ᠡᠮᠴᠢᠯᠡᠭᠡᠨ ᠤ ᠳᠠᠭᠠᠳᠬᠠᠯ ᠤᠨ ᠭᠠᠷᠴᠠᠭ ᠢ ᠬᠡᠳᠦᠢ ᠤᠳᠠᠭᠠᠨ ᠨᠢᠭᠡ ︽ᠥᠷᠭᠡᠳᠬᠡᠳᠡᠭ︾ ᠪᠤᠢ︖ — ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠤᠨ ︽ᠲᠦᠢᠯ ᠤᠨ ᠲᠣᠪᠴᠢ ᠲᠡᠦᠬᠡ︾ ︵ᠭᠤᠷᠪᠠ︶
ᠨᠡᠶᠢᠲᠡᠯᠡᠭᠰᠡᠨ ᠴᠠᠭ᠄
2024/7/16
  2018 ᠣᠨ ᠳᠤ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ ᠵᠣᠬᠢᠶᠠᠨ ᠪᠠᠶᠢᠭᠤᠯᠤᠭᠳᠠᠭᠰᠠᠨ ᠠᠴᠠ ᠨᠠᠭᠠᠰᠢ᠂ ᠵᠢᠯ ᠪᠦᠷᠢ ᠨᠢᠭᠡ ᠤᠳᠠᠭ᠎ᠠ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠭᠦᠳᠡᠯᠦᠩᠭᠦᠢ ᠲᠤᠬᠢᠷᠠᠭᠤᠯᠭ᠎ᠠ ᠶᠢᠨ ᠠᠵᠢᠯ ᠢ ᠥᠷᠨᠢᠭᠦᠯᠳᠡᠭ᠃ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠢ ︽ᠣᠷᠣᠭᠤᠯᠵᠤ ᠭᠠᠷᠭᠠᠬᠤ︾ ᠬᠥᠳᠡᠯᠦᠩᠭᠦᠶ ᠲᠣᠬᠢᠷᠠᠭᠤᠯᠤᠯᠲᠠ ᠶᠢᠨ ᠰᠢᠨ᠎ᠡ ᠲᠣᠭᠲᠠᠴᠠ ᠶᠢ ᠪᠠᠶᠢᠭᠤᠯᠤᠭᠰᠠᠨ ᠨᠢ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠡᠷᠡᠭᠦᠯ ᠮᠡᠨᠳᠦ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠪᠠᠷ ᠪᠠᠷᠠᠬᠤ ᠥᠬᠡᠶ᠂ ᠨᠠᠩ ᠴᠤ ᠮᠠᠨ ᠤ ᠤᠯᠤᠰ ᠤᠨ ᠬᠦᠨᠳᠦ ᠶᠡᠭᠡ ᠡᠪᠡᠳᠴᠢᠨ ᠡᠮᠭᠡᠭ ᠢ ᠡᠮᠨᠡᠨ ᠵᠠᠰᠠᠬᠤ ᠲᠠᠯ᠎ᠠ ᠪᠠᠷ ᠣᠯᠠᠨ ᠤᠯᠤᠰ ᠤᠨ ᠬᠢᠷᠢ ᠲᠦᠪᠰᠢᠨ  ᠲᠠᠢ ᠮᠥᠷᠥ ᠵᠡᠷᠭᠡᠴᠡᠬᠦ ᠳᠤ ᠴᠢᠬᠤᠯᠠ ᠶᠡᠭᠡ ᠠᠵᠠ ᠲᠣᠬᠢᠶᠠᠯ ᠢ ᠠᠪᠴᠢᠷᠠᠭᠰᠠᠨ ᠪᠠᠶᠢᠨ᠎ᠠ᠃
“极简史”(三).png
  2019 ᠣᠨ ᠤ ᠤᠯᠤᠰ ᠤᠨ ᠡᠮᠴᠢᠯᠡᠭᠡᠨ ᠤ ᠳᠠᠭᠠᠳᠬᠠᠯ ᠤᠨ ᠡᠩ ᠤᠨ ᠭᠠᠷᠴᠠᠭ ᠲᠤ ᠲᠣᠬᠢᠷᠠᠭᠤᠯᠤᠯᠲᠠ ᠬᠢᠬᠦ ᠪᠣᠯ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠠᠶᠢᠭᠤᠯᠤᠭᠳᠠᠭᠰᠠᠨ ᠤ ᠳᠠᠷᠠᠭ᠎ᠠ ᠠᠩᠬ᠎ᠠ ᠤᠳᠠᠭ᠎ᠠ ᠪᠦᠬᠦ ᠲᠠᠯ᠎ᠠ ᠪᠠᠷ ᠲᠣᠬᠢᠷᠠᠭᠤᠯᠤᠯᠲᠠ ᠬᠢᠭᠰᠡᠨ ᠶᠠᠪᠤᠳᠠᠯ ᠪᠣᠯᠤᠨ᠎ᠠ᠂ ᠮᠥᠨ ᠴᠤ 2000 ᠣᠨ ᠤ ᠨᠢᠭᠡᠳᠦᠭᠡᠷ ᠬᠡᠪᠯᠡᠯ ᠤᠨ ᠡᠮ ᠤᠨ ᠵᠦᠢᠯ ᠤᠨ ᠭᠠᠷᠴᠠᠭ ᠠᠴᠠ ᠨᠠᠭᠠᠰᠢᠬᠢ ᠤᠤᠯ ᠤᠨ ᠭᠠᠷᠴᠠᠭ ᠲᠤ ᠪᠦᠬᠦᠢ ᠲᠥᠷᠥᠯ ᠵᠦᠢᠯ ᠢ ᠨᠢᠭᠡ ᠤᠳᠠᠭ᠎ᠠ ᠪᠦᠬᠦ ᠲᠠᠯ᠎ᠠ ᠪᠠᠷ ᠡᠮᠬᠢᠯᠡᠭᠰᠡᠨ ᠶᠠᠪᠤᠳᠠᠯ ᠪᠣᠯᠤᠨ᠎ᠠ᠃ 2017 ᠣᠨ ᠤ ᠬᠡᠪᠯᠡᠯ ᠲᠠᠢ ᠬᠠᠷᠢᠴᠠᠭᠤᠯᠪᠠᠯ᠂ 2019 ᠣᠨ ᠤ ᠭᠠᠷᠴᠠᠭ ᠤᠨ ᠡᠮ ᠤᠨ ᠲᠤᠭ᠎ᠠ ᠬᠡᠮᠵᠢᠶᠡᠨ ᠤ ᠬᠤᠪᠢᠷᠠᠯᠲᠠ ᠨᠢ ᠲᠡᠶᠢᠮᠦ ᠶᠡᠭᠡ ᠪᠢᠰᠢ᠂ ᠨᠡᠶᠢᠲᠡ 2643 ᠪᠠᠶᠢᠨ᠎ᠠ᠂ ᠭᠡᠪᠡᠴᠦ ᠪᠦᠲᠦᠴᠡ ᠶᠢᠨ ᠬᠤᠪᠢᠷᠠᠯᠲᠠ ᠨᠢ ᠨᠡᠯᠢᠶᠡᠳ ᠶᠡᠭᠡ᠃ ᠣᠯᠠᠩᠬᠢ ᠲᠣᠭᠠᠨ ᠤ ᠤᠯᠤᠰ ᠤᠨ ᠦᠨᠳᠦᠰᠦᠨ ᠡᠮ᠂ ᠤᠵᠢᠭ ᠡᠪᠡᠳᠴᠢᠨ ᠤ ᠡᠮ᠂ ᠬᠡᠦᠬᠡᠳ ᠤᠨ ᠡᠮ ᠵᠡᠷᠭᠡ ᠨᠢ ᠭᠠᠷᠴᠠᠭ ᠲᠤ ᠣᠷᠣᠵᠤ᠂ ᠵᠠᠷᠢᠮ ᠥᠮᠡᠨ ᠡᠪᠡᠳᠴᠢᠨ᠂ ᠬᠤᠪᠣᠷᠬᠠᠨ ᠲᠣᠬᠢᠶᠠᠯᠳᠤᠬᠤ ᠡᠪᠡᠳᠴᠢᠨ ᠵᠡᠷᠭᠡ ᠬᠦᠨᠳᠦ ᠡᠪᠡᠳᠴᠢᠨ ᠢ ᠡᠮᠨᠡᠨ ᠵᠠᠰᠠᠬᠤ ᠳᠤ ᠬᠡᠷᠡᠭᠯᠡᠬᠦ ᠡᠮ ᠨᠢ ᠬᠡᠯᠡᠯᠴᠡᠭᠡᠷ ᠤᠨ ᠨᠡᠷᠡᠰ ᠲᠤ ᠣᠷᠣᠵᠤ᠂ ᠬᠡᠯᠡᠯᠴᠡᠭᠡ ᠬᠢᠵᠦ ᠦᠨ᠎ᠡ ᠬᠠᠶᠠᠯᠴᠠᠬᠤ ᠪᠠᠷ ᠳᠠᠮᠵᠢᠨ ᠭᠠᠷᠴᠠᠭ ᠲᠤ ᠣᠷᠣᠪᠠ᠃ ᠡᠭᠦᠨ ᠤ ᠬᠠᠮᠲᠤ᠂ ᠨᠢᠭᠡᠳᠦᠭᠡᠷ ᠪᠦᠯᠦᠭ ᠤᠯᠤᠰ ᠠᠴᠠ ᠡᠮ ᠢ ᠵᠦᠢ ᠵᠣᠬᠢᠰᠲᠠᠶ ᠬᠡᠷᠡᠭᠯᠡᠬᠦ ᠭᠤᠤᠯᠳᠠᠯᠭ᠎ᠠ ᠲᠠᠢ ᠬᠢᠨᠠᠨ ᠡᠵᠡᠮᠳᠡᠬᠦ ᠡᠮ ᠵᠢᠴᠢ ᠬᠡᠰᠡᠭ ᠡᠮᠴᠢᠯᠡᠭᠡᠨ ᠤ ᠲᠤᠰᠠ ᠨᠢ ᠲᠣᠳᠣᠷᠬᠠᠶ ᠦᠭᠡᠶ᠂ ᠳᠤᠷ᠎ᠠ ᠪᠠᠷ ᠬᠡᠷᠡᠭᠯᠡᠬᠦ ᠳᠤ ᠳᠥᠭᠦᠮ ᠡᠮ ᠤᠨ ᠵᠦᠢᠯ ᠢ ᠰᠢᠯᠵᠢᠭᠦᠯᠦᠨ ᠭᠠᠷᠭᠠᠪᠠ᠃
“极简史”(三) (2).png
  ︽2020 ᠣᠨ ᠤ ᠤᠯᠤᠰ ᠤᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠠᠵᠢᠯ ᠤᠨ ᠲᠥᠰᠦᠯ︾ ᠳᠤ᠂ ᠭᠠᠷᠴᠠᠭ ᠲᠤ ᠰᠢᠯᠵᠢᠭᠦᠯᠦᠨ ᠣᠷᠣᠭᠤᠯᠤᠭᠰᠠᠨ ᠡᠮ ᠤᠨ ᠵᠦᠢᠯ ᠨᠢ ᠭᠤᠤᠯᠳᠠᠭᠤ ︽ᠪᠠᠴᠢᠮ︾ ᠢ ᠳᠣᠪᠣᠶᠢᠯᠭᠠᠪᠠ᠃ ᠲᠣᠭᠲᠠᠭᠰᠠᠨ ᠱᠠᠭᠠᠷᠳᠠᠯᠭ᠎ᠠ ᠶᠣᠰᠣᠭᠠᠷ ︽ᠡᠮ ᠤᠨ ᠵᠦᠢᠯ ᠢ ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠵᠦ᠂ ᠡᠮ ᠤᠨ ᠵᠦᠢᠯ ᠤᠨ ᠳᠠᠩᠰᠠᠯᠠᠭᠤᠯᠤᠭᠰᠠᠨ ᠦᠨᠡᠮᠯᠡᠯ ᠢ ᠣᠯᠬᠤ︾ ᠠᠴᠠ ᠭᠠᠳᠠᠨ᠎ᠠ᠂ ᠡᠮᠴᠢᠯᠡᠭᠡᠨ ᠤ ᠪᠠᠴᠢᠮ ᠬᠡᠷᠡᠭᠴᠡᠭᠡ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠶᠢ ᠴᠢᠬᠤᠯᠠᠴᠢᠯᠠᠪᠠ᠃  ︽2021 ᠣᠨ ᠤ ᠤᠯᠤᠰ ᠤᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠠᠵᠢᠯ ᠤᠨ ᠲᠥᠰᠦᠯ︾ ᠳᠤ᠂ ᠭᠠᠷᠴᠠᠭ ᠲᠤ ᠰᠢᠯᠵᠢᠭᠦᠯᠦᠨ ᠣᠷᠣᠭᠤᠯᠤᠭᠰᠠᠨ ᠡᠮ ᠤᠨ ᠵᠦᠢᠯ ᠨᠢ ᠭᠤᠤᠯᠳᠠᠭᠤ ︽ᠰᠢᠨ᠎ᠡ︾ ᠶᠢ ᠳᠣᠪᠣᠶᠢᠯᠭᠠᠪᠠ᠃ ᠭᠤᠣᠯ ᠰᠢᠯᠵᠢᠭᠦᠯᠦᠨ ᠣᠷᠣᠭᠤᠯᠤᠭᠰᠠᠨ ᠠᠭᠤᠯᠭ᠎ᠠ ᠨᠢ᠄ 2016 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2021 ᠣᠨ ᠤ 6 ᠳ᠋ᠤᠭᠠᠷ ᠰᠠᠷ᠎ᠠ ᠶᠢᠨ 30 ᠤ ᠡᠳᠦᠷ ᠪᠣᠯᠲᠠᠯᠠᠬᠢ ᠬᠤᠭᠤᠴᠠᠭᠠᠨ ᠳᠤ᠂ ᠤᠯᠤᠰ ᠤᠨ ᠡᠮ ᠤᠨ ᠵᠦᠢᠯ ᠢ ᠬᠢᠨᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ᠂ ᠵᠣᠬᠢᠴᠠᠬᠤ ᠡᠪᠡᠳᠴᠢᠨ ᠪᠤᠶᠤ ᠭᠤᠣᠯ ᠴᠢᠳᠠᠮᠵᠢ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠡᠮ ᠤᠨ ᠵᠦᠢᠯ︔ ᠰᠢᠨ᠎ᠡ ᠲᠢᠲᠢᠮᠯᠢᠭ ᠠᠭᠤᠰᠬᠢᠨ ᠦᠷᠪᠢᠰᠦᠯ ᠲᠠᠢ ᠬᠤᠯᠪᠣᠭᠳᠠᠬᠤ ᠠᠮᠢᠰᠬᠤᠯ ᠤᠨ ᠰᠢᠰᠲ᠋ᠧᠮ ᠤᠨ ᠡᠪᠡᠳᠴᠢᠨ ᠢ ᠡᠮᠨᠡᠨ ᠵᠠᠰᠠᠬᠤ ᠡᠮ ᠪᠠᠭᠲᠠᠨ᠎ᠠ᠃  ︽2022 ᠣᠨ ᠤ ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠠᠵᠢᠯ ᠤᠨ ᠲᠥᠰᠦᠯ︾ ᠳᠤ᠂ ᠭᠠᠷᠴᠠᠭ ᠲᠤ ᠰᠢᠯᠵᠢᠭᠦᠯᠦᠨ ᠣᠷᠣᠭᠤᠯᠤᠭᠰᠠᠨ ᠡᠮ ᠤᠨ ᠵᠦᠢᠯ ᠨᠢ         ︽ᠬᠡᠯᠪᠠᠶᠢᠭᠦ︾ ᠶᠢ ᠳᠣᠪᠤᠶᠢᠯᠭᠠᠭᠰᠠᠨ ᠪᠠᠶᠢᠨ᠎ᠠ᠃ 2021 ᠣᠨ ᠤ 4 ᠵᠦᠢᠯ ᠤᠨ ᠲᠣᠭᠲᠠᠭᠠᠯ ᠢ ᠳᠠᠪᠲᠠᠭᠰᠠᠨ ᠢ ᠭᠠᠷᠭᠠᠪᠠᠯ᠂ ︽ᠳᠠᠭᠤᠷᠢᠶᠠᠮᠠᠯ ᠡᠮ ᠤᠨ ᠵᠦᠢᠯ ᠤᠨ ᠭᠠᠷᠴᠠᠭ︾ ᠪᠤᠶᠤ ︽ᠬᠡᠦᠬᠡᠳ ᠤᠨ ᠡᠮ ᠤᠨ ᠵᠦᠢᠯ ᠢ ᠰᠤᠳᠤᠯᠤᠨ ᠦᠢᠯᠡᠳᠬᠦ ᠪᠠᠷ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠬᠤ ᠨᠠᠷᠢᠨ ᠳᠠᠩᠰᠠ︾ ᠳᠤ ᠣᠷᠣᠭᠤᠯᠤᠭᠰᠠᠨ ᠪᠥᠭᠡᠳ 2022 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ᠂ ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ ᠵᠠᠬ᠎ᠠ ᠳᠡᠯᠭᠡᠭᠦᠷ ᠲᠤ ᠭᠠᠷᠭᠠᠭᠰᠠᠨ ᠡᠮ ᠤᠨ ᠵᠦᠢᠯ ᠢ ᠣᠨᠴᠠᠭᠠᠶᠢᠯᠠᠨ ᠴᠢᠬᠤᠯᠠᠴᠢᠯᠠᠪᠠ᠃  2023 ᠣᠨ ᠳᠤ ᠤᠯᠤᠰ ᠤᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠨᠡᠶᠢᠲᠡ 126 ᠡᠮ ᠤᠨ ᠵᠦᠢᠯ ᠢ ᠤᠯᠤᠰ ᠤᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠰᠢᠨ᠎ᠡ ᠪᠠᠷ ᠨᠡᠮᠡᠭᠰᠡᠨ ᠪᠠᠶᠢᠨ᠎ᠠ᠃ ᠰᠢᠨ᠎ᠡ ᠡᠮ ᠨᠢ ᠵᠠᠬ᠎ᠠ ᠳᠡᠯᠭᠡᠭᠦᠷ ᠲᠤ ᠭᠠᠷᠬᠤ ᠶᠢ ᠵᠥᠪᠰᠢᠶᠡᠷᠡᠭᠳᠡᠭᠰᠡᠨ ᠠᠴᠠ ᠭᠠᠷᠴᠠᠭ ᠲᠤ ᠣᠷᠣᠬᠤ ᠬᠦᠷᠬᠦ ᠬᠤᠭᠤᠴᠠᠭ᠎ᠠ ᠨᠢ᠂ ᠤᠤᠯ ᠤᠨ 5 ᠵᠢᠯ ᠭᠠᠷᠤᠢ ᠪᠠᠶᠢᠭᠰᠠᠨ ᠠᠴᠠ ᠪᠠᠨ ᠣᠳᠣ ᠶᠢᠨ 1 ᠵᠢᠯ ᠢᠯᠡᠭᠦᠦ ᠪᠣᠯᠵᠤ᠂ 80% ᠤ ᠰᠢᠨ᠎ᠡ ᠶᠢ ᠡᠭᠦᠳᠦᠭᠰᠡᠨ ᠡᠮ ᠨᠢ ᠵᠠᠬ᠎ᠠ ᠳᠡᠯᠭᠡᠭᠦᠷ ᠲᠤ ᠭᠠᠷᠤᠭᠰᠠᠨ ᠤ ᠳᠠᠷᠠᠭᠠᠬᠢ ᠬᠤᠶᠠᠷ ᠵᠢᠯ ᠤᠨ ᠳᠣᠲᠣᠷ᠎ᠠ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠣᠷᠣᠵᠤ ᠴᠢᠳᠠᠬᠤ ᠪᠣᠯᠵᠠᠢ᠃  ᠡᠮ ᠤᠨ ᠵᠦᠢᠯ ᠢ ᠰᠢᠯᠵᠢᠭᠦᠯᠦᠨ ᠣᠷᠣᠭᠤᠯᠬᠤ ᠠᠴᠠ ᠭᠠᠳᠠᠨ᠎ᠠ ᠪᠠᠰᠠ ᠬᠡᠰᠡᠭ ᠡᠮ ᠤᠨ ᠵᠦᠢᠯ ᠢ ᠭᠠᠷᠴᠠᠭ ᠠᠴᠠ ᠰᠢᠯᠵᠢᠭᠦᠯᠦᠨ ᠭᠠᠷᠭᠠᠪᠠ᠃ 2019 ᠣᠨ ᠤ ᠡᠮᠴᠢᠯᠡᠭᠡᠨ ᠤ ᠳᠠᠭᠠᠳᠬᠠᠯ ᠤᠨ ᠭᠠᠷᠴᠠᠭ ᠠᠴᠠ ᠨᠡᠶᠢᠲᠡ 150 ᠲᠥᠷᠥᠯ ᠵᠦᠢᠯ ᠢ ᠰᠢᠯᠵᠢᠭᠦᠯᠦᠨ ᠭᠠᠷᠭᠠᠵᠤ᠂ ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠢᠴᠢᠭ ᠤᠨ ᠳ᠋ᠤᠭᠠᠷ ᠢ ᠬᠦᠴᠦᠨ ᠥᠬᠡᠶ ᠪᠣᠯᠭᠠᠭᠰᠠᠨ ᠠᠴᠠ ᠭᠠᠳᠠᠨ᠎ᠠ᠂ ᠨᠡᠶᠢᠲᠡ 79 ᠲᠥᠷᠥᠯ ᠵᠦᠢᠯ ᠢ ᠰᠢᠯᠵᠢᠭᠦᠯᠦᠨ ᠭᠠᠷᠭᠠᠪᠠ᠃ 2020 ᠣᠨ ᠳᠤ 29 ᠵᠦᠢᠯ ᠤᠨ ᠡᠮ ᠤᠨ ᠵᠦᠢᠯ ᠢ ᠰᠢᠯᠵᠢᠭᠦᠯᠦᠨ ᠭᠠᠷᠭᠠᠪᠠ᠂ ᠭᠤᠤᠯᠳᠠᠭᠤ ᠡᠮᠴᠢᠯᠡᠭᠡᠨ ᠤ ᠥᠷᠲᠡᠭ ᠨᠢ ᠥᠨᠳᠥᠷ ᠪᠢᠰᠢ ᠮᠥᠷᠲᠡᠭᠡᠨ ᠣᠷᠣᠯᠠᠭᠤᠯᠵᠤ ᠪᠣᠯᠬᠤ᠂ ᠡᠰᠡᠬᠦᠯ᠎ᠡ ᠡᠮ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠢᠴᠢᠭ ᠮᠠᠲ᠋ᠧᠷᠢᠶᠠᠯ ᠤᠨ ᠨᠣᠮᠧᠷ ᠢ ᠬᠦᠴᠦᠨ ᠥᠬᠡᠶ ᠪᠣᠯᠭᠠᠵᠤ ︽ᠦᠬᠦᠰᠢᠷᠡᠮᠡᠯ ᠡᠮ︾ ᠪᠣᠯᠣᠭᠰᠠᠨ ᠵᠡᠷᠭᠡ ᠲᠥᠷᠥᠯ ᠵᠦᠢᠯ᠃ 2021 ᠣᠨ ᠠᠴᠠ 2023 ᠣᠨ ᠪᠣᠯᠲᠠᠯ᠎ᠠ ᠨᠡᠶᠢᠲᠡ 15 ᠵᠦᠢᠯ ᠤᠨ ᠡᠮ ᠢ ᠭᠠᠷᠴᠠᠭ ᠠᠴᠠ ᠰᠢᠯᠵᠢᠭᠦᠯᠦᠨ ᠭᠠᠷᠭᠠᠪᠠ᠃  2024 ᠣᠨ ᠳᠤ ᠤᠯᠤᠰ ᠤᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠭᠡᠵᠦ ᠪᠠᠶᠢᠨ᠎ᠠ᠂ ᠲᠥᠰᠦᠯ ᠳᠤ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠡᠷᠦᠩᠬᠡᠶ ᠬᠥᠭ ᠠᠶᠠᠰ ᠢ ᠦᠷᠭᠦᠯᠵᠢᠯᠡᠨ ᠪᠠᠷᠢᠮᠲᠠᠯᠠᠵᠤ᠂ ᠡᠮ ᠤᠨ ᠵᠦᠢᠯ ᠤᠨ ᠬᠠᠩᠭᠠᠯᠭ᠎ᠠ ᠶᠢ ᠪᠠᠲᠤᠯᠠᠬᠤ ᠪᠠᠶᠢᠳᠠᠯ ᠤᠨ ᠬᠢᠨᠠᠨ ᠬᠡᠮᠵᠢᠯᠲᠡ ᠪᠠ ᠬᠠᠮᠢᠶᠠᠷᠤᠯᠲᠠ ᠶᠢ ᠨᠠᠩ ᠠᠩᠬᠠᠷᠴᠤ᠂ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠪᠣᠯᠤᠮᠵᠢᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ ᠭᠡᠵᠦ ᠳᠤᠷᠠᠳᠤᠨ ᠭᠠᠷᠭᠠᠪᠠ᠃ ᠡᠭᠦᠨ ᠤ ᠬᠠᠮᠲᠤ᠂ ᠰᠢᠯᠵᠢᠭᠦᠯᠦᠨ ᠭᠠᠷᠭᠠᠭᠰᠠᠨ ᠲᠥᠷᠥᠯ ᠵᠦᠢᠯ ᠤᠨ ᠬᠦᠷᠢᠶ᠎ᠡ ᠬᠡᠪᠴᠢᠶ᠎ᠡ ᠶᠢᠨ ᠲᠠᠯ᠎ᠠ ᠪᠠᠷ᠂ ᠣᠶᠢᠷ᠎ᠠ ᠶᠢᠨ 3 ᠵᠢᠯ ᠳᠤ ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠬᠠᠩᠭᠠᠭᠰᠠᠨ ᠥᠬᠡᠶ ᠡᠩ ᠤᠨ ᠭᠠᠷᠴᠠᠭ ᠤᠨ ᠡᠮ ᠤᠨ ᠵᠦᠢᠯ᠂ ᠵᠢᠴᠢ ᠬᠡᠯᠡᠯᠴᠡᠭᠡᠷ ᠲᠤ ᠪᠣᠯᠵᠣᠨ ᠲᠣᠭᠲᠠᠭᠰᠠᠨ ᠶᠣᠰᠣᠭᠠᠷ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠭᠰᠠᠨ ᠦᠭᠡᠢ ᠬᠡᠯᠡᠯᠴᠡᠭᠡᠷ ᠤᠨ ᠡᠮ ᠤᠨ ᠵᠦᠢᠯ ᠢ ᠭᠤᠤᠯᠳᠠᠯᠭ᠎ᠠ ᠲᠠᠢ ᠪᠣᠳᠣᠯᠬᠢᠯᠠᠭᠰᠠᠨ ᠪᠠᠶᠢᠳᠠᠯ ᠳᠤ ᠣᠷᠣᠭᠤᠯᠵᠤ᠂ ᠬᠠᠩᠭᠠᠯᠭ᠎ᠠ ᠶᠢᠨ ᠪᠠᠲᠤᠯᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠪᠠ᠃ 
 
ᠢᠷᠡᠯᠲᠡ᠄ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号