2024 ᠣᠨ ᠤ ᠬᠤᠶᠠᠳᠤᠭᠠᠷ ᠤᠯᠠᠷᠢᠯ ᠤᠨ ᠬᠥᠬᠡᠬᠤᠲᠠ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠳᠤ ᠰᠢᠨ᠎ᠡ ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷᠡᠰ ᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/7/11
ᠡᠯ᠎ᠡ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠳ᠋ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ᠄  ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭᠠᠭᠰᠠᠨ ﹇ 2019﹈ 41 ᠳ᠋ᠤᠭᠡᠷ ᠲᠣᠭᠠᠲᠤ︶ ᠪᠠ ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠵᠦ ᠰᠣᠩᠭᠤᠬᠤ ᠠᠵᠢᠯ ᠢ ᠤᠯᠠᠷᠢᠯ ᠢᠶᠠᠷ ᠪᠠᠶᠢᠩᠭᠤᠵᠢᠭᠤᠯᠤᠨ ᠥᠷᠨᠢᠭᠦᠯᠬᠦ ᠲᠤᠬᠠᠶ ᠮᠡᠳᠡᠭᠳᠡᠯ︾ ︵ᠬᠥᠬᠡᠬᠤᠲᠠ  ᠡᠮᠴᠢᠯᠡᠭᠡ ᠪᠠᠲᠤᠯᠠᠭ᠎ᠠ ᠠᠯᠪᠠᠨ ᠲᠠᠷᠬᠠᠭᠠᠭᠰᠠᠨ ﹇2022﹈ 43 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠪᠠᠶᠢᠳᠠᠯ ᠲᠠᠢ ᠤᠶᠠᠯᠳᠤᠭᠤᠯᠤᠨ᠂ ᠮᠠᠨ ᠤ ᠬᠤᠲᠠ ᠶᠢᠨ ᠠᠯᠪᠠᠨ ᠠᠴᠠ ᠡᠷᠭᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠢᠨ ᠰᠣᠩᠭᠤᠬᠤ ᠵᠢᠴᠢ ᠳᠣᠭᠢᠷᠠᠭᠤᠯᠤᠨ ᠬᠦᠷᠭᠡᠬᠦ ᠡᠷᠬᠡ ᠶᠢ ᠨᠡᠪᠲᠡᠷᠡᠭᠦᠯᠬᠦ ᠠᠵᠢᠯ ᠢ ᠥᠷᠨᠢᠭᠦᠯᠪᠡ᠃ ᠮᠠᠲ᠋ᠧᠷᠢᠶᠠᠯ ᠢ ᠬᠢᠨᠠᠨ ᠬᠠᠷᠭᠤᠭᠤᠯᠬᠤ ᠵᠢᠴᠢ ᠢᠯᠡ ᠨᠡᠶᠢᠲᠡᠯᠡᠬᠦ ᠪᠠᠷ ᠳᠡᠮᠵᠢᠨ᠂ ᠡᠳᠦᠭᠡ ᠰᠢᠨ᠎ᠡ ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷᠡᠰ ᠢ ᠨᠡᠶᠢᠲᠡᠯᠡᠬᠦ ᠶᠢᠨ ᠬᠠᠮᠲᠤ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠃  ᠨᠢᠭᠡ᠂ ᠬᠥᠬᠡᠬᠤᠲᠠ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠰᠢᠨ᠎ᠡ ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷᠡᠰ  ᠲᠣᠰ ᠤᠳᠠᠭᠠᠨ ᠤ ᠰᠢᠯᠢᠨ ᠰᠣᠩᠭᠤᠬᠤ ᠳᠤ ᠨᠡᠶᠢᠲᠡ 37 ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠬᠢᠨᠠᠨ ᠬᠠᠷᠭᠤᠭᠤᠯᠬᠤ᠂ ᠢᠯᠡ ᠨᠡᠶᠢᠲᠡᠯᠡᠬᠦ ᠪᠠᠷ ᠳᠡᠮᠵᠢᠨ᠂ ᠬᠥᠬᠡᠬᠤᠲᠠ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠬᠢᠷᠢ ᠬᠡᠮ ᠢ ᠣᠯᠪᠠ᠃ ᠨᠠᠷᠢᠨ ᠠᠭᠤᠯᠭ᠎ᠠ ᠶᠢ ᠳᠠᠭᠠᠯᠳᠤᠭᠤᠯᠤᠯ ᠳᠤ ᠦᠵᠡ᠃  ᠬᠤᠶᠠᠷ᠂ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠳᠣᠭᠢᠷᠠᠭᠤᠯᠤᠨ ᠬᠦᠷᠭᠡᠬᠦ ᠡᠷᠬᠡ  ᠶᠢ ᠨᠡᠪᠲᠡᠷᠡᠭᠦᠯᠬᠦ ᠬᠠᠮᠢᠶ᠎ᠠ ᠪᠥᠬᠦᠶ ᠵᠦᠢᠯᠡᠰ   ᠲᠣᠰ ᠤᠳᠠᠭᠠᠨ ᠤ ᠰᠢᠨ᠎ᠡ ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠳ ᠳᠡᠩᠰᠡᠯᠡᠨ ᠭᠡᠷᠡᠴᠢᠯᠡᠬᠦ ᠶᠢ ᠲᠦᠷᠭᠡᠬᠡᠨ ᠪᠡᠶᠡᠯᠡᠭᠦᠯᠬᠦ ᠶᠢᠨ ᠬᠠᠮᠲᠤ᠂ ᠨᠡᠷ᠎ᠡ ᠮᠡᠳᠡᠭᠦᠯᠬᠦ ᠠᠮᠠᠯᠠᠯᠲᠠ ᠶᠢᠨ ᠪᠢᠴᠢᠭ ᠶᠣᠰᠣᠭᠠᠷ ᠴᠠᠭ ᠲᠤᠬᠠᠶ ᠳᠤᠨᠢ ᠳᠣᠭᠢᠷᠠᠭᠤᠯᠤᠨ ᠬᠦᠷᠭᠡᠬᠦ ᠲᠤᠬᠠᠶᠢᠯᠠᠭᠰᠠᠨ ᠠᠵᠢᠯ ᠢ ᠥᠷᠨᠢᠭᠦᠯᠬᠦ ᠬᠡᠷᠡᠭᠲᠡᠶ᠃  ︵ᠨᠢᠭᠡ︶ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠦᠯᠵᠢᠶ᠎ᠡ ᠳᠤ ᠳᠠᠩᠰᠠᠯᠠᠭᠤᠯᠵᠤ ᠭᠡᠷᠡᠴᠢᠯᠡᠭᠦᠯᠬᠦ ᠶᠢ ᠪᠡᠶᠡᠯᠡᠭᠦᠯᠦᠨ᠎ᠡ  ᠲᠣᠰ ᠤᠳᠠᠭ᠎ᠠ ᠰᠣᠩᠭᠤᠭᠳᠠᠭᠰᠠᠨ ᠰᠢᠨ᠎ᠡ ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ᠂ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠦᠯᠵᠢᠶ᠎ᠡ ︵ https://ylbzj.nmg.gov.cn/ggfw/hallEnter/#/Index ︶ ᠳᠤ ᠣᠷᠣᠵᠤ᠂ ᠨᠢᠭᠡᠴᠢ ᠶᠢᠨ ᠲᠤᠬᠠᠶᠢᠯᠠᠭᠰᠠᠨ ᠠᠵᠢᠯ ᠢᠶᠠᠨ ᠰᠣᠩᠭᠤᠨ ᠣᠷᠣᠵᠤ᠂ ᠳᠠᠩᠰᠠᠯᠠᠭᠤᠯᠬᠤ ᠪᠠ ᠳᠦᠷᠢ ᠶᠢᠨ ᠭᠡᠷᠡᠴᠢᠯᠡᠯ ᠢ ᠪᠡᠶᠡᠯᠡᠭᠦᠯᠵᠦ᠂ ᠱᠠᠭᠠᠷᠳᠠᠯᠭ᠎ᠠ ᠶᠣᠰᠣᠭᠠᠷ ᠢᠲᠡᠭᠡᠮᠵᠢ ᠶᠢᠨ ᠠᠮᠠᠯᠠᠯᠲᠠ ᠢ ᠳᠠᠮᠵᠢᠭᠤᠯᠵᠤ᠂ ᠠᠵᠤ ᠠᠬᠤᠶᠢᠯᠠᠯ  ᠤᠨ ᠮᠡᠳᠡᠭᠡ ᠵᠠᠩᠭᠢ ᠶᠢ ᠬᠠᠮᠠᠭᠠᠯᠠᠵᠤ᠂ ᠥᠪᠡᠷᠲᠡᠭᠡᠨ ᠤ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ ᠠᠴᠠ ᠬᠢᠨᠠᠨ ᠭᠠᠷᠭᠠᠭᠤᠯᠬᠤ ᠶᠢ ᠬᠦᠯᠢᠶᠡᠨ᠎ᠡ᠃  ᠨᠢᠭᠡᠨᠲᠡ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠦᠯᠵᠢᠶ᠎ᠡ ᠪᠠᠷ ᠳᠠᠩᠰᠠᠯᠠᠭᠤᠯᠵᠤ ᠭᠡᠷᠡᠴᠢᠯᠡᠭᠦᠯᠦᠭᠰᠡᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠳᠠᠬᠢᠨᠲᠠ ᠳᠡᠩᠰᠡᠯᠡᠵᠦ ᠭᠡᠷᠡᠴᠢᠯᠡᠬᠦ ᠴᠢᠬᠤᠯᠠ ᠥᠬᠡᠶ᠃  ︵ᠬᠤᠶᠠᠷ︶ ᠲᠣᠬᠢᠷᠠᠭᠤᠯᠤᠨ ᠬᠦᠷᠭᠡᠬᠦ ᠣᠷᠣᠨ ᠢ ᠨᠡᠪᠲᠡᠷᠡᠭᠦᠯᠬᠦ  ᠳᠡᠩᠰᠡᠯᠡᠵᠦ ᠭᠡᠷᠡᠴᠢᠯᠡᠬᠦ ᠮᠡᠳᠡᠭᠡ ᠵᠠᠩᠭᠢ ᠶᠢ ᠥᠪᠡᠷᠲᠡᠭᠡᠨ ᠵᠠᠰᠠᠬᠤ ᠣᠷᠣᠨ ᠤ ᠡᠮ‌ᠡᠮᠨᠡᠯᠭᠡ ᠬᠤᠳᠠᠯᠳᠤᠨ ᠠᠪᠬᠤ ᠲᠥᠪ ᠠᠴᠠ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠳ ᠴᠠᠭ ᠲᠤᠬᠠᠶ ᠳᠤᠨᠢ ᠬᠥᠬᠡᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠲᠥᠪ ᠲᠤ ᠬᠠᠷᠠᠭᠠᠯᠵᠠᠭᠰᠠᠨ ᠳᠣᠭᠢᠷᠠᠭᠤᠯᠤᠨ ᠬᠦᠷᠭᠡᠬᠦ ᠣᠷᠣᠨ ᠪᠦᠰᠡ ᠶᠢ ᠭᠤᠶᠤᠴᠢᠯᠠᠨ ᠨᠡᠪᠲᠡᠷᠡᠭᠦᠯᠦᠨ᠎ᠡ᠃  ᠬᠠᠷᠢᠯᠴᠠᠬᠤ ᠬᠥᠮᠦᠨ᠄ ᠸᠠᠩ ᠵᠠᠨ ᠷᠦᠩ᠂ ᠤᠲᠠᠰᠤ᠄ 0471 – 3908541  ︵ᠭᠤᠷᠪᠠ︶ ᠲᠣᠬᠢᠷᠠᠭᠤᠯᠤᠨ ᠬᠦᠷᠭᠡᠬᠦ ᠬᠠᠷᠢᠴᠠᠭ᠎ᠠ ᠪᠠᠶᠢᠭᠤᠯᠬᠤ  ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠳᠣᠭᠢᠷᠠᠭᠤᠯᠤᠨ ᠬᠦᠷᠭᠡᠬᠦ ᠣᠷᠣᠨ ᠪᠦᠰᠡ ᠶᠢ ᠨᠡᠪᠲᠡᠷᠡᠭᠦᠯᠦᠭᠰᠡᠨ ᠤ ᠳᠠᠷᠠᠭ᠎ᠠ᠂ ᠦᠢᠯᠡᠳᠪᠦᠷᠢᠯᠡᠯ ᠤᠨ ᠠᠵᠤ ᠠᠬᠤᠶᠢᠯᠠᠯ ᠲᠠᠢ ᠵᠣᠯᠭᠠᠭᠤᠯᠵᠤ ᠪᠠᠶᠢᠭᠠᠳ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠦᠯᠵᠢᠶᠡᠨ ᠳᠡᠭᠡᠷ᠎ᠡ ᠳᠣᠭᠢᠷᠠᠭᠤᠯᠤᠨ ᠬᠦᠷᠭᠡᠬᠦ ᠬᠠᠷᠢᠴᠠᠭ᠎ᠠ ᠪᠠᠶᠢᠭᠤᠯᠬᠤ ᠶᠢᠨ ᠬᠠᠮᠲᠤ᠂ ᠮᠠᠨ ᠤ ᠲᠥᠪ ᠲᠤ ᠳᠣᠭᠢᠷᠠᠭᠤᠯᠤᠨ ᠬᠦᠷᠭᠡᠬᠦ ᠬᠡᠯᠡᠯᠴᠡᠭᠡᠷ ᠢ ︵ᠴᠠᠭᠠᠰᠤᠨ ᠬᠡᠪᠯᠡᠯ ᠢᠶᠠᠨ ᠬᠥᠬᠡᠬᠤᠲᠠ ᠶᠢᠨ ᠰᠢᠨᠬᠤᠸᠠ ᠵᠡᠭᠦᠨ ᠵᠡᠭᠡᠯᠢ ᠶᠢᠨ 87 ᠳ᠋ᠤᠭᠠᠷ ᠨᠣᠮᠧᠷᠲᠤ ᠨᠠᠢ ᠯᠦᠨ ᠣᠯᠠᠨ ᠤᠯᠤᠰ ᠤᠨ B ᠰᠠᠭᠤᠳᠠᠯ ᠤᠨ 1823 ᠲᠠᠰᠤᠭ ᠪᠤᠶᠤ ᠡᠯᠧᠺᠲᠷᠣᠨ ᠬᠡᠪᠯᠡᠯ ᠢᠶᠠᠨ jcpsqybm@163.com︶ ᠲᠤ ᠬᠦᠷᠭᠡᠵᠦ᠂ ᠬᠥᠬᠡᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠲᠥᠪ ᠠᠴᠠ ᠨᠤᠲᠠᠯᠠᠭᠰᠠᠨ ᠤ ᠳᠠᠷᠠᠭ᠎ᠠ ᠳᠣᠭᠢᠷᠠᠭᠤᠯᠤᠨ ᠬᠦᠷᠭᠡᠬᠦ ᠠᠵᠢᠯ ᠢ ᠥᠷᠨᠢᠭᠦᠯᠦᠨ᠎ᠡ᠃    ᠳᠠᠭᠠᠯᠳᠤᠭᠤᠯᠤᠯ᠄ 2024 ᠣᠨ ᠤ ᠬᠤᠶᠠᠳᠤᠭᠠᠷ ᠤᠯᠠᠷᠢᠯ ᠤᠨ ᠬᠥᠬᠡᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠤᠨ ᠨᠡᠷᠡᠰ 

 

 

 
ᠢᠷᠡᠯᠲᠡ᠄ ᠬᠥᠬᠡᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号