ᠰᠢ ᠶᠢᠨ ᠫᠢᠩ ᠪᠧᠩᠭᠠᠯ ᠤᠯᠤᠰ ᠤᠨ ᠶᠡᠷᠦᠩᠬᠡᠢ ᠰᠠᠶᠢᠳ ᠬᠠᠰᠢᠨᠠ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/11
  ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 10 ᠤ ᠴᠠᠭᠢᠯᠭᠠᠨ ᠮᠡᠳᠡᠭᠡ  7 ᠰᠠᠷ᠎ᠠ ᠶᠢᠨ 10 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ  ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠪᠧᠩᠭᠠᠯ ᠤᠯᠤᠰ ᠤᠨ ᠶᠡᠷᠦᠩᠬᠡᠢ ᠰᠠᠶᠢᠳ ᠬᠠᠰᠢᠨᠠ ᠲᠠᠢ ᠠᠭᠤᠯᠵᠠᠪᠠ ᠃ ᠬᠤᠶᠠᠷ ᠤᠯᠤᠰ ᠤᠨ ᠤᠳᠤᠷᠢᠳᠬᠤ ᠬᠥᠮᠥᠨ ᠳᠤᠮᠳᠠᠳᠤ ᠪᠧᠩᠭᠠᠯ ᠤᠨ ᠬᠠᠷᠢᠯᠴᠠᠭ᠎ᠠ ᠶᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ ᠃
7-11-1.jpg
  7  ᠰᠠᠷ᠎ᠠ ᠶᠢᠨ 10 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ  ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠪᠧᠩᠭᠠᠯ ᠤᠯᠤᠰ ᠤᠨ ᠶᠡᠷᠦᠩᠬᠡᠢ ᠰᠠᠶᠢᠳ ᠬᠠᠰᠢᠨᠠ ᠲᠠᠢ ᠠᠭᠤᠯᠵᠠᠪᠠ ᠃   ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠳ᠋ᠢᠩ ᠯᠢᠨ  ᠰᠡᠭᠦᠳᠡᠷᠯᠡᠪᠡ  ᠰᠢ  ᠶᠢᠨ ᠫᠢᠩ ᠂ ᠳᠤᠮᠳᠠᠳᠤ ᠤᠯᠤᠰ ᠪᠣᠯᠣᠨ ᠪᠧᠩᠭᠠᠯ ᠤᠯᠤᠰ ᠪᠣᠯ ᠬᠠᠷᠢᠯᠴᠠᠨ ᠣᠶᠢᠯᠠᠭᠠᠯᠴᠠᠵᠤ ᠬᠠᠷᠢᠯᠴᠠᠨ ᠶᠠᠪᠤᠯᠴᠠᠭᠰᠠᠨ ᠨᠥᠭᠦᠷᠰᠡᠭ ᠬᠥᠷᠰᠢ ᠪᠣᠯᠣᠨ᠎ᠠ ᠂ ᠬᠤᠶᠠᠷ ᠤᠯᠤᠰ ᠤᠨ ᠨᠥᠭᠦᠷᠰᠡᠭ ᠶᠠᠪᠤᠯᠴᠠᠭ᠎ᠠ ᠮᠢᠩᠭᠠᠨ ᠵᠢᠯ ᠤᠨ ᠲᠡᠦᠬᠡ ᠲᠠᠢ ᠶᠤᠮ ᠃ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ ᠂ ᠬᠤᠶᠠᠷ ᠤᠯᠤᠰ ᠢᠮᠠᠭᠲᠠ ᠬᠠᠷᠢᠯᠴᠠᠨ ᠭᠦᠨᠳᠦᠳᠭᠡᠵᠦ ᠂ ᠬᠠᠷᠢᠯᠴᠠᠨ ᠲᠡᠮᠵᠢᠵᠥ ᠂ ᠡᠷᠬᠡ ᠲᠡᠭᠰᠢ ᠪᠠᠷ ᠬᠠᠨᠳᠤᠵᠤ ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠲᠡᠵᠦ ᠂ ᠤᠯᠤᠰ ᠪᠣᠯᠣᠨ ᠤᠯᠤᠰ ᠤᠨ ᠬᠤᠭᠤᠷᠣᠨᠳᠣᠭᠢ ᠂ ᠢᠯᠠᠩᠭᠤᠶ᠎ᠠ ︽ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ︾ ᠤᠯᠤᠰ ᠤᠳ ᠤᠨ ᠬᠤᠭᠤᠷᠣᠨᠳᠣᠭᠢ ᠨᠥᠭᠦᠷᠰᠡᠭ ᠶᠠᠪᠤᠯᠴᠠᠭ᠎ᠠ ᠂ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠬᠡᠪ ᠳᠠᠭᠤᠷᠢᠶᠠᠯ ᠢ ᠪᠤᠢ ᠪᠣᠯᠭᠠᠪᠠ ᠃ ᠳᠤᠮᠳᠠᠳᠤ ᠪᠧᠩᠭᠠᠯ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠤᠨ ᠪᠠᠶᠢᠭᠤᠯᠤᠭᠰᠠᠨ ᠭᠦᠨ ᠵᠤᠵᠠᠭᠠᠨ ᠨᠥᠬᠦᠷᠯᠡᠯ ᠢ ᠳᠤᠮᠳᠠᠳᠤ ᠤᠯᠤᠰ ᠤᠨ ᠬᠢᠨ ᠨᠠᠨᠳᠢᠩᠨᠠᠵᠤ ᠂ ᠳᠤᠷᠠᠲᠠᠶ᠎ᠠ ᠢᠷᠡᠬᠦ ᠵᠢᠯ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠠᠷ ᠠᠵᠠ ᠲᠣᠭᠢᠶᠠᠯ ᠪᠤᠯᠭᠠᠵᠤ ᠂ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠭᠦᠨᠵᠡᠭᠡᠶᠢᠷᠡᠭᠦᠯᠵᠦ ᠂ ᠡᠯ᠎ᠡ ᠬᠦᠷᠢᠶᠡᠨ ᠳᠠᠬᠢ ᠬᠠᠮᠲᠤᠷᠠᠯᠴᠠᠭᠠᠨ ᠤ ᠭᠦᠨᠴᠡ ᠪᠠ ᠥᠷᠭᠡᠴᠡ ᠶᠢ ᠥᠷᠭᠡᠳᠬᠡᠵᠦ ᠂ ᠳᠤᠮᠳᠠᠳᠤ ᠪᠧᠩᠭᠠᠯ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ ᠃  ᠰᠢ  ᠶᠢᠨ ᠫᠢᠩ ᠂ ᠬᠤᠶᠠᠷ ᠲᠠᠯ᠎ᠠ ᠪᠠᠷ ᠢᠶᠠᠨ ᠬᠠᠷᠢᠯᠴᠠᠨ ᠳᠡᠮᠵᠢᠬᠦ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ ᠂ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠦᠶ᠎ᠡ ᠃ ᠳᠤᠮᠳᠠᠳᠤ ᠤᠯᠤᠰ ᠪᠧᠩᠭᠠᠯ ᠤᠨ ᠬᠢᠨ ᠤ ᠪᠡᠶ᠎ᠡ ᠪᠠᠨ ᠳᠠᠭᠠᠭᠠᠵᠤ ᠡᠵᠡᠨ ᠮᠡᠳᠡᠬᠦ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢ ᠪᠠᠷᠢᠮᠲᠠᠯᠠᠵᠤ ᠂ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠵᠤ ᠂ ᠤᠯᠤᠰ ᠤᠨ ᠡᠷᠬᠡ ᠮᠡᠳᠡᠯ ᠂ ᠲᠤᠰᠠᠭᠠᠷ ᠲᠣᠭᠲᠠᠨᠢᠯ ᠂ ᠨᠤᠲᠤᠭ ᠳᠡᠪᠢᠰᠬᠡᠷ ᠤᠨ ᠪᠦᠷᠢᠨ ᠪᠦᠲᠦᠨ ᠢᠶᠠᠨ ᠬᠠᠮᠠᠭᠠᠯᠠᠬᠤ ᠶᠢ  ᠳᠡᠮᠵᠢᠵᠤ ᠂ ᠶᠠᠮᠠᠷᠪᠠ ᠭᠠᠳᠠᠭᠠᠳᠤ ᠬᠦᠴᠦᠨ ᠤ ᠭᠠᠷ ᠲᠦᠷᠦᠭᠦ ᠶᠢ ᠡᠰᠡᠷᠭᠦᠴᠡᠨ᠎ᠡ ᠃ ᠳᠤᠮᠳᠠᠳᠤ ᠤᠯᠤᠰ ᠳᠤᠷᠠᠲᠠᠶ᠎ᠠ ᠪᠧᠩᠭᠠᠯ ᠤᠨ ᠬᠢᠨ ᠲᠠᠢ ᠨᠠᠮ ᠢ ᠵᠠᠰᠠᠬᠤ ᠲᠦᠷᠦ ᠶᠢ ᠵᠠᠰᠠᠬᠤ ᠲᠤᠷᠰᠢᠯᠭ᠎ᠠ ᠪᠠ ᠬᠥᠭᠵᠢᠯᠲᠡ ᠶᠢᠨ ᠬᠦᠷᠢᠶᠡᠨ ᠤ ᠲᠦᠷᠦ ᠶᠢᠨ ᠪᠣᠳᠣᠯᠭ᠎ᠠ ᠶᠢᠨ ᠰᠣᠯᠢᠯᠴᠠᠭ᠎ᠠ ᠥᠷᠨᠢᠭᠦᠯᠵᠦ ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ ᠂ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ ᠂ ᠬᠤᠯᠪᠣᠯᠳᠤᠨ ᠨᠡᠪᠲᠡᠷᠡᠯᠴᠡᠬᠦ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠪᠧᠩᠭᠠᠯ ᠤᠨ ᠬᠢᠨ ᠲᠠᠢ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠳᠡᠮᠵᠢᠵᠦ ᠂ ᠬᠤᠶᠠᠷ ᠤᠯᠤᠰ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠧᠩᠭᠠᠯ ᠤᠨ ᠤᠯᠤᠰ ᠤᠨ ᠬᠥᠭᠵᠢᠯᠲᠡ ᠪᠠᠨ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ ᠃ ᠬᠤᠶᠠᠷ ᠲᠠᠯ᠎ᠠ ᠪᠠᠷ ᠢᠶᠠᠨ ᠳᠠᠷᠠᠭ᠎ᠠ ᠵᠢᠯ ᠤᠨ ︽ ᠳᠤᠮᠳᠠᠳᠤ ᠪᠧᠩᠭᠠᠯ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ ︾ ᠢ ᠰᠠᠶᠢᠲᠤᠷ ᠡᠷᠭᠢᠯᠡᠵᠦ ᠂ ᠬᠤᠶᠠᠷ ᠤᠯᠤᠰ ᠤᠨ ᠰᠣᠶᠣᠯ ᠂ ᠵᠢᠭᠤᠯᠴᠢᠯᠠᠯ ᠂ ᠵᠠᠭᠤᠴᠢᠯᠠᠭᠤᠷ ᠂ ᠪᠡᠶ᠎ᠡ ᠶᠢᠨ ᠲᠠᠮᠢᠷ ᠵᠡᠷᠭᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠤᠶ᠎ᠠ ᠃ ᠳᠤᠮᠳᠠᠳᠤ ᠤᠯᠤᠰ ᠳᠤᠷᠠᠲᠠᠶ᠎ᠠ ᠪᠧᠩᠭᠠᠯ ᠤᠨ ᠬᠢᠨ ᠲᠠᠢ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠤᠨ ᠬᠠᠮᠵᠢᠯᠴᠠᠭ᠎ᠠ ᠪᠠᠨ ᠨᠢᠭᠲᠠᠷᠠᠭᠤᠯᠵᠤ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ ᠤᠯᠠᠨ ᠲᠠᠯᠠᠲᠤ ᠪᠣᠷᠣ ᠲᠥᠯᠥᠪ ᠤᠨ ᠳᠣᠲᠣᠷᠠᠬᠢ ᠵᠣᠬᠢᠴᠠᠭᠤᠯᠭ᠎ᠠ ᠪᠠ ᠬᠠᠮᠲᠤᠷᠠᠯᠴᠠᠭ᠎ᠠ ᠪᠠᠨ ᠴᠢᠩᠭᠠᠳᠬᠠᠵᠤ ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ ᠭᠡᠵᠦ ᠴᠢᠬᠤᠯᠠᠴᠢᠯᠠᠪᠠ ᠃  ᠬᠠᠰᠢᠨᠠ ᠂ ᠪᠧᠩᠭᠠᠯ ᠤᠨ ᠬᠢᠨ ᠳᠤᠮᠳᠠᠳᠤ ᠤᠯᠤᠰ ᠯᠤᠭ᠎ᠠ ᠭᠦᠨ ᠵᠤᠵᠠᠭᠠᠨ ᠨᠥᠬᠦᠷᠯᠡᠯ ᠪᠠᠶᠢᠭᠤᠯᠤᠭᠰᠠᠨ ᠳᠠᠭᠠᠨ ᠮᠠᠰᠢ ᠣᠮᠣᠭᠰᠢᠵᠤ ᠪᠠᠶᠢᠨ᠎ᠠ ᠂ ᠳᠤᠮᠳᠠᠳᠤ ᠤᠯᠤᠰ ᠲᠡᠷᠢᠭᠦᠯᠡᠭᠴᠢ ᠰᠢ  ᠶᠢᠨ ᠫᠢᠩ ᠤᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ ᠡᠯ᠎ᠡ ᠵᠦᠢᠯ ᠤᠨ ᠬᠦᠴᠢᠷ ᠪᠡᠷᠬᠡᠰᠢᠶᠡᠯ ᠥᠷᠢᠰᠦᠯᠳᠦᠭᠡᠨ ᠢ ᠢᠯᠠᠨ ᠳᠠᠪᠠᠵᠤ ᠡᠳᠦᠷ ᠠᠴᠠ ᠡᠳᠦᠷ ᠰᠢᠨᠡᠳᠦᠭᠰᠡᠨ ᠠᠭᠤᠤ ᠶᠡᠭᠡ ᠠᠮᠵᠢᠯᠲᠠ ᠪᠦᠲᠦᠮᠵᠢ ᠣᠯᠵᠤ ᠂ ᠠᠷᠠᠳ ᠲᠦᠮᠡᠨ ᠤ ᠠᠮᠢᠳᠤᠷᠠᠯ ᠤᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ ᠪᠠᠶᠢᠭ᠎ᠠ ᠶᠢ ᠪᠢᠰᠢᠷᠡᠵᠦ ᠪᠠᠶᠢᠨ᠎ᠠ ᠃ ᠪᠧᠩᠭᠠᠯ ᠤᠯᠤᠰ ᠦᠨᠳᠦᠰᠦᠲᠡᠨ ᠤ ᠴᠢᠯᠦᠭᠡᠯᠡᠯᠲᠡ ᠪᠣᠯᠣᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠥᠭᠵᠢᠯᠲᠡ ᠶᠢᠨ ᠦᠢᠯᠡᠰ ᠢ ᠠᠬᠢᠭᠤᠯᠬᠤ ᠪᠠᠷ ᠡᠷᠡᠰ ᠴᠢᠷᠮᠠᠶᠢᠵᠤ ᠪᠠᠶᠢᠨ᠎ᠠ ᠂ ᠡᠨᠡ ᠬᠦ ᠠᠬᠢᠴᠠ ᠳᠤ ᠳᠤᠮᠳᠠᠳᠤ ᠤᠯᠤᠰ ᠤᠨ ᠪᠧᠩᠭᠠᠯ ᠳᠤ ᠦᠵᠡᠭᠦᠯᠦᠭᠰᠡᠨ ᠡᠷᠬᠢᠮ ᠨᠠᠨᠳᠢᠨ ᠳᠡᠮᠵᠢᠯᠭᠡ ᠳᠤ ᠲᠠᠯᠠᠷᠬᠠᠵᠤ ᠪᠠᠶᠢᠨ᠎ᠠ ᠃ ᠪᠧᠩᠭᠠᠯ ᠤᠨ ᠬᠢᠨ ᠳᠤᠮᠳᠠᠳᠤ ᠤᠯᠤᠰ ᠤᠨ ᠠᠮᠵᠢᠯᠲᠠ ᠲᠠᠢ ᠬᠥᠭᠵᠢᠭᠰᠡᠨ ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠵᠤ ᠂ ᠬᠤᠶᠠᠷ ᠤᠯᠤᠰ ᠤᠨ ᠠᠵᠤ ᠠᠬᠤᠢ ᠠᠷᠠᠯᠵᠢᠶ᠎ᠠ ᠂ ᠰᠠᠭᠤᠷᠢ ᠲᠥᠬᠦᠭᠡᠷᠦᠮᠵᠢ ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ ᠂ ᠵᠠᠯᠠᠭᠤᠴᠤᠳ ᠂ ᠰᠣᠶᠣᠯ ᠵᠡᠷᠭᠡ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ ᠃ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠨᠢ ᠲᠤᠰ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠪᠣᠯᠣᠨ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠶᠡᠭᠡ ᠪᠠᠷ ᠠᠬᠢᠭᠤᠯᠪᠠ ᠂ ᠪᠧᠩᠭᠠᠯ ᠤᠨ ᠬᠢᠨ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠳᠤ ᠦᠷᠭᠦᠯᠵᠢᠯᠡᠨ ᠢᠳᠡᠪᠬᠢᠲᠡᠢ ᠣᠷᠣᠯᠴᠠᠨ᠎ᠠ ᠃ ᠪᠧᠩᠭᠠᠯ ᠤᠨ ᠡᠮᠦᠨᠡᠲᠦ ᠬᠡᠰᠡᠭ ᠤᠨ ᠨᠢᠭᠡ ᠴᠣᠭᠴᠠᠵᠢᠭᠤᠯᠤᠨ ᠨᠡᠭᠡᠭᠡᠨ ᠬᠥᠭᠵᠢᠭᠦᠯᠬᠦ ᠲᠥᠯᠥᠪᠯᠡᠭᠡ ᠳᠤ ᠳᠤᠮᠳᠠᠳᠤ ᠤᠯᠤᠰ ᠤᠨ ᠢᠳᠡᠪᠬᠢᠲᠡᠢ ᠣᠷᠣᠯᠴᠠᠵᠤ ᠂ ᠪᠧᠩᠭᠠᠯ ᠤᠨ ︽ 2041 ᠬᠦᠰᠡᠯ ᠡᠷᠡᠮᠡᠯᠵᠡᠯ ︾ ᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢ ᠪᠠᠶᠠᠷᠯᠠᠨ ᠤᠭᠲᠤᠵᠤ ᠪᠠᠶᠢᠨ᠎ᠠ ᠃ ᠪᠧᠩᠭᠠᠯ ᠤᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ ᠂ ᠳᠤᠮᠳᠠᠳᠤ ᠤᠯᠤᠰ ᠤᠨ ᠲᠠᠶᠢᠸᠠᠨ ᠤ ᠠᠰᠠᠭᠤᠳᠠᠯ ᠳᠡᠭᠡᠷᠡᠬᠢ ᠵᠣᠭᠰᠣᠯᠲᠠ ᠶᠢ ᠳᠡᠮᠵᠢᠵᠦ ᠂ ᠭᠠᠳᠠᠭᠠᠳᠤ ᠶᠢᠨ ᠬᠦᠴᠦᠨ ᠤ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠷᠡᠰ ᠡᠰᠡᠷᠭᠦᠴᠡᠵᠦ ᠂ ᠳᠤᠮᠳᠠᠳᠤ ᠤᠯᠤᠰ ᠤᠨ ᠲᠤᠰ ᠪᠡᠶ᠎ᠡ ᠶᠢᠨ ᠭᠤᠣᠯᠯᠠᠭᠴᠢ ᠠᠰᠢᠭ ᠲᠤᠰᠠ ᠪᠠᠨ ᠬᠠᠮᠠᠭᠠᠯᠠᠬᠤ ᠶᠢ ᠡᠷᠡᠰ ᠳᠡᠮᠵᠢᠨ᠎ᠠ ᠃ ᠪᠧᠩᠭᠠᠯ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠯᠠᠪᠲᠠᠢ ᠨᠡᠩ ᠶᠡᠭᠡ ᠬᠥᠭᠵᠢᠯᠲᠡ ᠲᠠᠢ ᠪᠤᠯᠬᠤ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ ᠃  ᠸᠠᠩ ᠢ ᠠᠭᠤᠯᠵᠠᠯᠲᠠ ᠳᠤ ᠣᠷᠣᠯᠴᠠᠵᠠᠢ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号