ᠭᠠᠷᠴᠠᠭ ᠲᠤ ᠣᠷᠣᠭᠤᠯᠤᠭᠰᠠᠨ ᠤ ᠳᠠᠷᠠᠭ᠎ᠠ ᠡᠮ ᠤᠨ ᠦᠨ᠎ᠡ ᠶᠠᠮᠠᠷ ᠬᠤᠪᠢᠷᠠᠯᠲᠠ ᠲᠠᠢ ᠪᠤᠢ︖ — ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠤᠨ ︽ᠲᠦᠢᠯ ᠤᠨ ᠲᠣᠪᠴᠢ ᠲᠡᠦᠬᠡ︾ ︵ᠬᠤᠶᠠᠷ︶
ᠨᠡᠶᠢᠲᠡᠯᠡᠭᠰᠡᠨ ᠴᠠᠭ᠄
2024/7/16
  2017 ᠣᠨ ᠪᠠ 2018 ᠣᠨ ᠳᠤ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠬᠡᠯᠡᠯᠴᠡᠭᠡᠷ ᠬᠢᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠰ ᠲᠣᠰ 36 ᠪᠠ 17 ᠡᠮ ᠤᠨ ᠵᠦᠢᠯ ᠢ ᠣᠷᠣᠭᠤᠯᠪᠠ᠂ ᠡᠭᠦᠨ ᠳᠤ ᠯᠢᠷᠠᠷᠦ᠋ᠫᠲ᠋ᠢᠳ᠋᠂ ᠴᠢᠦ᠋ᠢᠺᠲ᠋ᠠᠨᠧᠲ᠋ᠠᠨ᠂ ᠯᠠᠢ ᠨᠠ ᠳ᠋ᠦ᠋ ᠠᠮᠢᠨ᠂ ᠣᠱᠲ᠋ᠧᠨᠢ ᠵᠡᠷᠭᠡ ᠪᠠᠭᠲᠠᠨ᠎ᠠ᠃ 2019 ᠣᠨ ᠳᠤ 128 ᠦᠨ᠎ᠡ ᠥᠨᠳᠥᠷ ᠲᠤᠰᠬᠠᠢ ᠠᠰᠢᠭ ᠤᠨ ᠡᠮ ᠨᠢ ᠬᠡᠯᠡᠯᠴᠡᠭᠡᠷ ᠤᠨ ᠵᠥᠪᠰᠢᠶᠡᠷᠡᠯ ᠤᠨ ᠬᠡᠪᠴᠢᠶᠡᠨ ᠳᠤ ᠣᠷᠣᠪᠠ᠃  2020 ᠣᠨ ᠳᠤ ᠨᠡᠶᠢᠲᠡ 162 ᠵᠦᠢᠯ ᠤᠨ ᠡᠮ ᠤᠨ ᠵᠦᠢᠯ ᠤᠨ ᠬᠡᠯᠡᠯᠴᠡᠭᠡᠷ ᠬᠢᠵᠦ᠂ ᠲᠡᠦᠬᠡᠨ ᠳᠤ ᠬᠠᠮᠤᠭ ᠤᠨ ᠣᠯᠠᠨ ᠨᠢᠭᠡ ᠤᠳᠠᠭ᠎ᠠ ᠪᠣᠯᠣᠨ᠎ᠠ᠃ ᠡᠴᠦᠰ ᠲᠡᠭᠡᠨ 119 ᠵᠦᠢᠯ ᠤᠨ ᠡᠮ ᠤᠨ ᠵᠦᠢᠯ ᠤᠨ ᠬᠡᠯᠡᠯᠴᠡᠭᠡᠷ ᠠᠮᠵᠢᠯᠲᠠ ᠣᠯᠵᠤ᠂ ᠬᠡᠯᠡᠯᠴᠡᠭᠡᠷ ᠢᠶᠠᠷ ᠰᠢᠯᠵᠢᠭᠦᠯᠦᠨ ᠣᠷᠣᠭᠤᠯᠤᠭᠰᠠᠨ 96 ᠵᠦᠢᠯ ᠤᠨ ᠭᠠᠭᠴᠠ ᠡᠮ ᠤᠨ ᠵᠦᠢᠯ ᠪᠠ ᠰᠢᠭᠤᠳ ᠰᠢᠯᠵᠢᠭᠦᠯᠦᠨ ᠣᠷᠣᠭᠤᠯᠤᠭᠰᠠᠨ 23 ᠵᠦᠢᠯ ᠤᠨ ᠭᠠᠭᠴᠠ ᠪᠤᠰᠤ ᠡᠮ ᠤᠨ ᠵᠦᠢᠯ ᠢ ᠪᠠᠭᠲᠠᠭᠠᠵᠤ᠂ ᠬᠡᠯᠡᠯᠴᠡᠭᠡᠷ ᠤᠨ ᠠᠮᠵᠢᠯᠲᠠ ᠣᠯᠤᠭᠰᠠᠨ ᠨᠣᠷᠮ᠎ᠠ ᠨᠢ 73.46% ᠳᠤ ᠬᠦᠷᠴᠡᠶ᠃ ᠬᠡᠯᠡᠯᠴᠡᠭᠡᠷ ᠠᠮᠵᠢᠯᠲᠠ ᠣᠯᠤᠭᠰᠠᠨ ᠡᠮ ᠤᠨ ᠵᠦᠢᠯ ᠤᠨ ᠳᠤᠮᠳᠠᠴᠢ ᠦᠨ᠎ᠡ 50.64% ᠪᠠᠷ ᠪᠠᠭᠤᠷᠠᠪᠠ᠃ ᠡᠭᠦᠨ ᠳᠤ᠂ 14 ᠵᠦᠢᠯ ᠤᠨ ᠭᠠᠷᠴᠠᠭ ᠤᠨ ᠳᠣᠲᠣᠷᠠᠬᠢ᠂ ᠵᠢᠯ ᠤᠨ ᠪᠣᠷᠣᠯᠠᠭᠤᠯᠤᠯᠲᠠ ᠶᠢᠨ ᠵᠣᠭᠤᠰ ᠤᠨ ᠲᠤᠭ᠎ᠠ ᠨᠢ 10 ᠳ᠋ᠦᠩᠰᠢᠭᠤᠷ ᠲᠥᠭᠦᠷᠢᠭ ᠢ ᠳᠠᠪᠠᠭᠰᠠᠨ ᠭᠠᠭᠴᠠ ᠡᠮ ᠤᠨ ᠵᠦᠢᠯ ᠤᠨ ᠬᠡᠯᠡᠯᠴᠡᠭᠡᠷ ᠢ ᠠᠮᠵᠢᠯᠲᠠ ᠣᠯᠤᠭᠰᠠᠨ ᠪᠥᠭᠡᠳ ᠭᠠᠷᠴᠠᠭ ᠤᠨ ᠳᠣᠲᠣᠷ᠎ᠠ ᠦᠯᠡᠳᠡᠭᠡᠵᠦ᠂ ᠦᠨ᠎ᠡ ᠨᠢ ᠳᠤᠮᠳᠠᠴᠢ ᠪᠠᠷ 43.46% ᠪᠠᠷ ᠪᠠᠭᠤᠷᠠᠪᠠ᠃ 2020 ᠣᠨ ᠳᠤ ᠪᠠᠰᠠ 2018 ᠣᠨ ᠤ ᠥᠮᠡᠨ ᠡᠰᠡᠷᠭᠦᠴᠡᠬᠦ ᠡᠮ ᠤᠨ ᠲᠤᠰᠬᠠᠶ ᠵᠦᠢᠯ ᠤᠨ ᠵᠥᠪᠰᠢᠶᠡᠷᠡᠯ ᠤᠨ ᠳᠤᠮᠳᠠᠬᠢ 14 ᠵᠦᠢᠯ ᠤᠨ ᠭᠠᠭᠴᠠ ᠡᠮ ᠤᠨ ᠵᠦᠢᠯ ᠳᠤ ᠲᠦᠷᠢᠮ ᠶᠣᠰᠣᠭᠠᠷ ᠦᠷᠭᠦᠯᠵᠢᠯᠡᠬᠦ ᠪᠤᠶᠤ ᠳᠠᠬᠢᠨᠲᠠ ᠬᠡᠯᠡᠯᠴᠡᠭᠡᠷ ᠬᠢᠵᠦ᠂ ᠳᠤᠮᠳᠠᠴᠢ ᠪᠠᠭᠤᠷᠠᠯᠲᠠ ᠶᠢᠨ ᠬᠡᠮᠵᠢᠶ᠎ᠡ ᠨᠢ 14.95%᠂ ᠡᠭᠦᠨ ᠳᠤ ᠣᠨᠴᠠ ᠵᠠᠷᠢᠮ ᠨᠢᠭᠡᠳᠦᠭᠡᠷ ᠹᠷᠣᠨᠲ ᠤᠨ ᠥᠮᠡᠨ ᠡᠰᠡᠷᠭᠦᠴᠡᠬᠦ ᠡᠮ ᠤᠨ ᠪᠠᠭᠤᠷᠠᠯᠲᠠ ᠶᠢᠨ ᠬᠡᠮᠵᠢᠶ᠎ᠡ ᠨᠢ 60% ᠶᠢ ᠳᠠᠪᠠᠭᠰᠠᠨ ᠪᠠᠶᠢᠨ᠎ᠠ᠃  2021 ᠣᠨ ᠳᠤ ᠨᠡᠶᠢᠳᠡ 117 ᠡᠮ ᠤᠨ ᠵᠦᠢᠯ ᠳᠤ ᠬᠡᠯᠡᠯᠴᠡᠭᠡᠷ ᠬᠢᠵᠦ᠂ 94 ᠨᠢ ᠠᠮᠵᠢᠯᠲᠠ ᠣᠯᠵᠤ᠂ ᠶᠡᠷᠦᠩᠬᠡᠢ ᠠᠮᠵᠢᠯᠲᠠ ᠶᠢᠨ ᠨᠤᠷᠮ᠎ᠠ ᠨᠢ 80.34% ᠬᠦᠷᠴᠡᠢ᠃ ᠡᠭᠦᠨ ᠳᠤ ᠭᠠᠷᠴᠠᠭ ᠠᠴᠠ ᠭᠠᠳᠠᠨ᠎ᠠ 85 ᠭᠠᠭᠴᠠ ᠡᠮ ᠤᠨ ᠵᠦᠢᠯ ᠢ 67 ᠪᠣᠯᠭᠠᠨ ᠬᠡᠯᠡᠯᠴᠡᠵᠦ᠂ ᠠᠮᠵᠢᠯᠲᠠ ᠣᠯᠤᠭᠰᠠᠨ ᠨᠣᠷᠮ᠎ᠠ ᠨᠢ 78.82% ᠲᠤ ᠬᠦᠷᠴᠦ᠂ ᠳᠤᠮᠳᠠᠴᠢ ᠪᠠᠷ 61.71% ᠪᠠᠷ ᠦᠨ᠎ᠡ ᠪᠠᠭᠤᠷᠠᠪᠠ᠃  ᠨᠣᠷᠰᠢᠨᠠ ᠶᠢᠨ ᠨᠠᠳ᠋ᠷᠢ ᠶᠢᠨ ᠲᠠᠷᠢᠯᠭ᠎ᠠ ᠶᠢᠨ ᠠᠭᠤᠰᠤᠮᠠᠯ ᠨᠢ ᠤᠯᠤᠰ ᠤᠨ ᠳᠣᠲᠣᠭᠠᠳᠤ ᠳᠤ ᠵᠠᠬ᠎ᠠ ᠳᠡᠯᠭᠡᠭᠦᠷ ᠲᠤ ᠭᠠᠷᠤᠭᠰᠠᠨ ᠠᠩᠬᠠᠨ ᠤ ᠬᠤᠭᠤᠴᠠᠭᠠᠨ ᠳᠤ ᠦᠨ᠎ᠡ ᠨᠢ ᠰᠢᠷᠬᠡᠭ ᠪᠦᠷᠢ ᠳᠤ ᠪᠠᠨ 69.7 ᠲᠦᠮᠡᠨ ᠲᠥᠭᠦᠷᠢᠭ ᠪᠠᠶᠢᠵᠤ᠂ 2021 ᠣᠨ ᠤ 11 ᠳ᠋ᠦ᠋ᠭᠡᠷ ᠰᠠᠷ᠎ᠠ ᠳᠤ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠬᠡᠯᠡᠯᠴᠡᠭᠡᠷ ᠲᠤ᠂ ᠦᠨ᠎ᠡ ᠬᠠᠩᠰᠢ ᠨᠢ ᠪᠠᠭᠤᠷᠠᠭᠠᠳ ᠰᠢᠷᠬᠡᠭ ᠪᠦᠷᠢ ᠳᠤ ᠪᠠᠨ 3 ᠲᠦᠮᠡ ᠭᠠᠷᠤᠢ ᠲᠥᠭᠦᠷᠢᠭ ᠪᠣᠯᠵᠠᠢ᠃  2022 ᠣᠨ ᠳᠤ᠂ 147 ᠭᠠᠷᠴᠠᠭ ᠠᠴᠠ ᠭᠠᠳᠠᠨᠠᠬᠢ ᠡᠮ ᠤᠨ ᠵᠦᠢᠯ ᠤᠨ ᠬᠡᠯᠡᠯᠴᠡᠭᠡᠷ ᠬᠢᠬᠦ ᠪᠠ ᠦᠨ᠎ᠡ ᠬᠠᠶᠠᠯᠴᠠᠬᠤ ︵ᠤᠤᠯ ᠤᠨ ᠭᠠᠷᠴᠠᠭ ᠤᠨ ᠳᠣᠲᠣᠷᠠᠬᠢ ᠡᠮ ᠤᠨ ᠵᠦᠢᠯ ᠤᠨ ᠭᠡᠷ᠎ᠡ ᠶᠢ ᠦᠷᠭᠦᠯᠵᠢᠯᠡᠭᠦᠯᠬᠦ ᠬᠡᠯᠡᠯᠴᠡᠭᠡᠷ ᠪᠠᠭᠲᠠᠨ᠎ᠠ︶ ᠳᠤ ᠣᠷᠣᠯᠴᠠᠵᠤ᠂ ᠶᠡᠷᠦᠩᠬᠡᠶ ᠠᠮᠵᠢᠯᠲᠠ ᠣᠯᠤᠭᠰᠠᠨ ᠨᠣᠷᠮ᠎ᠠ ᠨᠢ 82.3% ᠳᠤ ᠬᠦᠷᠴᠦ᠂ ᠥᠩᠭᠡᠷᠡᠭᠰᠡᠨ ᠵᠢᠯ ᠤᠳ ᠤᠨ ᠰᠢᠨ᠎ᠡ ᠲᠡᠮᠳᠡᠭᠯᠡᠯ ᠢ ᠡᠭᠦᠳᠪᠡ᠃ ᠬᠡᠯᠡᠯᠴᠡᠭᠡᠷ ᠬᠢᠬᠦ ᠪᠠ ᠦᠨ᠎ᠡ ᠬᠠᠶᠠᠯᠴᠠᠬᠤ ᠪᠠᠷ ᠰᠢᠨ᠎ᠡ ᠪᠠᠷ ᠵᠥᠪᠰᠢᠶᠡᠷᠡᠨ ᠣᠷᠣᠭᠤᠯᠬᠤ ᠡᠮ ᠤᠨ ᠵᠦᠢᠯ ᠤᠨ ᠦᠨ᠎ᠡ ᠬᠠᠩᠰᠢ ᠶᠢᠨ ᠳᠤᠮᠳᠠᠴᠢ ᠪᠠᠭᠤᠷᠠᠯᠲᠠ ᠶᠢᠨ ᠬᠡᠮᠵᠢᠶ᠎ᠡ 60.1% ᠲᠤ ᠬᠦᠷᠪᠡ᠃ ᠬᠡᠯᠡᠯᠴᠡᠭᠡᠷ ᠤᠨ ᠬᠤᠭᠤᠴᠠᠭᠠᠨ ᠳᠤ 275 ᠵᠦᠢᠯ ᠤᠨ ᠬᠡᠯᠡᠯᠴᠡᠭᠡᠷ ᠬᠢᠭᠰᠡᠨ ᠡᠮ ᠢ 1.8 ᠳ᠋ᠦᠩᠰᠢᠭᠤᠷ ᠬᠥᠮᠦᠨ ᠤᠳᠠᠭ᠎ᠠ ᠳᠠᠩᠰᠠ ᠴᠠᠶᠢᠷᠠᠭᠤᠯᠪᠠ᠃ ᠬᠡᠯᠡᠯᠴᠡᠭᠡᠷ ᠢᠶᠠᠷ ᠳᠠᠮᠵᠢᠭᠤᠯᠤᠨ ᠦᠨ᠎ᠡ ᠶᠢ ᠪᠠᠭᠤᠷᠠᠭᠤᠯᠬᠤ ᠪᠠ ᠡᠮᠴᠢᠯᠡᠭᠡᠨ ᠤ ᠳᠠᠭᠠᠳᠬᠠᠯ ᠤᠨ ᠲᠠᠩᠰᠠ ᠴᠠᠶᠢᠷᠠᠭᠤᠯᠬᠤ ᠨᠢ᠂ ᠵᠢᠯ ᠤᠨ ᠳᠣᠲᠣᠷ᠎ᠠ ᠡᠪᠡᠳᠴᠢᠲᠡᠨ ᠤ ᠳᠠᠷᠤᠭᠠᠰᠤ ᠶᠢ ᠨᠡᠶᠢᠲᠡ 2100 ᠭᠠᠷᠤᠶ ᠳ᠋ᠦᠩᠰᠢᠭᠤᠷ ᠲᠥᠭᠦᠷᠢᠭ ᠬᠥᠩᠭᠡᠷᠡᠭᠦᠯᠬᠦ ᠪᠣᠯᠣᠨ᠎ᠠ᠃  2023 ᠣᠨ ᠳᠤ 143 ᠭᠠᠷᠴᠠᠭ ᠠᠴᠠ ᠭᠠᠳᠠᠨᠠᠬᠢ ᠡᠮ ᠤᠨ ᠵᠦᠢᠯ ᠨᠢ ᠬᠡᠯᠡᠯᠴᠡᠭᠡᠷ ᠬᠢᠬᠦ ᠪᠤᠶᠤ ᠦᠨ᠎ᠡ ᠬᠠᠶᠠᠯᠴᠠᠬᠤ ᠳᠤ ᠣᠷᠣᠯᠴᠠᠵᠤ᠂ ᠡᠭᠦᠨ ᠳᠤ 121 ᠡᠮ ᠤᠨ ᠵᠦᠢᠯ ᠤᠨ ᠬᠡᠯᠡᠯᠴᠡᠭᠡᠷ ᠬᠢᠬᠦ ᠪᠤᠶᠤ ᠦᠨ᠎ᠡ ᠬᠠᠶᠠᠯᠴᠠᠬᠤ ᠨᠢ ᠠᠮᠵᠢᠯᠲᠠ ᠣᠯᠵᠤ᠂ ᠦᠨ᠎ᠡ ᠨᠢ ᠳᠤᠮᠳᠠᠴᠢ ᠪᠠᠷ 61.7% ᠪᠠᠷ ᠪᠠᠭᠤᠷᠠᠵᠠᠶ᠃ ᠰᠢᠨ᠎ᠡ ᠶᠢ ᠡᠭᠦᠳᠦᠭᠰᠡᠨ 25 ᠡᠮ ᠨᠢ ᠡᠮᠴᠢᠯᠡᠭᠡᠨ ᠤ ᠳᠠᠭᠠᠳᠬᠠᠯ ᠤᠨ ᠭᠠᠷᠴᠠᠭ ᠤᠨ ᠬᠡᠯᠡᠯᠴᠡᠭᠡᠷ ᠲᠤ ᠣᠷᠣᠯᠴᠠᠵᠤ᠂ 23 ᠨᠢ ᠠᠮᠵᠢᠯᠲᠠ ᠣᠯᠵᠠᠢ᠃ ᠡᠭᠦᠨ ᠠᠴᠠ ᠭᠠᠳᠠᠨ᠎ᠠ᠂ ᠠᠷᠠᠳ ᠲᠦᠮᠡᠨ ᠤ ᠡᠷᠡᠭᠦᠯ ᠮᠡᠨᠳᠦ ᠳᠤ ᠬᠦᠨᠳᠦ ᠨᠣᠴᠢᠲᠠᠢ ᠬᠤᠬᠢᠷᠠᠯ ᠤᠴᠠᠷᠠᠭᠤᠯᠬᠤ ᠬᠠᠪᠤᠳᠠᠷ ᠢ ᠡᠮᠨᠡᠨ ᠵᠠᠰᠠᠬᠤ ᠡᠮ ᠢ ᠴᠦ ᠦᠷᠭᠦᠯᠵᠢᠯᠡᠨ ᠰᠢᠨᠡᠳᠬᠡᠵᠦ᠂ ᠶᠡᠭᠡ ᠬᠡᠮᠵᠢᠶᠡᠨ ᠤ ᠰᠢᠨ᠎ᠡ ᠲᠣᠭᠲᠠᠴᠠ ᠰᠢᠨ᠎ᠡ ᠫᠠᠢ ᠴᠡᠭ ᠤᠨ ᠡᠮ ᠢ ᠣᠷᠣᠭᠤᠯᠵᠤ᠂ 2023 ᠣᠨ ᠤ ᠭᠠᠷᠴᠠᠭ ᠲᠤ ᠬᠠᠪᠤᠳᠠᠷ ᠤᠨ ᠬᠠᠨᠳᠤᠯᠭᠠᠲᠤ ᠡᠮ ᠤᠨ ᠲᠤᠭ᠎ᠠ ᠨᠢᠭᠡᠨᠲᠡ 74 ᠬᠦᠷᠦᠭᠰᠡᠨ ᠪᠠᠶᠢᠨ᠎ᠠ᠃  6 ᠡᠭᠡᠯᠵᠢ ᠶᠢᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠪᠠᠷ ᠳᠡᠮᠵᠢᠨ᠂ ᠭᠠᠷᠴᠠᠭ ᠤᠨ ᠳᠣᠲᠣᠷᠠᠬᠢ ᠡᠮ ᠤᠨ ᠵᠦᠢᠯ ᠤᠨ ᠦᠨ᠎ᠡ ᠬᠠᠩᠰᠢ ᠨᠠᠩ ᠵᠦᠶ ᠵᠣᠬᠢᠰᠲᠠᠶ ᠪᠣᠯᠵᠣ᠂ ᠡᠪᠡᠳᠴᠢᠲᠡᠨ ᠤ ᠠᠵᠤ ᠠᠬᠤᠶ ᠶᠢᠨ ᠳᠠᠷᠤᠭᠠᠰᠤ ᠶᠢ ᠮᠠᠰᠢ ᠶᠡᠭᠡ ᠬᠡᠮᠵᠢᠶ᠎ᠡ ᠪᠠᠷ ᠬᠥᠩᠭᠡᠷᠡᠭᠦᠯᠵᠦ᠂ ᠡᠮᠨᠡᠨ ᠵᠠᠰᠠᠬᠤ ᠶᠢᠨ ᠪᠣᠯᠤᠮᠵᠢᠲᠤ ᠴᠢᠨᠠᠷ ᠢ ᠳᠡᠭᠡᠭᠰᠢᠯᠡᠭᠦᠯᠪᠡ᠃ 
 
ᠢᠷᠡᠯᠲᠡ᠄ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号