ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 9 ᠤ ᠴᠠᠭᠢᠯᠭᠠᠨ ᠮᠡᠳᠡᠭᠡ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ 9 ᠤ ᠡᠳᠦᠷ | ᠪᠡᠭᠡᠵᠢᠩ ᠤᠨ ︽ 8 · 1 ︾ ᠶᠡᠭᠡ ᠠᠰᠠᠷ ᠲᠤ ᠶᠠᠪᠤᠭᠳᠠᠪᠠ ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠴᠣᠯᠠ ᠳᠡᠪᠰᠢᠭᠦᠯᠬᠦ ᠶᠣᠰᠣᠯᠠᠯ ᠳᠤ ᠣᠷᠣᠯᠴᠠᠵᠠᠢ ᠃ | | | | | 7 ᠰᠠᠷ᠎ᠠ ᠶᠢᠨ 9 ᠤ ᠡᠳᠦᠷ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠷᠠᠩᠳᠠ ᠭᠧᠨᠧᠷᠠᠯ ᠤᠨ | ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ ᠪᠡᠭᠡᠵᠢᠩ ᠤᠨ ︽ 8 · 1 ︾ ᠶᠡᠭᠡ ᠠᠰᠠᠷ ᠲᠤ ᠶᠠᠪᠤᠭᠳᠠᠪᠠ ᠃ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠩᠳᠠ ᠭᠧᠨᠧᠷᠡᠯ ᠤᠨ ᠴᠡᠷᠢᠭ ᠤᠨ ᠴᠣᠯᠠ ᠳᠤ | ᠳᠡᠪᠰᠢᠭᠰᠡᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠲᠡᠰ ᠤᠨ | ᠪᠠᠶᠢᠩᠭᠤ ᠶᠢᠨ ᠳᠡᠳ᠋ ᠡᠷᠭᠢᠯᠡᠭᠴᠢ ᠾᠧ ᠬᠤᠩ ᠵᠢᠶᠦ᠋ᠨ ᠳᠤ ᠵᠠᠷᠯᠢᠭ ᠤᠨ ᠪᠢᠴᠢᠭ ᠭᠠᠷᠳᠠᠭᠤᠯᠪᠠ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ | ᠦᠳᠡ ᠶᠢᠨ ᠬᠤᠶᠢᠨᠠᠬᠢ 4 ᠴᠠᠭ ᠤᠨ ᠦᠶ᠎ᠡ ᠪᠠᠷ ᠂ ᠴᠣᠯᠠ ᠳᠡᠪᠰᠢᠭᠦᠯᠬᠦ ᠶᠣᠰᠣᠯᠠᠯ ᠰᠦᠷ ᠵᠢᠪᠬᠤᠯᠠᠩᠲᠤ ᠪᠦᠭᠦᠳᠠ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢᠨ ᠳᠤᠮᠳᠠ ᠡᠬᠢᠯᠡᠪᠡ ᠃ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ᠭᠠᠷ ᠤᠨ ᠦᠰᠦᠭ ᠵᠢᠷᠤᠭᠰᠠᠨ ᠬᠤᠷᠠᠩᠳᠠ ᠭᠧᠨᠧᠷᠡᠯ ᠤᠨ ᠴᠡᠷᠢᠭ ᠤᠨ | ᠴᠣᠯᠠ ᠳᠤ ᠳᠡᠪᠰᠢᠭᠦᠯᠬᠦ ᠵᠠᠷᠯᠢᠭ ᠢ ᠤᠩᠰᠢᠨ ᠨᠡᠶᠢᠲᠡᠯᠡᠪᠡ ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ | ᠲᠡᠷᠢᠭᠦᠯᠡᠭᠴᠢ ᠾᠧ ᠸᠧᠢ ᠳ᠋ᠦᠩ ᠴᠣᠯᠠ ᠳᠡᠪᠰᠢᠭᠦᠯᠬᠦ ᠶᠣᠰᠣᠯᠠᠯ ᠢ ᠡᠷᠭᠢᠯᠡᠪᠡ ᠃ | ᠰᠢ ᠶᠢᠨ ᠫᠢᠩ ᠬᠤᠷᠠᠩᠳᠠ ᠭᠧᠨᠧᠷᠡᠯ ᠤᠨ ᠴᠡᠷᠢᠭ ᠤᠨ ᠴᠣᠯᠠ ᠳᠤ ᠳᠡᠪᠰᠢᠭᠰᠡᠨ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠲᠡᠰ ᠤᠨ ᠪᠠᠶᠢᠩᠭᠤ ᠶᠢᠨ ᠳᠡᠳ᠋ ᠡᠷᠭᠢᠯᠡᠭᠴᠢ ᠾᠧ ᠬᠤᠩ ᠵᠢᠶᠦ᠋ᠨ ᠳᠤ | ᠵᠠᠷᠯᠢᠭ ᠤᠨ ᠪᠢᠴᠢᠭ ᠭᠠᠷᠳᠠᠭᠤᠯᠵᠤ ᠂ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ ᠃ ᠬᠤᠷᠠᠩᠳᠠ ᠭᠧᠨᠧᠷᠡᠯ ᠤᠨ ᠴᠡᠷᠢᠭ ᠤᠨ | ᠴᠣᠯᠠ ᠶᠢᠨ ᠮᠥᠷᠥᠨ ᠤ ᠲᠡᠮᠳᠡᠭ ᠢ ᠵᠡᠭᠦᠭᠰᠡᠨ ᠾᠧ ᠬᠤᠩ ᠵᠢᠶᠦ᠋ᠨ ᠰᠢ ᠶᠢᠨ ᠫᠢᠩ ᠳᠤ ᠶᠣᠰᠣᠯᠠᠵᠤ ᠂ ᠶᠣᠰᠣᠯᠠᠯ ᠳᠤ | ᠣᠷᠣᠯᠴᠠᠬᠰᠠᠨ ᠪᠦᠭᠦ ᠨᠥᠬᠦᠳ ᠲᠤ ᠶᠣᠰᠣᠯᠠᠭᠰᠠᠨ ᠳᠤ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠪᠠ ᠃ | ᠴᠣᠯᠠ ᠳᠡᠪᠰᠢᠭᠦᠯᠬᠦ ᠶᠣᠰᠣᠯᠠᠯ ᠨᠢ ᠬᠠᠩᠭᠢᠨᠠᠮ᠎ᠠ ᠵᠢᠪᠬᠤᠭᠠᠲᠤ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ | ᠴᠡᠷᠢᠭ ᠤᠨ ᠴᠡᠷᠢᠭ ᠤᠨ ᠳᠠᠭᠤᠤ ᠶᠢᠨ ᠠᠶᠠᠰ ᠳᠤᠮᠳᠠ ᠲᠡᠭᠦᠰᠪᠡ ᠃ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ ᠂ ᠮᠢᠶᠣᠣ ᠬᠤᠸᠠ ᠂ ᠵᠠᠩ ᠱᠧᠩ ᠮᠢᠨ ᠂ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠂ ᠴᠡᠷᠢᠭ ᠠᠩᠭᠢ ᠶᠢᠨ ᠪᠡᠭᠡᠵᠢᠩ ᠳᠤ | ᠰᠠᠭᠤᠭ᠎ᠠ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠴᠣᠯᠠ ᠳᠡᠪᠰᠢᠭᠦᠯᠬᠦ ᠶᠣᠰᠣᠯᠠᠯ ᠳᠤ | ᠣᠷᠣᠯᠴᠠᠵᠠᠢ ᠃ | |