ᠯᠢ ᠴᠢᠶᠠᠩ ᠠᠵᠤ ᠠᠬᠤᠢ ᠶᠢᠨ ᠪᠠᠶᠢᠳᠠᠯ ᠤᠨ ᠲᠤᠬᠠᠢ ᠲᠤᠰᠬᠠᠢ ᠮᠡᠷᠭᠡᠵᠢᠯᠲᠡᠳ ᠪᠠ ᠠᠵᠤ ᠠᠬᠤᠶᠢᠯᠠᠯᠲᠠᠳ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/10
  ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 7 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ ᠠᠵᠤ ᠠᠬᠤᠢ ᠶᠢᠨ ᠪᠠᠶᠢᠳᠠᠯ ᠤᠨ ᠲᠤᠬᠠᠢ ᠲᠤᠰᠬᠠᠢ ᠮᠡᠷᠭᠡᠵᠢᠯᠲᠡᠳ ᠪᠠ ᠠᠵᠤ ᠠᠬᠤᠶᠢᠯᠠᠯᠲᠠᠳ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠳᠠᠷᠠᠭᠠᠴᠢ ᠶᠢᠨ ᠠᠵᠤ ᠠᠬᠤᠢ ᠶᠢᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ᠃  ᠶᠠᠷᠢᠯᠴᠠᠬᠤ ᠬᠤᠷᠠᠯ ᠳᠡᠭᠡᠷ᠎ᠡ ᠂ ᠶᠠᠩ ᡁᠢ ᠶᠦᠩ ᠂ ᠵᠦᠩ ᠵᠧᠩ ᠱᠧᠩ ᠂ ᠵᠤᠤ ᠵᠦᠩ ᠰᠢᠸ ᠂ ᠮᠢᠶᠣᠣ ᠶᠠᠨ ᠯᠢᠶᠠᠩ ᠂ ᠱᠤᠤ ᠲᠢᠶᠠᠨ ᠯᠠᠨ ᠂ ᠵᠤᠤ ᠫᠧᠩ ᠂ ᠵᠧᠩ ᠰᠢᠤᠸᠠᠢ ᠰᠢᠤᠸᠠᠨ ᠂ ᠵᠠᠩ ᠱᠢ ᠱᠦᠨ ᠨᠠᠷ ᠤᠷᠢᠳ ᠬᠤᠵᠢᠳ ᠶᠠᠷᠢᠶ᠎ᠠ ᠲᠠᠯᠪᠢᠵᠠᠢ ᠃ ᠤᠯᠠᠨ ᠤ ᠦᠵᠡᠬᠦ ᠪᠠᠷ ᠂ ᠡᠨᠡ ᠵᠢᠯ ᠠᠴᠠ ᠨᠠᠭᠠᠰᠢ᠂ ᠡᠭᠡᠳᠡᠷᠡᠭᠡᠨ ᠪᠤᠳᠤᠯᠢᠶᠠᠨᠲᠠᠢ ᠭᠠᠳᠠᠭᠠᠳᠤ ᠣᠷᠴᠢᠨ ᠤ ᠡᠮᠦᠨ᠎ᠡ ᠂ ᠮᠠᠨ ᠤ ᠤᠯᠤᠰ ᠤᠨ ᠠᠵᠤ ᠠᠬᠤᠢ ᠶᠢᠨ ᠠᠵᠢᠯᠯᠠᠭᠠᠨ ᠦᠷᠭᠦᠯᠵᠢᠯᠡᠨ ᠰᠠᠶᠢᠵᠢᠷᠠᠵᠤ ᠂ ᠰᠢᠨ᠎ᠡ ᠬᠥᠳᠡᠯᠭᠡᠬᠦ ᠡᠨᠧᠷᠭᠢ ᠲᠦᠷᠭᠡᠨ ᠦᠰᠦᠨ ᠪᠤᠵᠠᠭᠠᠶᠢᠷᠠᠵᠤ ᠂ ᠠᠮᠵᠢᠯᠲᠠ ᠶᠢ ᠬᠢᠯᠪᠠᠷᠬᠠᠨ ᠢᠶᠠᠷ ᠣᠯᠣᠭᠰᠠᠨ ᠪᠢᠰᠢ ᠶᠤᠮ ᠃ ᠣᠳᠣᠬᠠᠨ ᠳᠤ ᠬᠡᠳᠦᠶᠢᠪᠡᠷ ᠴᠥᠭᠡᠨ ᠪᠤᠰᠤ ᠬᠦᠴᠢᠷᠳᠡᠯ ᠥᠷᠢᠰᠦᠯᠳᠦᠭᠡᠨ ᠳᠤ ᠲᠤᠯᠭᠠᠷᠠᠵᠤ ᠪᠠᠶᠢᠭ᠎ᠠ ᠪᠣᠯᠪᠠᠴᠤ ᠲᠦᠷᠦ ᠶᠢᠨ ᠪᠣᠳᠣᠯᠭ᠎ᠠ ᠶᠢᠨ ᠦᠢᠯᠡᠳᠦᠯ ᠦᠷᠭᠦᠯᠵᠢᠯᠡᠨ ᠢᠯᠡᠷᠡᠵᠦ ᠂ ᠵᠠᠬ᠎ᠠ ᠳᠡᠯᠭᠡᠭᠦᠷ ᠤᠨ ᠢᠳᠡᠪᠬᠢ ᠬᠦᠴᠦᠨ ᠲᠥᠪᠯᠡᠷᠡᠨ ᠣᠯᠠᠰᠢᠷᠠᠵᠤ ᠪᠠᠶᠢᠨ᠎ᠠ ᠃ ᠤᠯᠠᠨ ᠢᠶᠠᠷ ᠢᠶᠠᠨ ᠪᠠᠰᠠ ᠣᠳᠣᠬᠠᠨ ᠤ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠵᠥᠷᠢᠴᠡᠯ ᠠᠰᠠᠭᠤᠳᠠᠯ ᠢ ᠰᠢᠢᠳᠪᠦᠷᠢᠯᠡᠬᠦ ᠲᠤᠬᠠᠢ ᠰᠠᠨᠠᠯ ᠰᠠᠨᠠᠭᠤᠯᠭ᠎ᠠ ᠳᠤᠷᠠᠳᠴᠠᠢ ᠃ 
7-10-3.jpg
  7 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠠᠵᠤ ᠠᠬᠤᠢ ᠶᠢᠨ ᠪᠠᠶᠢᠳᠠᠯ ᠤᠨ ᠲᠤᠬᠠᠢ ᠲᠤᠰᠬᠠᠢ ᠮᠡᠷᠭᠡᠵᠢᠯᠲᠡᠳ ᠪᠠ ᠠᠵᠤ ᠠᠬᠤᠶᠢᠯᠠᠯᠲᠠᠳ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ ᠂ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠲᠠᠷᠠᠭᠠᠴᠢ ᠶᠢᠨ ᠠᠵᠤ ᠠᠬᠤᠢ ᠶᠢᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ᠃  ᠰᠢᠨᠬᠤᠸᠠ ᠬᠤᠷᠢᠶᠠᠨ ᠤ ᠰᠤᠷᠪᠤᠯᠵᠢᠯᠠᠭᠴᠢ  ᠸᠠᠩ ᠶᠧ  ᠰᠡᠭᠦᠳᠡᠷᠯᠡᠪᠡ   ᠯᠢ ᠴᠢᠶᠠᠩ ᠲᠤᠰᠬᠠᠢ ᠮᠡᠷᠭᠡᠵᠢᠯᠲᠡᠳ ᠠᠵᠤ ᠠᠬᠤᠶᠢᠯᠠᠯᠲᠠᠳ ᠤᠨ ᠶᠠᠷᠢᠶ᠎ᠠ ᠶᠢ ᠬᠢᠨᠠᠮᠠᠭᠠᠢ ᠰᠣᠨᠣᠰᠤᠭᠰᠠᠨ ᠤ ᠳᠠᠷᠠᠭ᠎ᠠ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠭᠠᠰᠢ ᠂ ᠰᠢ  ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠪᠢᠳᠡ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ ᠂ ᠬᠤᠷᠸ᠎ᠠ ᠲᠣᠬᠢᠷᠠᠭᠤᠯᠭ᠎ᠠ ᠡᠵᠡᠮᠳᠡᠯ ᠢᠶᠠᠨ ᠡᠷᠴᠢᠮᠵᠢᠭᠦᠯᠦᠨ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠪᠴᠢᠯᠡᠨ ᠬᠥᠭᠵᠢᠭᠦᠯᠵᠦ ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠤ ᠪᠠᠨ ᠲᠣᠭᠲᠠᠭᠤᠨ ᠪᠠᠶᠢᠵᠤ ᠂ ᠪᠦᠲᠦᠴᠡ ᠨᠢ ᠲᠠᠰᠤᠷᠠᠯᠲᠠ ᠦᠭᠡᠢ ᠲᠠᠰ ᠳᠡᠪᠰᠢᠪᠡ ᠃ ᠡᠭᠦᠨ ᠤ ᠬᠠᠮᠲᠤ ᠂ ᠣᠳᠣᠬᠠᠨ ᠤ ᠠᠵᠤ ᠠᠬᠤᠢ ᠶᠢᠨ ᠨᠡᠮᠡᠭᠳᠡᠯ ᠢ ᠨᠥᠯᠥᠭᠡᠯᠡᠵᠦ ᠪᠠᠶᠢᠭ᠎ᠠ ᠬᠦᠴᠦᠨ ᠵᠦᠢᠯ ᠥᠩᠭᠡᠷᠡᠭᠰᠡᠨ ᠤ ᠬᠢ ᠠᠴᠠ ᠨᠡᠩ ᠪᠤᠳᠤᠯᠢᠶᠠᠨᠲᠠᠢ ᠪᠣᠯᠵᠤ ᠂ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠬᠦᠴᠢᠷᠳᠡᠯ ᠲᠠᠢ ᠠᠰᠠᠭᠤᠳᠠᠯ ᠢ ᠶᠡᠭᠡ ᠬᠦᠴᠦ ᠣᠷᠣᠭᠤᠯᠤᠨ ᠰᠢᠢᠳᠪᠦᠷᠢᠯᠡᠬᠦ ᠴᠢᠬᠤᠯᠠᠲᠠᠢ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ ᠃ ᠦᠨᠡᠨ ᠢ ᠪᠠᠷᠢᠮᠲᠠᠯᠠᠨ ᠪᠠᠶᠢᠳᠠᠯ ᠢ ᠵᠠᠳᠠᠯᠵᠤ ᠂ ᠠᠮᠵᠢᠯᠲᠠ ᠪᠠᠨ ᠣᠯᠵᠤ ᠦᠵᠡᠬᠦ ᠮᠥᠷᠲᠡᠭᠡᠨ ᠪᠠᠰᠠ ᠠᠰᠠᠭᠤᠳᠠᠯ ᠠᠴᠠ ᠵᠠᠶᠢᠯᠠᠬᠤ ᠦᠭᠡᠢ ᠪᠠᠶᠢᠵᠤ ᠂ ᠦᠨᠡᠨ ᠪᠣᠳᠠᠲᠤ ᠪᠠᠶᠢᠳᠠᠯ ᠢ ᠪᠦᠬᠦ ᠲᠠᠯ᠎ᠠ ᠪᠠᠷ ᠣᠨᠣᠪᠴᠢᠲᠠᠢ ᠡᠵᠡᠮᠰᠢᠵᠦ ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ ᠃ ᠪᠦᠬᠦ ᠵᠢᠯ ᠤᠨ ᠠᠵᠤ ᠠᠬᠤᠢ ᠶᠢᠨ ᠬᠥᠭᠵᠢᠯᠲᠡ ᠶᠢᠨ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ ᠂ ᠬᠤᠷᠸ᠎ᠠ ᠲᠦᠷᠦ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠰᠠᠶᠢᠲᠤᠷ ᠬᠡᠷᠡᠭᠵᠢᠭᠦᠯᠵᠦ ᠂ ᠦᠷᠭᠦᠯᠵᠢᠯᠡᠨ ᠬᠦᠴᠦᠯᠡᠵᠦ ᠂ ᠬᠠᠮᠲᠤᠷᠠᠯ ᠬᠦᠴᠦᠨ ᠢ ᠪᠦᠷᠢᠯᠳᠦᠭᠦᠯᠦᠨ ᠂ ᠲᠦᠷᠦ ᠶᠢᠨ ᠪᠣᠳᠣᠯᠭ᠎ᠠ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠡᠢ ᠃   ᠯᠢ ᠴᠢᠶᠠᠩ ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ ᠴᠢᠩᠭᠠᠳᠬᠠᠬᠤ ᠳᠤ ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠪᠠᠷᠢᠮᠲᠠᠯᠠᠵᠤ ᠂ ᠰᠢᠨ᠎ᠡ ᠬᠥᠳᠡᠯᠭᠡᠬᠦ ᠬᠦᠴᠦᠨ ᠢ ᠪᠣᠶᠢᠵᠢᠭᠤᠯᠤᠨ ᠪᠤᠵᠠᠭᠠᠶᠢᠷᠠᠭᠤᠯᠵᠤ ᠂ ᠰᠢᠨ᠎ᠡ ᠨᠡᠮᠡᠭᠳᠡᠯ ᠤᠨ ᠣᠷᠣᠨ ᠵᠠᠢ ᠶᠢ ᠥᠷᠭᠡᠳᠬᠡᠬᠦ ᠬᠡᠷᠡᠭᠲᠡᠢ ᠃ ᠣᠳᠣᠬᠠᠨ ᠤ ᠮᠡᠷᠭᠡᠵᠢᠯ ᠤᠨ ᠳᠠᠪᠬᠤᠴᠠᠯ ᠨᠡᠩ ᠲᠦᠷᠭᠡᠨ ᠂ ᠨᠤᠷᠠᠭᠠᠯᠲᠠ ᠶᠢᠨ ᠴᠢᠨᠠᠷᠲᠠᠢ ᠰᠢᠨ᠎ᠡ ᠡᠭᠦᠳᠦᠯᠲᠡ ᠨᠡᠩ ᠤᠯᠠᠨ ᠂ ᠬᠦᠷᠢᠶ᠎ᠡ ᠴᠠᠷᠠᠭ᠎ᠠ ᠠᠯᠤᠰᠯᠠᠭᠰᠠᠨ ᠠᠭᠤᠰᠤᠯᠴᠠᠯ ᠨᠡᠩ ᠭᠦᠨ ᠵᠡᠷᠭᠡ ᠰᠢᠨ᠎ᠡ ᠣᠨᠴᠠᠯᠢᠭ ᠤᠳ ᠲᠤ ᠵᠣᠬᠢᠴᠠᠭᠤᠯᠤᠨ ᠂ ᠠᠵᠤ ᠠᠬᠤᠶᠢᠯᠠᠯ ᠤᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠬᠠᠨᠳᠤᠯᠭᠠᠲᠤ ᠴᠢᠨᠠᠷᠲᠠᠢ ᠪᠠᠷ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠᠨ ᠴᠢᠩᠭᠠᠳᠬᠠᠵᠤ ᠂ ᠨᠡᠩ ᠤᠯᠠᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ ᠃ ᠵᠦᠢ ᠵᠣᠬᠢᠰ ᠦᠭᠡᠢ ᠪᠠᠶᠢᠭᠤᠯᠤᠯ ᠲᠣᠭᠲᠠᠴᠠ ᠶᠢ ᠥᠭᠡᠷᠡᠴᠢᠯᠡᠵᠦ ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠨᠡᠩ ᠰᠠᠶᠢᠲᠤᠷ ᠳᠠᠶᠢᠴᠢᠯᠠᠨ ᠂ ᠪᠦᠬᠦ ᠨᠡᠶᠢᠭᠡᠮ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ ᠂ ᠮᠠᠨ ᠤ ᠤᠯᠤᠰ ᠤᠨ ᠬᠡᠪᠴᠢᠶ᠎ᠡ ᠪᠠᠷ ᠠᠤᠭ᠎ᠠ ᠶᠡᠭᠡ ᠡᠯ᠎ᠡ ᠲᠦᠷᠦᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠰᠠᠶᠢᠲᠤᠷ ᠵᠣᠬᠢᠶᠠᠨ ᠪᠠᠶᠢᠭᠤᠯᠵᠤ ᠂ ᠰᠠᠶᠢᠲᠤᠷ ᠠᠰᠢᠭᠯᠠᠨ ᠂ ᠯᠤᠲᠤ ᠶᠡᠭᠡ ᠰᠢᠨ᠎ᠡ ᠶᠢ ᠡᠭᠦᠳᠬᠦ ᠬᠦᠴᠦᠨ ᠢ ᠦᠷᠭᠦᠯᠵᠢᠯᠡᠨ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃   ᠯᠢ ᠴᠢᠶᠠᠩ ᠡᠯ᠎ᠡ ᠠᠵᠤ ᠠᠬᠤᠶᠢᠯᠠᠯᠲᠠᠳ ᠢᠲᠡᠭᠡᠯ ᠵᠣᠷᠢᠭ ᠢᠶᠠᠨ ᠬᠦᠪᠴᠢᠯᠡᠨ᠂ ᠰᠢᠨ᠎ᠡ ᠶᠢ ᠡᠭᠦᠳᠬᠦ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ ᠂ ᠠᠵᠤ ᠠᠬᠤᠶᠢᠯᠠᠯ ᠢᠶᠠᠨ ᠬᠦᠴᠦᠷᠬᠡᠭᠵᠢᠭᠦᠯᠦᠨ ᠰᠢᠯᠢᠳᠡᠭᠵᠢᠭᠦᠯᠬᠦ ᠪᠠᠷ ᠴᠢᠷᠮᠠᠶᠢᠬᠤ ᠶᠢᠨ ᠬᠠᠮᠲᠤ ᠦᠨᠡᠨ ᠪᠣᠳᠠᠲᠤ ᠪᠠᠶᠢᠳᠠᠯ ᠢ ᠢᠯᠡᠭᠦᠬᠡᠨ ᠲᠤᠰᠬᠠᠵᠤ ᠂ ᠪᠣᠳᠠᠲᠠᠢ ᠶᠢ ᠡᠷᠬᠢᠮᠯᠡᠭᠰᠡᠨ ᠰᠠᠨᠠᠯ ᠰᠠᠨᠠᠭᠤᠯᠭ᠎ᠠ ᠢᠯᠡᠭᠦᠬᠡᠨ ᠳᠤᠷᠠᠳᠬᠤ ᠶᠢ ᠬᠦᠰᠡᠵᠦ ᠪᠠᠶᠢᠨ᠎ᠠ ᠃ ᠲᠤᠰᠬᠠᠢ ᠮᠡᠷᠭᠡᠵᠢᠯᠲᠡᠳ ᠡᠷᠳᠡᠮᠲᠡᠳ ᠮᠡᠷᠭᠡᠵᠢᠯ ᠢᠶᠠᠨ ᠪᠠᠳᠠᠷᠠᠭᠤᠯᠵᠤ ᠂ ᠤᠨᠤᠯ ᠢ ᠪᠣᠳᠠᠲᠠᠢ ᠲᠠᠢ ᠤᠶᠠᠯᠳᠤᠭᠤᠯᠤᠨ ᠂ ᠪᠠᠷᠠᠯᠠᠯᠲᠦ ᠴᠢᠨᠠᠷᠲᠠᠢ ᠪᠣᠳᠣᠯᠬᠢᠯᠠᠯ ᠪᠣᠯᠣᠨ ᠵᠢᠮ᠎ᠡ ᠶᠣᠰᠣᠴᠢ ᠴᠢᠨᠠᠷᠲᠠᠢ ᠰᠤᠳᠤᠯᠭᠠᠨ ᠢ ᠴᠢᠩᠭᠠᠳᠬᠠᠵᠤ ᠂ ᠤᠯᠤᠰ ᠤᠨ ᠬᠥᠭᠵᠢᠯᠲᠡ ᠳᠤ ᠨᠡᠩ ᠤᠯᠠᠨ ᠤᠶᠤᠨ ᠤᠬᠠᠭᠠᠨ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠢ ᠃   ᠦ᠋ ᠵᠧᠩ ᠯᠦᠩ ᠶᠠᠷᠢᠯᠴᠠᠬᠤ ᠬᠤᠷᠠᠯ ᠳᠤ ᠣᠷᠣᠯᠴᠠᠪᠠ ᠃   
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号