ ᠬᠤᠷᠠᠯ ᠢ ᠬᠤᠷᠠᠯᠳᠤᠭᠤᠯᠬᠤ ᠶᠢᠨ ᠬᠠᠮᠲᠤ DIP ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠹᠦ᠋ ᠺᠦᠢ ᠱᠧᠩ᠂ ᠬᠥᠬᠡᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠬᠤ᠋ ᠰᠢᠶᠤᠤ ᠹᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
DIP支付方式清算工作会议.png
  ᠬᠤᠷᠠᠯ ᠠᠴᠠ ᠬᠥᠬᠡᠬᠤᠲᠠ ᠣᠷᠣᠨ ᠤ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ 2023 ᠣᠨ ᠤ DIP ᠶᠢ ᠲᠣᠳᠣᠷᠬᠠᠶᠢᠯᠠᠨ ᠪᠤᠳᠤᠭᠰᠠᠨ ᠦᠷ᠎ᠡ ᠳ᠋ᠦᠩ ᠢ ᠵᠠᠷᠯᠠᠨ ᠮᠡᠳᠡᠭᠳᠡᠵᠦ᠂ ᠪᠥᠬᠦ ᠵᠢᠯ ᠤᠨ ᠠᠵᠢᠯ ᠤᠨ ᠣᠨᠴᠠᠯᠢᠭ ᠢ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠰᠢᠯᠲᠠᠭᠠᠨ ᠢ ᠡᠮᠬᠢᠯᠡᠬᠦ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃  ᠬᠤᠷᠠᠯ ᠠᠴᠠ ᠂ ᠡᠯ᠎ᠡ ᠡᠮᠴᠢᠯᠡᠭᠡᠨ ᠤ ᠪᠠᠶᠢᠭᠤᠯᠤᠮᠵᠢ ᠨᠤᠭᠤᠳ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠥᠭᠡᠷᠡᠴᠢᠯᠡᠯᠲᠡ ᠶᠢᠨ ᠬᠠᠨᠳᠤᠰᠢ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢᠨ ᠠᠭᠤᠯᠤᠭᠳᠠᠬᠤᠨ ᠪᠠ ᠭᠤᠤᠯᠳᠠᠯᠭ᠎ᠠ ᠶᠢ ᠭᠦᠨᠵᠡᠭᠡᠶ ᠣᠶᠢᠯᠠᠭᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠪᠣᠯᠤᠨ ᠬᠥᠬᠡᠬᠤᠲᠠ ᠬᠤᠶᠠᠷ ᠱᠠᠲᠤᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠡᠯ᠎ᠡ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠯᠤᠭ᠎ᠠ ᠶᠢᠨ ᠨᠡᠪᠲᠡᠷᠡᠯᠴᠡᠭᠡ ᠪᠠᠨ ᠴᠢᠩᠭᠠᠳᠬᠠᠨ᠂ ᠲᠤᠰᠠᠲᠠᠢ ᠥᠨᠳᠥᠷ ᠪᠦᠲᠦᠮᠵᠢᠲᠡᠶ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ᠂ ᠡᠮᠴᠢᠯᠡᠭᠡᠨ ᠤ ᠴᠢᠨᠠᠷ ᠰᠠᠶᠢᠲᠠᠶ ᠬᠠᠮᠵᠢᠯᠴᠠᠨ ᠬᠥᠭᠵᠢᠬᠦ ᠰᠠᠶᠢᠨ ᠰᠠᠶᠢᠬᠠᠨ ᠪᠠᠶᠢᠳᠠᠯ ᠢ ᠬᠠᠮᠲᠤ ᠪᠠᠷ ᠡᠭᠦᠳᠬᠦ ᠬᠡᠷᠡᠭᠲᠡᠶ ᠭᠡᠵᠦ ᠴᠢᠬᠤᠯᠠᠴᠢᠯᠠᠵᠠᠢ ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号