ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠵᠢᠯ ᠪᠦᠷᠢ ᠶᠠᠮᠠᠷ ᠶᠠᠮᠠᠷ ᠡᠮ ᠰᠢᠨ᠎ᠡ ᠪᠠᠷ ᠨᠡᠮᠡᠭᠳᠡᠭᠦᠯᠳᠡᠭ ᠪᠣᠶ︖ — ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠤᠨ ︽ᠲᠦᠢᠯ ᠤᠨ ᠲᠣᠪᠴᠢ ᠲᠡᠦᠬᠡ︾ ︵ᠨᠢᠭᠡ︶
ᠨᠡᠶᠢᠲᠡᠯᠡᠭᠰᠡᠨ ᠴᠠᠭ᠄
2024/7/16
  6 ᠳ᠋ᠤᠭᠠᠷ ᠰᠠᠷ᠎ᠠ ᠶᠢᠨ 28 ᠤ ᠡᠳᠦᠷ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽2024 ᠣᠨ ᠤ ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠠᠵᠢᠯ ᠤᠨ ᠲᠥᠰᠦᠯ︾ ᠵᠢᠴᠢ ᠭᠤᠶᠤᠴᠢᠯᠠᠨ ᠮᠡᠳᠡᠭᠦᠯᠬᠦ ᠵᠦᠭᠯᠡᠭᠦᠷ ᠵᠡᠷᠭᠡ ᠪᠢᠴᠢᠭ ᠮᠠᠲ᠋ᠧᠷᠢᠶᠠᠯ ᠢ ᠨᠡᠶᠢᠲᠡᠯᠡᠪᠡ᠃ 2024 ᠣᠨ ᠳᠤ ᠤᠯᠤᠰ ᠤᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠠᠵᠢᠯ ᠢ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠭᠦᠯᠵᠦ᠂ ᠡᠨᠡ ᠵᠢᠯ ᠤᠨ 11 ᠳ᠋ᠦ᠋ᠭᠡᠷ ᠰᠠᠷ᠎ᠠ ᠳᠤ ᠬᠡᠯᠡᠯᠴᠡᠭᠡ ᠬᠢᠵᠦ‌‍ᠲ᠋ᠠᠭᠤᠰᠤᠭᠰᠠᠨ ᠪᠥᠭᠡᠳ ᠦᠷ᠎ᠡ ᠳ᠋ᠦᠩ ᠢ ᠨᠡᠶᠢᠲᠡᠯᠡᠨ᠎ᠡ᠃
“极简史”(一).png
  2018 ᠣᠨ ᠳᠤ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠠᠶᠢᠭᠤᠯᠤᠭᠳᠠᠭᠰᠠᠨ ᠠᠴᠠ ᠨᠠᠭᠠᠰᠢ᠂ ᠨᠡᠶᠢᠲᠡ 700 ᠭᠠᠷᠤᠶ ᠵᠦᠢᠯ ᠤᠨ ᠲᠦᠷᠭᠡᠨ ᠠᠪᠤᠷᠠᠯᠲᠠ ᠶᠢᠨ ᠰᠠᠶᠢᠨ ᠡᠮ᠂ ᠰᠢᠨ᠎ᠡ ᠶᠢ ᠡᠭᠦᠳᠦᠭᠰᠡᠨ ᠡᠮ ᠤᠯᠤᠰ ᠤᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠣᠷᠣᠵᠤ᠂ ᠬᠡᠯᠡᠯᠴᠡᠭᠡᠷ ᠢᠶᠠᠷ ᠳᠡᠮᠵᠢᠨ ᠰᠢᠨ᠎ᠡ ᠪᠠᠷ ᠨᠡᠮᠡᠭᠳᠡᠭᠰᠡᠨ 446 ᠡᠮ ᠤᠨ ᠵᠦᠢᠯ ᠢ ᠪᠠᠭᠲᠠᠭᠠᠵᠠᠢ᠂ ᠡᠭᠦᠨ ᠳᠤ ᠣᠯᠠᠩᠬᠢ ᠨᠢ ᠣᠶᠢᠷ᠎ᠠ ᠶᠢᠨ ᠵᠢᠯ ᠳᠤ ᠰᠢᠨ᠎ᠡ ᠪᠠᠷ ᠵᠠᠬ᠎ᠠ ᠳᠡᠯᠭᠡᠭᠦᠷ ᠲᠤ ᠭᠠᠷᠤᠭᠰᠠᠨ᠂ ᠡᠮᠴᠢᠯᠡᠭᠡᠨ ᠤ ᠥᠷᠲᠡᠭ ᠢᠶᠠᠷ ᠥᠨᠳᠥᠷ ᠡᠮ ᠤᠨ ᠵᠦᠢᠯ ᠪᠠᠶᠢᠵᠤ᠂ 31 ᠡᠮᠴᠢᠯᠡᠭᠡᠨ ᠤ ᠬᠦᠷᠢᠶ᠎ᠡ ᠴᠠᠷᠠᠭ᠎ᠠ ᠶᠢ ᠬᠠᠮᠤᠷᠴᠠᠶ᠃  2019 ᠣᠨ ᠳᠤ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠤᠨ ᠡᠩ ᠤᠨ ᠵᠥᠪᠰᠢᠶᠡᠷᠡᠨ ᠣᠷᠣᠭᠤᠯᠬᠤ ᠬᠡᠰᠡᠭ ᠲᠤ ᠨᠡᠶᠢᠲᠡ 148 ᠲᠥᠷᠥᠯ ᠵᠦᠢᠯ ᠰᠢᠨ᠎ᠡ ᠪᠠᠷ ᠨᠡᠮᠡᠭᠳᠡᠪᠡ᠃ ᠰᠢᠨ᠎ᠡ ᠪᠠᠷ ᠨᠡᠮᠡᠭᠳᠡᠭᠰᠡᠨ ᠡᠮ ᠤᠨ ᠵᠦᠢᠯ ᠨᠢ ᠡᠩ ᠲᠡᠷᠢᠭᠦᠨ ᠳᠤ ᠪᠣᠳᠣᠯᠬᠢᠯᠠᠬᠤ ᠬᠡᠷᠡᠭᠲᠡᠢ ᠤᠯᠤᠰ ᠤᠨ ᠦᠨᠳᠦᠰᠦᠨ ᠡᠮ᠂ ᠥᠮᠡᠨ ᠡᠪᠡᠳᠴᠢᠨ ᠵᠢᠴᠢ ᠬᠤᠪᠣᠷᠬᠠᠨ ᠲᠣᠬᠢᠶᠠᠯᠳᠤᠬᠤ ᠡᠪᠡᠳᠴᠢᠨ ᠵᠡᠷᠭᠡ ᠬᠦᠨᠳᠦ ᠶᠡᠭᠡ ᠡᠪᠡᠳᠴᠢᠨ ᠢ ᠡᠮᠨᠡᠨ ᠵᠠᠰᠠᠬᠤ ᠳᠤ ᠬᠡᠷᠡᠭᠯᠡᠬᠦ ᠡᠮ᠂ ᠤᠵᠢᠭ ᠡᠪᠡᠳᠴᠢᠨ ᠳᠤ ᠬᠡᠷᠡᠭᠯᠡᠬᠦ ᠡᠮ ᠵᠡᠷᠭᠡ ᠂ ᠬᠡᠦᠬᠡᠳ ᠤᠨ ᠡᠮ ᠵᠡᠷᠭᠡ ᠶᠢ ᠬᠠᠮᠤᠷᠴᠤ᠂ ᠡᠭᠦᠨ ᠳᠤ ᠡᠩ ᠤᠨ ᠵᠥᠪᠰᠢᠶᠡᠷᠡᠯ ᠤᠨ ᠬᠦᠨᠳᠦ ᠶᠡᠭᠡ ᠡᠪᠡᠳᠴᠢᠨ ᠢ ᠡᠮᠨᠡᠨ ᠵᠠᠰᠠᠬᠤ ᠳᠤ ᠬᠡᠷᠡᠭᠯᠡᠬᠦ ᠡᠮ 5᠂ ᠰᠢᠬᠢᠷ ᠰᠢᠵᠢᠩ ᠡᠪᠡᠳᠴᠢᠨ ᠵᠡᠷᠭᠡ ᠤᠵᠢᠭ ᠡᠪᠡᠳᠴᠢᠨ ᠳᠤ ᠬᠡᠷᠡᠭᠯᠡᠬᠦ ᠡᠮ 36᠂ ᠬᠡᠦᠬᠡᠳ ᠤᠨ ᠡᠮ 38 ᠪᠠᠶᠢᠵᠤ᠂ ᠵᠣᠩᠬᠢᠯᠠᠬᠤ ᠣᠯᠠᠨ ᠤᠯᠤᠰ ᠤᠨ ᠦᠨᠳᠦᠰᠦᠨ ᠡᠮ ᠢ ᠡᠩ ᠤᠨ ᠵᠥᠪᠰᠢᠶᠡᠷᠡᠯ ᠢᠶᠠᠷ ᠪᠤᠶᠤ ᠬᠡᠯᠡᠯᠴᠡᠭᠡᠷ ᠬᠢᠬᠦ ᠪᠠᠷ ᠪᠠᠶᠢᠭ᠎ᠠ ᠡᠮ ᠤᠨ ᠵᠦᠢᠯ ᠤᠨ ᠨᠡᠷᠡᠰ ᠲᠤ ᠣᠷᠣᠭᠤᠯᠵᠤ᠂ 74 ᠦᠨᠳᠦᠰᠦᠨ ᠡᠮ ᠢ ᠬᠥᠬᠡᠭᠴᠢᠨ ᠲᠥᠷᠥᠯ ᠠᠴᠠ ᠬᠥᠬᠡ ᠲᠥᠷᠥᠯ ᠪᠣᠯᠭᠠᠨ ᠲᠣᠬᠢᠷᠠᠭᠤᠯᠪᠠ᠃  2020 ᠣᠨ ᠤ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠤᠨ ᠲᠣᠬᠢᠷᠠᠭᠤᠯᠤᠯᠲᠠ ᠳᠤ᠂ ᠨᠡᠶᠢᠲᠡ 119 ᠵᠦᠢᠯ ᠤᠨ ᠡᠮ ᠤᠨ ᠵᠦᠢᠯ ᠢ ᠰᠢᠨ᠎ᠡ ᠪᠠᠷ ᠨᠡᠮᠡᠭᠳᠡᠭᠦᠯᠵᠦ ᠭᠠᠷᠴᠠᠭ ᠲᠤ ᠣᠷᠣᠭᠤᠯᠪᠠ᠃ ᠡᠭᠦᠨ ᠳᠤ ᠥᠮᠡᠨ ᠡᠰᠡᠷᠭᠦᠴᠡᠬᠦ 17 ᠵᠦᠢᠯ ᠤᠨ ᠡᠮ ᠰᠢᠨ᠎ᠡ ᠪᠠᠷ ᠨᠡᠮᠡᠭᠳᠡᠭᠰᠡᠨ ᠪᠠᠶᠢᠨ᠎ᠠ᠃   ᠡᠭᠦᠨ ᠳᠤ ᠷᠢᠯᠢᠵᠣᠲ᠋ᠧᠨ᠂ ᠯᠦᠨ ᠹᠠ ᠳ᠋ᠢ ᠨᠢ ᠵᠡᠷᠭᠡ ᠰᠢᠨ᠎ᠡ ᠡᠮ ᠰᠠᠶᠢᠨ ᠡᠮ ᠪᠠ ᠬᠡᠰᠡᠭ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠵᠠᠰᠠᠬᠤ ᠡᠮ ᠪᠠᠭᠲᠠᠨ᠎ᠠ᠃  2021 ᠣᠨ ᠳᠤ 74 ᠵᠦᠢᠯ ᠤᠨ ᠡᠮ ᠤᠨ ᠵᠦᠢᠯ ᠰᠢᠨ᠎ᠡ ᠪᠠᠷ ᠭᠠᠷᠴᠠᠭ ᠲᠤ ᠣᠷᠣᠵᠤ᠂ ᠰᠢᠨ᠎ᠡ ᠪᠠᠷ ᠨᠡᠮᠡᠭᠳᠡᠭᠰᠡᠨ ᠡᠮ ᠤᠨ ᠵᠦᠢᠯ ᠨᠢ ᠬᠠᠪᠤᠳᠠᠷ᠂ ᠤᠵᠢᠭ ᠡᠪᠡᠳᠴᠢᠨ᠂ ᠬᠠᠯᠳᠠᠪᠤᠷᠢᠯᠠᠯ ᠢ ᠡᠰᠡᠷᠭᠦᠴᠡᠬᠦ᠂ ᠬᠤᠪᠣᠷ ᠲᠣᠬᠢᠶᠠᠯᠳᠤᠬᠤ ᠡᠪᠡᠳᠴᠢᠨ᠂ ᠡᠮᠡᠭᠲᠡᠶᠢᠴᠦᠳ ᠬᠡᠦᠬᠡᠳ ᠵᠡᠷᠭᠡ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠢ ᠪᠠᠷ ᠨᠥᠬᠦᠪᠦᠷᠢᠯᠡᠵᠦ᠂ ᠨᠡᠶᠢᠲᠡ 21 ᠡᠮᠴᠢᠯᠡᠭᠡᠨ ᠤ ᠳᠤᠭᠤᠶᠢᠯᠠᠩ ᠤᠨ ᠢᠯᠭᠠᠭ᠎ᠠ ᠲᠠᠢ       ᠬᠤᠯᠪᠣᠭᠳᠠᠨ᠎ᠠ᠃ ᠡᠭᠦᠨ ᠳᠤ ᠰᠢᠨ᠎ᠡ ᠪᠠᠷ ᠨᠡᠮᠡᠭᠳᠡᠭᠰᠡᠨ ᠨᠣᠷᠰᠢᠨᠠ ᠶᠢᠨ ᠨᠠᠲᠷᠢ ᠶᠢᠨ ᠲᠠᠷᠢᠯᠭ᠎ᠠ ᠶᠢᠨ ᠠᠭᠤᠰᠤᠮᠠᠯ ᠪᠣᠯ SMA ︵ᠨᠤᠭᠤᠰᠤᠨ ᠤ ᠴᠢᠨᠠᠷ ᠤᠨ ᠪᠤᠯᠴᠢᠩ ᠠᠪᠴᠢᠬᠤ ᠡᠪᠡᠳᠴᠢᠨ︶ ᠶᠢ ᠵᠠᠰᠠᠬᠤ ᠴᠢᠬᠤᠯᠠ ᠡᠮ ᠤᠨ ᠵᠦᠢᠯ ᠪᠣᠯᠬᠤᠷ᠂ ᠮᠠᠨ ᠤ ᠤᠯᠤᠰ ᠤᠨ ᠬᠡᠳᠦᠨ ᠲᠦᠮᠡᠨ ᠡᠪᠡᠳᠴᠢᠲᠡᠨ ᠳᠤ ᠬᠦᠰᠡᠯ ᠠᠪᠴᠢᠷᠠᠪᠠ᠃  2022 ᠣᠨ ᠳᠤ ᠨᠡᠶᠢᠲᠡ 111 ᠡᠮ ᠤᠨ ᠵᠦᠢᠯ ᠰᠢᠨ᠎ᠡ ᠪᠠᠷ ᠭᠠᠷᠴᠠᠭ ᠲᠤ ᠣᠷᠣᠵᠤ᠂ ᠡᠭᠦᠨ ᠳᠤ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠴᠢᠰᠤᠨ ᠥᠭᠡᠬᠦ ᠥᠨᠳᠥᠷ᠂ ᠮᠡᠳᠡᠷᠡᠯ ᠤᠨ ᠡᠪᠡᠳᠴᠢᠨ ᠵᠡᠷᠭᠡ ᠤᠵᠢᠭ ᠡᠪᠡᠳᠴᠢᠨ ᠳᠤ ᠬᠡᠷᠡᠭᠯᠡᠬᠦ ᠡᠮ 56 ᠵᠦᠢᠯ᠂ ᠬᠠᠪᠤᠳᠠᠷ ᠤᠨ ᠡᠮ 23 ᠵᠦᠢᠯ᠂ ᠬᠠᠯᠳᠠᠪᠤᠷᠢᠯᠠᠯ ᠢ ᠡᠰᠡᠷᠭᠦᠴᠡᠬᠦ ᠡᠮ 17 ᠵᠦᠢᠯ᠂ ᠬᠤᠪᠣᠷ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ 7 ᠵᠦᠢᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠡᠮᠨᠡᠬᠦ ᠡᠮ 2 ᠵᠦᠢᠯ ᠪᠠᠶᠢᠵᠤ᠂ ᠪᠤᠰᠤᠳ ᠬᠦᠷᠢᠶᠡᠨ ᠤ ᠬᠡᠷᠡᠭᠯᠡᠬᠦ ᠡᠮ 6 ᠵᠦᠢᠯ ᠪᠠᠶᠢᠨ᠎ᠠ᠃  2023 ᠣᠨ ᠳᠤ ᠨᠡᠶᠢᠲᠡ 126 ᠡᠮ ᠤᠨ ᠵᠦᠢᠯ ᠢ ᠤᠯᠤᠰ ᠤᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠰᠢᠨ᠎ᠡ ᠪᠠᠷ ᠨᠡᠮᠡᠭᠳᠡᠭᠦᠯᠵᠦ᠂ 15 ᠭᠠᠷᠴᠠᠭ ᠠᠴᠠ ᠭᠠᠳᠠᠨ᠎ᠠ ᠬᠤᠪᠣᠷ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ᠤᠨ ᠬᠡᠯᠡᠯᠴᠡᠭᠡᠷ ᠬᠢᠭᠰᠡᠨ ᠪᠤᠶᠤ ᠦᠨ᠎ᠡ ᠬᠠᠶᠠᠯᠴᠠᠭ᠎ᠠ ᠨᠢ ᠠᠮᠵᠢᠯᠲᠠ ᠣᠯᠵᠤ᠂ 16 ᠬᠤᠪᠣᠷ ᠲᠣᠬᠢᠶᠠᠯᠳᠤᠬᠤ ᠡᠪᠡᠳᠴᠢᠨ ᠤ ᠲᠥᠷᠥᠯ ᠢ ᠬᠠᠮᠤᠷᠴᠤ᠂ 10 ᠡᠪᠡᠳᠴᠢᠨ ᠤ ᠲᠥᠷᠥᠯ ᠤᠨ ᠡᠮ ᠬᠡᠷᠡᠭᠯᠡᠬᠦ ᠪᠠᠲᠤᠯᠠᠭ᠎ᠠ ᠶᠢᠨ ᠬᠤᠭᠤᠰᠣᠨ ᠢ ᠨᠥᠬᠦᠪᠥᠷᠢᠯᠡᠪᠡ᠃ ᠢᠯᠠᠩᠭᠤᠶ᠎ᠠ ᠭᠧᠰᠧᠷ ᠡᠪᠡᠳᠴᠢᠨ ᠂ ᠬᠦᠨᠳᠦ ᠨᠡᠷᠪᠡᠭᠳᠡᠭᠰᠡᠨ ᠪᠤᠯᠴᠢᠩ ᠤᠨ ᠬᠦᠴᠦ ᠦᠭᠡᠶᠢᠷᠡᠯ ᠵᠡᠷᠭᠡ ᠣᠯᠠᠨ ᠵᠢᠯ ᠰᠢᠢᠳᠪᠦᠷᠢᠯᠡᠭᠳᠡᠭᠡ ᠦᠭᠡᠢ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠨᠡᠯᠢᠶᠡᠳ ᠥᠨᠳᠥᠷ ᠡᠪᠡᠳᠴᠢᠨ ᠡᠮᠭᠡᠭ ᠢ ᠡᠮᠨᠡᠨ ᠵᠠᠰᠠᠬᠤ ᠳᠤ ᠬᠡᠷᠡᠭᠯᠡᠬᠦ ᠡᠮ ᠢ ᠭᠠᠷᠴᠠᠭ ᠲᠤ       ᠣᠷᠣᠭᠤᠯᠵᠠᠢ᠃  2023 ᠣᠨ ᠳᠤ ᠤᠯᠤᠰ ᠤᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠤᠨ ᠳᠣᠲᠣᠷᠠᠬᠢ ᠡᠮ ᠤᠨ ᠵᠦᠢᠯ ᠤᠨ ᠪᠥᠬᠦ ᠲᠤᠭ᠎ᠠ ᠶᠢ ᠨᠢᠭᠡᠨᠲᠡ 3088 ᠵᠦᠢᠯ ᠪᠣᠯᠭᠠᠨ ᠨᠡᠮᠡᠭᠳᠡᠭᠦᠯᠵᠦ᠂ ᠡᠭᠦᠨ ᠳᠤ ᠧᠦ᠋ᠷᠣᠫᠠ ᠡᠮ 1698 ᠵᠦᠢᠯ᠂ ᠬᠢᠲᠠᠳ ᠪᠡᠯᠡᠨ ᠡᠮ 1390 ᠵᠦᠢᠯ ᠪᠠᠶᠢᠵᠤ᠂ ᠤᠵᠢᠭ ᠡᠪᠡᠳᠴᠢᠨ᠂ ᠬᠤᠪᠣᠷ ᠲᠣᠬᠢᠶᠠᠯᠳᠤᠬᠤ ᠡᠪᠡᠳᠴᠢᠨ᠂ ᠬᠡᠦᠬᠡᠳ ᠤᠨ ᠡᠮ ᠵᠡᠷᠭᠡ ᠬᠦᠷᠢᠶᠡᠨ ᠳᠠᠬᠢ ᠪᠠᠲᠤᠯᠠᠭ᠎ᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ 
 
ᠢᠷᠡᠯᠲᠡ᠄ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号