ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢ ᠰᠠᠨᠠᠭᠠᠴᠢᠯᠠᠭ᠎ᠠ ᠠᠴᠠ ᠪᠠᠨ ᠵᠢᠷᠤᠮᠵᠢᠭᠤᠯᠬᠤ ᠪᠠᠷ ᠡᠳᠡᠭᠡᠷ ᠡᠮᠴᠢᠯᠡᠭᠡᠨ ᠤ ᠪᠠᠶᠢᠭᠤᠯᠤᠮᠵᠢ ᠬᠡᠷᠬᠢᠨ ᠬᠢᠭᠰᠡᠨ ᠢ ᠦᠵᠡᠶ᠎ᠡ︕ ︵ᠲᠠᠪᠤ︶
ᠨᠡᠶᠢᠲᠡᠯᠡᠭᠰᠡᠨ ᠴᠠᠭ᠄
2024/7/10
  ᠣᠶᠢᠷ᠎ᠠ ᠶᠢᠨ ᠵᠢᠯ ᠤᠳ ᠲᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠤᠯᠢ ᠲᠣᠭᠲᠠᠭᠠᠯ ᠠᠴᠠ ᠵᠥᠷᠢᠴᠡᠨ ᠬᠡᠷᠡᠭᠯᠡᠭᠰᠡᠨ ᠦᠢᠯᠡ ᠠᠵᠢᠯᠯᠠᠭ᠎ᠠ ᠳᠤ ᠨᠠᠷᠢᠯᠢᠭ ᠣᠨᠣᠪᠴᠢᠲᠠᠢ ᠪᠠᠷ ᠴᠣᠬᠢᠯᠲᠠ ᠥᠭᠴᠦ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ᠂ ᠭᠡᠨᠡᠳᠡᠭᠦᠯᠦᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠡᠯ᠎ᠡ ᠱᠠᠲᠤᠨ ᠤ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠴᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠵᠤ᠂ ᠳᠣᠲᠣᠭᠠᠳᠤ ᠶᠢᠨ ᠬᠠᠮᠢᠶᠠᠷᠤᠯᠲᠠ ᠪᠠᠨ ᠲᠡᠭᠦᠯᠳᠡᠷᠵᠢᠭᠦᠯᠪᠡ᠃ ᠥᠷᠭᠡᠨ ᠣᠯᠠᠨ ᠡᠮᠴᠢᠯᠡᠭᠡᠨ ᠤ ᠪᠠᠶᠢᠭᠤᠯᠤᠮᠵᠢ ᠳᠤ ᠨᠠᠩ ᠰᠠᠶᠢᠨ ᠴᠢᠳᠠᠪᠤᠷᠢ ᠣᠯᠭᠤᠬᠤ ᠶᠢᠨ ᠲᠥᠯᠥᠭᠡ᠂ ᠨᠠᠶᠢᠷᠠᠭᠤᠯᠤᠭᠴᠢ ᠵᠠᠷᠢᠮ ᠡᠮᠴᠢᠯᠡᠭᠡᠨ ᠤ ᠪᠠᠶᠢᠭᠤᠯᠤᠮᠵᠢ ᠶᠢᠨ ᠰᠠᠶᠢᠨ ᠠᠷᠭ᠎ᠠ᠂ ᠰᠠᠶᠢᠨ ᠲᠤᠷᠰᠢᠯᠭ᠎ᠠ ᠶᠢ ᠨᠠᠶᠢᠷᠠᠭᠤᠯᠵᠤ᠂ ᠡᠯ᠎ᠡ ᠭᠠᠵᠠᠷ ᠤᠨ ᠬᠢᠨ ᠰᠤᠷᠤᠯᠴᠠᠨ ᠲᠣᠯᠢᠳᠠᠵᠤ᠂ ᠠᠷᠠᠳ ᠣᠯᠠᠨ ᠤ ︽ᠡᠪᠡᠳᠴᠢᠨ ᠦᠵᠡᠭᠦᠯᠬᠦ ᠵᠣᠭᠤᠰ︾ ︽ᠠᠮᠢ ᠠᠪᠤᠷᠠᠬᠤ ᠵᠣᠭᠤᠰ︾ ᠢ ᠨᠡᠩ ᠥᠨᠳᠥᠷ ᠪᠦᠲᠦᠮᠵᠢᠲᠡᠶ ᠠᠮᠤᠷ ᠲᠦᠪᠰᠢᠨ ᠢᠶᠠᠷ ᠬᠡᠷᠡᠭᠯᠡᠬᠦ ᠶᠢ ᠵᠣᠷᠢᠭᠵᠢᠭᠤᠯᠪᠠ᠃  ᠲᠢᠶᠠᠨᠵᠢᠨ ᠤ ᠬᠢᠲᠠᠳ ᠡᠮ ᠡᠮᠨᠡᠯᠭᠡ ᠶᠢᠨ ᠶᠡᠭᠡ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶ᠎ᠠ ᠡᠩᠨᠡᠭᠡᠨ ᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ  ᠳᠣᠲᠣᠭᠠᠳᠤ ᠡᠵᠡᠮᠳᠡᠯ ᠤᠨ ᠪᠠᠶᠢᠭᠤᠯᠤᠯᠲᠠ ᠪᠠ ᠬᠠᠤᠯᠢ ᠴᠠᠭᠠᠵᠠ ᠶᠢᠨ ᠮᠡᠳᠡᠯᠭᠡ ᠲᠦᠭᠡᠮᠡᠯᠵᠢᠭᠦᠯᠬᠦ ᠪᠣᠯᠪᠠᠰᠤᠷᠠᠯ ᠢ ᠴᠢᠩᠭᠠᠳᠬᠠᠪᠠ᠃ ᠡᠮᠨᠡᠯᠭᠡ ᠶᠢᠨ ᠬᠤᠷᠢᠶ᠎ᠠ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠬᠡᠷᠡᠭᠵᠢᠭᠦᠯᠬᠦ ᠠᠷᠭ᠎ᠠ︾ ᠶᠢ ᠲᠣᠭᠲᠠᠭᠠᠵᠤ᠂ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ᠂ ᠬᠢᠨᠠᠯᠲᠠ ᠬᠠᠮᠢᠶᠠᠷᠤᠯᠲᠠ ᠶᠢᠨ ᠠᠭᠤᠯᠭ᠎ᠠ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠵᠡᠷᠭᠡ ᠲᠠᠯ᠎ᠠ ᠶᠢᠨ ᠲᠣᠭᠤᠷᠢᠨ ᠳᠤ᠂ ᠬᠢᠨᠠᠯᠲᠠ ᠬᠠᠮᠢᠶᠠᠷᠤᠯᠲᠠ ᠶᠢᠨ ᠭᠤᠤᠯᠳᠠᠯᠭ᠎ᠠ ᠪᠠ ᠠᠵᠢᠯ ᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠬᠠᠮᠵᠢᠯᠴᠠᠨ ᠬᠢᠨᠠᠨ ᠬᠠᠮᠢᠶᠠᠷᠬᠤ ᠵᠠᠭᠪᠤᠷ ᠢ ᠪᠠᠶᠢᠭᠤᠯᠤᠨ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠳᠤᠮᠳᠠᠬᠢ ᠳᠦᠷᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠲᠣᠭᠲᠠᠭᠠᠯ ᠳᠤ ᠨᠡᠶᠢᠴᠡᠬᠦ ᠴᠢᠨᠠᠷ᠂ ᠢᠯᠡ ᠲᠣᠳᠣ ᠴᠢᠨᠠᠷ ᠪᠠ ᠥᠨᠳᠥᠷ ᠪᠦᠲᠦᠮᠵᠢᠲᠦ ᠴᠢᠨᠠᠷ ᠢ ᠦᠨᠡᠨ ᠬᠦ ᠳᠡᠭᠡᠭᠰᠢᠯᠡᠭᠦᠯᠪᠡ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠤᠬᠠᠭᠤᠯᠭ᠎ᠠ ᠪᠣᠯᠪᠠᠰᠤᠷᠠᠯ ᠢ ᠴᠢᠩᠭᠠᠳᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠰᠤᠷᠤᠯᠴᠠᠵᠤ᠂ ᠬᠢᠨᠠᠮᠠᠭᠠᠶ ᠰᠤᠳᠤᠯᠵᠤ᠂ ᠡᠮᠨᠡᠯᠭᠡ ᠶᠢᠨ ᠬᠤᠷᠢᠶ᠎ᠠ ᠳᠤ OA ᠳᠤ ᠲᠤᠰᠬᠠᠶ ᠪᠤᠯᠤᠩ ᠭᠠᠷᠭᠠᠵᠤ᠂ ᠡᠯ᠎ᠡ ᠵᠦᠢᠯ ᠤᠨ ᠰᠢᠨ᠎ᠡ ᠪᠠᠷ ᠨᠡᠶᠢᠲᠡᠯᠡᠭᠰᠡᠨ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠳᠤ ᠴᠠᠭ ᠲᠤᠬᠠᠶ ᠳᠤᠨᠢ ᠵᠠᠳᠠᠯᠤᠯᠲᠠ ᠬᠢᠵᠦ᠂ ᠬᠠᠮᠤᠭ ᠤᠨ ᠲᠡᠷᠢᠭᠦᠨ ᠳᠤ ᠡᠮᠴᠢᠯᠡᠭᠡᠨ ᠤ ᠰᠠᠯᠠᠭ᠎ᠠ ᠲᠠᠰᠤᠭ ᠲᠤ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠠᠶᠢᠯᠤᠮᠵᠢ ᠶᠢᠨ ᠨᠠᠷᠢᠨ ᠳᠦᠷᠢᠮ ᠢ ᠨᠡᠶᠢᠲᠡᠯᠡᠪᠡ᠃ ᠬᠡᠷᠡᠭ ᠤᠨ ᠵᠢᠱᠢᠶ᠎ᠡ ᠶᠢᠨ ᠪᠣᠯᠪᠠᠰᠤᠷᠠᠯ ᠢ ᠳᠣᠪᠤᠶᠢᠯᠭᠠᠨ ᠥᠷᠨᠢᠭᠦᠯᠵᠦ᠂ ᠬᠡᠷᠡᠭ ᠢᠶᠠᠷ ᠰᠡᠷᠡᠮᠵᠢᠯᠡᠭᠦᠯᠵᠦ ᠲᠣᠯᠢᠯᠠᠵᠤ ᠪᠣᠯᠪᠠᠰᠤᠷᠠᠭᠤᠯᠵᠤ᠂ ᠵᠥᠪ ᠪᠤᠷᠤᠭᠤ ᠲᠠᠯ᠎ᠠ ᠶᠢᠨ ᠬᠡᠷᠡᠭ ᠤᠨ ᠵᠢᠱᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠳᠠᠭᠠᠳᠬᠠᠯ ᠢ ᠮᠡᠬᠡᠯᠡᠨ ᠠᠪᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠵᠡᠷᠭᠡ ᠨᠡᠶᠢᠲᠡᠯᠢᠭ ᠬᠡᠷᠡᠭ ᠤᠨ ᠵᠢᠱᠢᠶ᠎ᠡ ᠳᠤ ᠴᠢᠭᠯᠡᠭᠦᠯᠦᠨ᠂ ᠦᠷᠭᠦᠯᠵᠢ ᠬᠠᠷᠠᠭᠳᠠᠳᠠᠭ ᠬᠡᠲᠦ ᠪᠠᠶᠢᠴᠠᠭᠠᠬᠤ᠂ ᠵᠣᠷ ᠵᠠᠳᠠᠯᠬᠤ᠂ ᠬᠡᠮᠵᠢᠶ᠎ᠡ ᠠᠴᠠ ᠬᠡᠲᠦᠷᠡᠭᠦᠯᠦᠨ ᠡᠮ ᠥᠭᠬᠦ᠂ ᠳᠠᠪᠬᠤᠷᠳᠠᠭᠤᠯᠤᠨ ᠰᠦᠢᠳᠭᠡᠯ ᠬᠤᠷᠢᠶᠠᠬᠤ᠂ ᠲᠥᠷᠥᠯ ᠵᠦᠢᠯ ᠤᠨ ᠰᠦᠢᠳᠬᠡᠯ ᠬᠤᠷᠢᠶᠠᠬᠤ ᠶᠢ ᠵᠠᠳᠠᠯᠬᠤ ᠵᠡᠷᠭᠡ ᠠᠰᠠᠭᠤᠳᠠᠯ ᠳᠤ ᠵᠠᠳᠠᠯᠤᠯᠲᠠ ᠬᠢᠵᠦ᠂ ᠰᠤᠷᠤᠯᠴᠠᠵᠤ ᠤᠬᠠᠭᠤᠯᠤᠨ ᠵᠢᠯᠣᠭᠤᠳᠬᠤ ᠪᠠᠷ ᠳᠠᠮᠵᠢᠭᠤᠯᠤᠨ ᠡᠮᠴᠢᠯᠡᠭᠡ ᠳᠤ ᠬᠠᠪᠰᠤᠷᠤᠨ ᠣᠶᠢᠯᠠᠭᠠᠯᠲᠠ ᠶᠢ ᠨᠢ ᠭᠦᠨᠵᠡᠭᠡᠶᠢᠷᠡᠭᠦᠯᠵᠦ᠂ ᠶᠣᠰᠣ ᠳᠦᠷᠢᠮ ᠤᠨ ᠦᠵᠡᠯ ᠤᠬᠠᠮᠰᠠᠷ ᠢ ᠨᠢ ᠦᠷᠭᠦᠯᠵᠢᠯᠡᠨ ᠴᠢᠩᠭᠠᠷᠠᠭᠤᠯᠪᠠ᠃  ᠡᠮᠨᠡᠯᠭᠡ ᠶᠢᠨ ᠬᠤᠷᠢᠶᠠᠨ ᠤ ᠳᠣᠲᠣᠷ᠎ᠠ ᠪᠠᠨ ᠥᠪᠡᠰᠦᠪᠡᠨ ᠪᠠᠶᠢᠴᠠᠭᠠᠬᠤ ᠶᠢ ᠢᠳᠡᠪᠬᠢᠲᠡᠶ ᠥᠷᠨᠢᠭᠦᠯᠪᠡ᠃ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠨᠢ ᠪᠠᠷᠠᠭᠠᠨ ᠤ ᠦᠨ᠎ᠡ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠪᠥᠬᠦ ᠡᠮᠨᠡᠯᠭᠡ ᠶᠢᠨ ᠬᠤᠷᠢᠶᠠᠨ ᠤ ᠬᠡᠪᠴᠢᠶᠡᠨ ᠳᠤ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠪᠠ ᠭᠡᠨᠡᠳᠡᠭᠦᠯᠦᠨ ᠪᠠᠶᠢᠴᠠᠭᠠᠵᠤ ᠥᠪᠡᠰᠦᠪᠡᠨ ᠪᠠᠶᠢᠴᠠᠭᠠᠬᠤ ᠠᠵᠢᠯ ᠢ ᠥᠷᠨᠢᠭᠦᠯᠵᠦ᠂ ᠲᠠᠪᠤᠨ ᠶᠠᠮᠤᠨ ᠵᠥᠪᠯᠡᠯ ᠤᠨ ᠬᠠᠮᠲᠤᠷᠠᠨ ᠪᠠᠭᠤᠯᠭᠠᠭᠰᠠᠨ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠳᠠᠭᠠᠳᠬᠠᠯ ᠢ ᠬᠢᠬᠠᠨ ᠮᠡᠬᠡᠯᠡᠬᠦ ᠳᠤ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠠᠵᠢᠯ ᠳᠤ ᠳᠤᠷᠠᠳᠤᠭᠰᠠᠨ ᠭᠡᠨᠡᠳᠡᠭᠦᠯᠦᠨ ᠪᠠᠶᠢᠴᠠᠭᠠᠯᠲᠠ ᠳᠤ ᠬᠤᠯᠪᠣᠭᠳᠠᠭᠰᠠᠨ ᠵᠢᠷᠭᠤᠭᠠᠨ ᠶᠡᠭᠡ ᠲᠥᠷᠥᠯ ᠤᠨ ᠠᠰᠠᠭᠤᠳᠠᠯ ᠢ ᠥᠪᠡᠰᠦᠪᠡᠨ ᠪᠠᠶᠢᠴᠠᠭᠠᠪᠠ᠃ ᠡᠯ᠎ᠡ ᠰᠠᠯᠠᠭ᠎ᠠ ᠲᠠᠰᠤᠭ ᠨᠢ ᠢᠳᠡᠪᠬᠢᠲᠡᠶ ᠪᠠᠷ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠵᠦᠶ ᠵᠣᠬᠢᠰᠲᠠᠶ ᠬᠡᠷᠡᠭᠯᠡᠬᠦ ᠦᠵᠡᠯ ᠤᠬᠠᠮᠰᠠᠷ ᠢ ᠳᠡᠭᠡᠭᠰᠢᠯᠡᠭᠦᠯᠪᠡ᠃ 2023 ᠣᠨ ᠤ 10 ᠳ᠋ᠤᠭᠠᠷ ᠰᠠᠷ᠎ᠠ ᠳᠤ᠂ ᠡᠮᠨᠡᠯᠭᠡ ᠶᠢᠨ ᠬᠤᠷᠢᠶ᠎ᠠ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠭᠡᠨᠡᠳᠡᠭᠦᠯᠦᠨ ᠪᠠᠶᠢᠴᠠᠭᠠᠯᠲᠠ ᠶᠢᠨ ᠪᠠᠷᠢᠮᠵᠢᠶ᠎ᠠ ᠶᠣᠰᠣᠭᠠᠷ᠂ ᠲᠣᠰ ᠬᠤᠷᠢᠶᠠᠨ ᠤ ᠥᠷᠨᠢᠭᠦᠯᠦᠭᠰᠡᠨ ᠵᠠᠷᠤᠳᠠᠯ ᠢᠶᠠᠷ ᠨᠡᠯᠢᠶᠡᠳ ᠥᠨᠳᠥᠷ ᠡᠷᠡᠭᠦᠯᠵᠢᠯ ᠤᠨ 12 ᠲᠥᠷᠥᠯ ᠵᠦᠢᠯ ᠳᠤ ᠴᠢᠭᠯᠡᠭᠦᠯᠦᠨ ᠥᠪᠡᠰᠦᠪᠡᠨ ᠪᠠᠶᠢᠴᠠᠭᠠᠯᠲᠠ ᠬᠢᠵᠦ᠂ 31469 ᠵᠤᠷᠪᠤᠰ ᠳ᠋ᠠᠶᠢᠲ᠋ᠠ ᠶᠢ ᠰᠢᠯᠵᠢᠭᠦᠯᠦᠨ ᠠᠪᠴᠤ᠂ ᠡᠮᠴᠢᠯᠡᠭᠡᠨ ᠤ ᠰᠠᠯᠠᠭ᠎ᠠ ᠲᠠᠰᠤᠭ ᠤᠨ 7 ᠶᠡᠭᠡ ᠲᠥᠷᠥᠯ ᠤᠨ ᠠᠰᠠᠭᠤᠳᠠᠯ ᠢ ᠵᠠᠯᠠᠷᠠᠭᠤᠯᠤᠨ ᠰᠠᠨᠠᠭᠤᠯᠪᠠ᠃  ᠡᠮᠴᠢᠯᠡᠭᠡᠨ ᠤ ᠳᠠᠭᠠᠳᠬᠠᠯ ᠤᠨ ᠥᠭᠬᠦ ᠶᠢ ᠲᠡᠪᠴᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠣᠲᠣᠭᠠᠳᠤ ᠡᠵᠡᠮᠰᠢᠯ ᠤᠨ ᠬᠠᠮᠢᠶᠠᠷᠤᠯᠲᠠ ᠶᠢ ᠴᠢᠩᠭᠠᠳᠬᠠᠪᠠ᠃ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠨᠢ ᠡᠮ ᠤᠨ ᠤᠬᠠᠭᠠᠨ ᠤ ᠬᠡᠯᠲᠡᠰ ᠲᠠᠢ ᠬᠠᠮᠵᠢᠯᠴᠠᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠮᠡᠳᠡᠭᠡ ᠵᠠᠩᠭᠢ ᠨᠡᠶᠢᠲᠡᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠰᠦᠯᠵᠢᠶᠡᠨ ᠳᠡᠭᠡᠷᠡᠬᠢ ᠣᠶᠤᠨᠴᠢ ᠬᠢᠨᠠᠨ ᠬᠠᠷᠭᠤᠭᠤᠯᠬᠤ ᠲᠦᠷᠢᠮ ᠢ ᠲᠡᠷᠡ ᠳᠠᠷᠤᠶ ᠳᠤᠨᠢ ᠨᠡᠶᠢᠲᠡᠯᠡᠵᠦ᠂ ᠪᠥᠬᠦ ᠡᠮᠨᠡᠯᠭᠡ ᠶᠢᠨ ᠬᠤᠷᠢᠶᠠᠨ ᠳᠤ ᠬᠦᠷᠭᠡᠬᠦ ᠶᠢᠨ ᠬᠠᠮᠲᠤ ᠡᠮᠴᠢᠯᠡᠭᠡᠨ ᠤ ᠵᠤᠷᠰᠢᠯᠲᠤ ᠬᠤᠷᠠᠯ ᠳᠡᠭᠡᠷ᠎ᠡ ᠰᠦᠯᠵᠢᠶᠡᠨ ᠳᠡᠭᠡᠷᠡᠬᠢ ᠲᠦᠷᠢᠮ ᠢ ᠵᠤᠷᠪᠤᠰ ᠳᠠᠷᠠᠭᠠᠯᠠᠨ ᠵᠠᠳᠠᠯᠤᠨ ᠲᠠᠶᠢᠯᠪᠤᠷᠢᠯᠠᠪᠠ᠃ ᠠᠰᠠᠭᠤᠳᠠᠯ ᠤᠨ ᠲᠤᠬᠠᠶ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠨᠢᠭᠡᠳᠦᠭᠡᠷ ᠹᠷᠣᠨᠲ ᠤᠨ ᠵᠢᠯᠣᠭᠤᠳᠣᠯᠭ᠎ᠠ ᠶᠢ ᠴᠢᠩᠭᠠᠳᠬᠠᠨ᠂ ᠰᠠᠷ᠎ᠠ ᠪᠦᠷᠢ ᠦᠭᠬᠦ ᠶᠢ ᠲᠡᠪᠴᠢᠭᠰᠡᠨ ᠠᠰᠠᠭᠤᠳᠠᠯ ᠳᠤ ᠴᠢᠭᠯᠡᠭᠦᠯᠦᠨ ᠵᠦᠢᠯ ᠳᠠᠷᠠᠭᠠᠯᠠᠨ ᠵᠠᠳᠠᠯᠤᠯᠲᠠ ᠬᠢᠵᠦ᠂ ᠡᠮᠴᠢᠯᠡᠭᠡᠨ ᠤ ᠰᠠᠯᠠᠭ᠎ᠠ ᠲᠠᠰᠤᠭ ᠲᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠭᠦᠨᠵᠡᠭᠡᠶᠢᠷᠡᠨ ᠠᠰᠠᠭᠤᠳᠠᠯ ᠢ ᠵᠠᠳᠠᠯᠬᠤ ᠵᠢᠴᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠢᠯᠣᠭᠤᠳᠣᠯᠭ᠎ᠠ ᠬᠢᠪᠡ᠃ ᠡᠮᠴᠢᠯᠡᠭᠡᠨ ᠤ ᠳᠠᠭᠠᠳᠬᠠᠯ ᠤᠨ ᠥᠭᠬᠦ ᠶᠢ ᠲᠡᠪᠴᠢᠭᠰᠡᠨ ᠨᠣᠷᠮ᠎ᠠ ᠢᠯᠡᠳᠲᠡ ᠪᠠᠭᠤᠷᠠᠪᠠ᠃ ᠡᠮᠴᠢᠯᠡᠭᠡᠨ ᠤ ᠳᠠᠭᠠᠳᠬᠠᠯ ᠤᠨ ᠡᠮᠴᠢ ᠨᠠᠷ ᠲᠤ ᠥᠭᠬᠦ ᠶᠢ ᠲᠡᠪᠴᠢᠭᠰᠡᠨ ᠢ ᠰᠠᠨᠠᠭᠤᠯᠤᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠰᠠᠷ᠎ᠠ ᠪᠦᠷᠢ ᠥᠭᠬᠦ ᠶᠢ ᠲᠡᠪᠴᠢᠭᠰᠡᠨ ᠵᠣᠭᠤᠰ ᠤᠨ ᠲᠤᠭ᠎ᠠ ᠨᠢ ᠡᠮᠦᠨ᠎ᠡ ᠭᠤᠷᠪᠠ ᠳᠤ ᠪᠠᠶᠢᠭ᠎ᠠ ᠶᠡᠭᠡ ᠡᠮᠴᠢ ᠶᠢᠨ ᠳ᠋ᠠᠶᠢᠲ᠋ᠠ ᠳᠤ ᠭᠤᠤᠯᠳᠠᠯᠭ᠎ᠠ ᠲᠠᠢ ᠵᠠᠳᠠᠯᠤᠯᠲᠠ ᠬᠢᠵᠦ᠂ ᠥᠭᠬᠦ ᠶᠢ ᠲᠡᠪᠴᠢᠭᠰᠡᠨ ᠵᠣᠭᠤᠰ ᠤᠨ ᠲᠤᠭ᠎ᠠ ᠶᠢᠨ ᠨᠡᠷᠡᠰ ᠤᠨ ᠵᠢᠭᠰᠠᠭᠠᠯᠲᠠ ᠶᠢᠨ ᠡᠮᠦᠨ᠎ᠡ ᠭᠤᠷᠪᠠ ᠳᠤ ᠪᠠᠶᠢᠭ᠎ᠠ ᠶᠡᠭᠡ ᠡᠮᠴᠢ ᠳᠤ ᠦᠷᠭᠦᠯᠵᠢᠯᠡᠨ ᠭᠤᠷᠪᠠᠨ ᠰᠠᠷ᠎ᠠ ᠶᠢᠨ ᠵᠠᠷᠤᠳᠠᠯ ᠤᠨ ᠬᠢᠨᠠᠨ ᠬᠡᠮᠵᠢᠯᠲᠡ ᠶᠢ ᠬᠡᠷᠡᠭᠵᠢᠭᠦᠯᠵᠦ᠂ ᠬᠢᠨᠠᠨ ᠬᠡᠮᠵᠢᠭᠳᠡᠭᠰᠡᠨ ᠶᠡᠭᠡ ᠡᠮᠴᠢ ᠶᠢᠨ ᠥᠭᠬᠦ ᠶᠢ ᠲᠡᠪᠴᠢᠭᠰᠡᠨ ᠳ᠋ᠠᠶᠢᠲ᠋ᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠵᠤ᠂ ᠡᠮᠴᠢ ᠳᠤ ᠵᠠᠷᠤᠳᠠᠯ ᠢ ᠥᠭᠬᠦ ᠶᠢ ᠲᠡᠪᠴᠢᠭᠰᠡᠨ ᠪᠠᠶᠢᠳᠠᠯ ᠢ ᠬᠠᠷᠢᠭᠤ ᠲᠤᠰᠬᠠᠬᠤ ᠶᠢᠨ ᠬᠠᠮᠲᠤ ᠪᠣᠳᠠᠲᠠᠶ ᠪᠠᠶᠢᠳᠠᠯ ᠢ ᠦᠨᠳᠦᠰᠦᠯᠡᠨ᠂ ᠥᠭᠬᠦ ᠶᠢ ᠲᠡᠪᠴᠢᠭᠰᠡᠨ ᠠᠰᠠᠭᠤᠳᠠᠯ ᠨᠢ ᠨᠡᠯᠢᠶᠡᠳ ᠲᠣᠪᠤᠶᠢᠮ᠎ᠠ ᠡᠮᠴᠢ ᠳᠤ ᠴᠢᠭᠯᠡᠭᠦᠯᠦᠨ ᠪᠣᠯᠵᠣᠨ ᠶᠠᠷᠢᠯᠴᠠᠵᠤ᠂ ᠥᠭᠬᠦ ᠶᠢ ᠲᠡᠪᠴᠢᠭᠰᠡᠨ ᠪᠠᠶᠢᠳᠠᠯ ᠭᠠᠷᠤᠭᠰᠠᠨ ᠰᠠᠯᠠᠭ᠎ᠠ ᠲᠠᠰᠤᠭ ᠲᠤ ᠪᠠᠶᠢᠳᠠᠯ ᠢ ᠨᠢ ᠦᠨᠳᠦᠰᠦᠯᠡᠵᠦ ᠵᠣᠬᠢᠬᠤ ᠰᠢᠢᠳᠬᠡᠯ ᠥᠭᠪᠡ᠃  ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠠᠮᠠᠭᠠᠯᠠᠬᠤ ᠳᠤ ᠣᠯᠠᠨ ᠲᠠᠯ᠎ᠠ ᠪᠠᠷ ᠬᠠᠮᠲᠤ ᠪᠠᠷ ᠬᠠᠮᠠᠭᠠᠯᠠᠬᠤ ᠴᠢᠬᠤᠯᠠᠲᠠᠶ ᠶᠤᠮ᠂ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠢ ᠦᠷᠭᠦᠯᠵᠢᠯᠡᠨ ᠬᠠᠮᠠᠭᠠᠯᠠᠬᠤ ᠶᠢ ᠬᠦᠰᠡᠵᠦ ᠪᠠᠶᠢᠨ᠎ᠠ᠃ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠳᠡᠭᠡᠳᠦ ᠬᠡᠮᠵᠢᠶᠡᠨ ᠤ ᠴᠢᠬᠤᠯᠠᠴᠢᠯᠠᠯ ᠳᠣᠤᠷ᠎ᠠ᠂ ᠣᠶᠤᠨᠴᠢ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠣᠯᠭᠤᠯᠲᠠ ᠪᠠᠷ᠂ ᠥᠷᠭᠡᠨ ᠣᠯᠠᠨ ᠠᠷᠠᠳ ᠲᠦᠮᠡᠨ ᠤ ︽ᠡᠪᠡᠳᠴᠢᠨ ᠦᠵᠡᠭᠦᠯᠬᠦ ᠵᠣᠭᠤᠰ︾ ︽ᠠᠮᠢ ᠠᠪᠤᠷᠠᠬᠤ ᠵᠣᠭᠤᠰ︾ ᠢ ᠴᠥᠮ ᠵᠠᠩᠭᠢᠯᠠᠭ᠎ᠠ ᠶᠢᠨ ᠭᠠᠵᠠᠷ ᠲᠤ ᠬᠡᠷᠡᠭᠯᠡᠭᠳᠡᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠨᠢ ᠤᠯᠠᠮ ᠠᠴᠠ ᠤᠯᠠᠮ ᠵᠢᠷᠤᠮᠵᠢᠬᠤ ᠪᠣᠯᠣᠨ᠎ᠠ︕ 
 
ᠢᠷᠡᠯᠲᠡ᠄ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号