ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠶᠠᠪᠤᠭᠤᠯᠪᠠ  ᠰᠢ  ᠶᠢᠨ ᠫᠢᠩ ᠢᠷᠠᠭᠤ ᠠᠯᠳᠠᠷ ᠤᠨ ᠴᠣᠯᠠ ᠣᠯᠣᠭᠰᠠᠨ ᠨᠢᠭᠡᠴᠢ ᠳᠤ ᠱᠠᠩᠨᠠᠯ ᠤᠨ ᠳᠤᠭ ᠣᠯᠭᠤᠵᠠᠢ
ᠨᠡᠶᠢᠲᠡᠯᠡᠭᠰᠡᠨ ᠴᠠᠭ᠄
2024/7/10
      ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 9 ᠤ ᠴᠠᠭᠢᠯᠭᠠᠨ ᠮᠡᠳᠡᠭᠡ   ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ 97 ᠵᠢᠯ ᠤᠨ ᠤᠢ ᠶᠢᠨ ᠲᠠᠰᠢᠷᠠᠮ ᠢᠶᠠᠷ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ 9 ᠤ ᠡᠳᠦᠷ ᠪᠡᠭᠡᠵᠢᠩ ᠳᠤ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠢ ᠦᠪᠡᠳᠡᠭᠰᠢ ᠶᠡᠭᠡ ᠪᠠᠷ ᠶᠠᠪᠤᠭᠤᠯᠪᠠ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠢᠷᠠᠭᠤ ᠠᠯᠳᠠᠷ ᠤᠨ ᠴᠣᠯᠠ ᠣᠯᠣᠭᠰᠠᠨ ᠨᠢᠭᠡᠴᠢ ᠳᠤ ᠱᠠᠩᠨᠠᠯ ᠤᠨ ᠲᠤᠭ ᠣᠯᠭᠤᠪᠠ ᠃
7-10-1.jpg
      7 ᠰᠠᠷ᠎ᠠ ᠶᠢᠨ 9 ᠤ ᠡᠳᠦᠷ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠢ ᠪᠡᠭᠡᠵᠢᠩ ᠳᠤ ᠦᠪᠡᠳᠡᠭᠰᠢ ᠶᠡᠭᠡ ᠪᠠᠷ ᠶᠠᠪᠤᠭᠤᠯᠪᠠ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ︽ ᠲᠡᠶᠢᠷᠦᠯᠲᠦ ᠶᠡᠭᠡ ᠫᠤᠤᠲᠤ ᠴᠡᠷᠢᠭ ᠤᠨ ᠵᠢᠱᠢᠶᠡᠴᠢ ᠰᠤᠮᠤ ︾ ᠭᠡᠬᠦ ᠢᠷᠠᠭᠤ ᠠᠯᠳᠠᠷ ᠤᠨ ᠴᠣᠯᠠ ᠭᠥᠷᠳᠡᠭᠰᠡᠨ ᠬᠠᠭᠤᠷᠠᠢ ᠵᠠᠮ ᠤᠨ ᠴᠡᠷᠢᠭ ᠤᠨ ᠨᠢᠭᠡᠨ ᠪᠠᠷᠢᠭᠠᠳᠠ ᠶᠢᠨ ᠨᠢᠭᠡᠳᠦᠭᠡᠷ ᠪᠠᠲᠯᠢᠶᠤᠨ ᠤ ᠬᠤᠶᠠᠳᠤᠭᠠᠷ ᠰᠤᠮᠤ ᠳᠤ ᠱᠠᠩᠨᠠᠯ ᠤᠨ ᠲᠤᠭ ᠣᠯᠭᠤᠭᠰᠠᠨ ᠪᠥᠭᠡᠳ ᠲᠤᠰ ᠰᠤᠮᠤᠨ ᠤ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ ᠲᠠᠢ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ ᠃                      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ      ︽ 8 · 1 ︾ ᠲᠣᠮᠣ ᠠᠰᠠᠷ ᠤᠨ ᠶᠣᠰᠣᠯᠠᠯ ᠤᠨ ᠲᠤᠬᠠᠢ ᠶᠢᠨ ᠲᠠᠯᠠᠪᠠᠢ ᠳᠤ ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ ᠪᠣᠯᠣᠨ ᠪᠢᠴᠢᠭ ᠤᠨ ᠲᠤᠰᠢᠶᠠᠯᠲᠠᠨ ᠤ ᠲᠥᠯᠥᠭᠡᠯᠡᠭᠴᠢ ᠲᠡᠷᠢ ᠲᠡᠭᠰᠢ ᠵᠢᠭᠰᠠᠵᠤ ᠂ ᠠᠭᠤᠷ ᠬᠠᠮᠲᠤ ᠠᠮᠢᠰᠬᠤᠯ ᠲᠥᠪ ᠬᠢᠴᠢᠶᠡᠩᠭᠦᠢ ᠪᠥᠭᠡᠳ ᠭᠦᠷ ᠬᠥᠭᠵᠢᠶᠡᠨ ᠲᠠᠢ ᠪᠠᠶᠢᠯ᠎ᠠ ᠃ ᠦᠳᠡ ᠶᠢᠨ ᠬᠤᠶᠢᠨᠠᠬᠢ 3 ᠴᠠᠭ 30 ᠮᠢᠨᠦ᠋ᠲ ᠤᠨ ᠦᠶ᠎ᠡ ᠪᠠᠷ ᠂ 18 ᠶᠣᠰᠣᠯᠠᠯ ᠤᠨ ᠴᠡᠷᠢᠭ ᠲᠥᠪ ᠠᠯᠬᠤᠮ ᠢᠶᠠᠷ ᠲᠠᠯᠠᠪᠠᠢ ᠳᠤ ᠠᠯᠬᠤᠨ ᠣᠷᠣᠵᠤ ᠂ ᠫᠤᠤ ᠠᠳᠬᠤᠨ ᠬᠤᠶᠠᠷ ᠲᠠᠯ᠎ᠠ ᠪᠠᠷ ᠵᠣᠭᠰᠣᠵᠤ ᠂ ᠴᠣᠯᠠ ᠣᠯᠭᠤᠬᠤ ᠶᠣᠰᠣᠯᠠᠯ ᠡᠬᠢᠯᠡᠬᠦ ᠳᠤ ᠲᠠᠯᠠᠪᠠᠢ ᠳᠠᠶᠠᠭᠠᠷ ᠢᠶᠠᠨ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠳᠠᠭᠤᠯᠠᠪᠠ ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠰᠢ ᠶᠢᠨ ᠫᠢᠩ ᠤᠨ ᠭᠠᠷ ᠤᠨ ᠦᠰᠦᠭ ᠵᠢᠷᠤᠭᠰᠠᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠢᠷᠠᠭᠤ ᠠᠯᠳᠠᠷ ᠤᠨ ᠴᠣᠯᠠ ᠣᠯᠭᠤᠬᠤ ᠵᠠᠷᠯᠢᠭ ᠢ ᠤᠩᠰᠢᠨ ᠨᠡᠶᠢᠲᠡᠯᠡᠵᠦ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠾᠧ ᠸᠧᠢ ᠳ᠋ᠦᠩ ᠶᠣᠰᠣᠯᠠᠯ ᠢ ᠡᠷᠭᠢᠯᠡᠪᠡ ᠃      ᠢᠳᠡ ᠬᠦᠴᠦᠲᠡᠢ ︽ ᠠᠷᠠᠳ ᠤᠨ ᠴᠡᠷᠢᠭ ᠠᠩᠭᠢ ᠨᠠᠮ ᠳᠠᠭᠠᠨ ᠦᠨᠡᠨᠴᠢ ︾ ᠭᠡᠬᠦ ᠬᠥᠭᠵᠢᠮ ᠤᠨ ᠳᠤᠮᠳᠠ ᠂ ᠰᠢ  ᠶᠢᠨ ᠫᠢᠩ ︽ ᠲᠡᠶᠢᠷᠦᠯᠲᠦ ᠶᠡᠭᠡ ᠫᠤᠤᠲᠤ ᠴᠡᠷᠢᠭ ᠤᠨ ᠵᠢᠱᠢᠶᠡᠴᠢ ᠰᠤᠮᠤ ︾ ᠭᠡᠬᠦ ᠢᠷᠠᠭᠤ ᠠᠯᠳᠠᠷ ᠤᠨ ᠴᠣᠯᠠ ᠭᠥᠷᠳᠡᠭᠰᠡᠨ ᠬᠠᠭᠤᠷᠠᠢ ᠵᠠᠮ ᠤᠨ ᠴᠡᠷᠢᠭ ᠤᠨ ᠨᠢᠭᠡᠨ ᠪᠠᠷᠢᠭᠠᠳᠠ ᠶᠢᠨ ᠨᠢᠭᠡᠳᠦᠭᠡᠷ ᠪᠠᠲᠯᠢᠶᠤᠨ ᠤ ᠬᠤᠶᠠᠳᠤᠭᠠᠷ ᠰᠤᠮᠤ ᠳᠤ ᠱᠠᠩᠨᠠᠯ ᠤᠨ ᠲᠤᠭ ᠣᠯᠭᠤᠪᠠ ᠃ ᠰᠤᠮᠤᠨ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ ᠰᠢ ᠶᠢᠨ ᠫᠢᠩ ᠳᠤ ᠶᠣᠰᠣᠯᠠᠵᠤ ᠂ ᠱᠠᠩᠨᠠᠯ ᠤᠨ ᠲᠤᠭ ᠢ ᠲᠥᠪ ᠴᠢᠩᠭ᠎ᠠ ᠪᠠᠷ ᠲᠤᠰᠴᠤ ᠠᠪᠤᠪᠠ ᠃ ᠰᠢ ᠶᠢᠨ ᠫᠢᠩ ᠲᠡᠳᠡᠨ ᠳᠤ ᠳᠣᠲᠣᠨᠣ ᠮᠡᠨᠳᠦᠴᠢᠯᠡᠯ ᠬᠦᠷᠭᠡᠵᠦ ᠂ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ ᠃ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠪᠠ ᠃      ᠴᠣᠯᠠ ᠣᠯᠭᠤᠬᠤ ᠶᠣᠰᠣᠯᠠᠯ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠬᠠᠩᠭᠢᠨᠠᠮ᠎ᠠ ᠰᠠᠶᠢᠬᠠᠨ ᠴᠡᠷᠢᠭ ᠤᠨ ᠳᠠᠭᠤᠤ ᠶᠢᠨ ᠳᠤᠮᠳᠠ ᠲᠡᠭᠦᠰᠪᠡ ᠃      ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ ᠂ ᠮᠢᠶᠣᠣ ᠬᠤᠸᠠ ᠂ ᠵᠠᠩ ᠱᠧᠩ ᠮᠢᠨ ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠂ ᠴᠡᠷᠢᠭ ᠠᠩᠭᠢ ᠶᠢᠨ ᠪᠡᠭᠡᠵᠢᠩ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠢᠷᠠᠭᠤ ᠠᠯᠳᠠᠷ ᠤᠨ ᠴᠣᠯᠠ ᠣᠯᠣᠭᠰᠠᠨ ᠨᠢᠭᠡᠴᠢ ᠶᠢᠨ ᠲᠥᠯᠥᠭᠡᠯᠡᠭᠴᠢᠳ ᠶᠣᠰᠣᠯᠠᠯ ᠳᠤ ᠣᠷᠣᠯᠴᠠᠵᠠᠢ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号