︽ᠦᠨᠡᠨ︾ ᠰᠡᠳᠭᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ ᠡᠷᠬᠡᠪᠰᠢ ᠪᠡᠶ᠎ᠡ ᠳᠡᠭᠡᠨ ᠢᠲᠡᠭᠡᠯ ᠲᠠᠢ ᠪᠡᠶ᠎ᠡ ᠪᠠᠨ ᠳᠠᠭᠠᠭᠠᠬᠤ ᠶᠢ ᠪᠠᠷᠢᠮᠳᠠᠯᠠᠬᠤ ᠬᠡᠷᠡᠭᠲᠡᠶ
ᠨᠡᠶᠢᠲᠡᠯᠡᠭᠰᠡᠨ ᠴᠠᠭ᠄
2024/7/16
  ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 15 ᠤ ᠴᠠᠬᠢᠯᠭᠠᠨ ᠮᠡᠳᠡᠭᠡ   7 ᠰᠠᠷ᠎ᠠ ᠶᠢᠨ 16 ᠤ ᠡᠳᠦᠷ ᠬᠡᠪᠯᠡᠭᠳᠡᠬᠦ 14 ᠳ᠋ᠤᠬᠡᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ  ᠶᠢᠨ ᠫᠢᠩ ᠤᠨ ︽ᠡᠷᠬᠡᠪᠰᠢ ᠪᠡᠶ᠎ᠡ ᠳᠡᠭᠡᠨ ᠢᠲᠡᠭᠡᠯ ᠲᠠᠢ ᠪᠡᠶ᠎ᠡ ᠪᠠᠨ ᠳᠠᠭᠠᠭᠠᠬᠤ ᠶᠢ ᠪᠠᠷᠢᠮᠳᠠᠯᠠᠬᠤ ᠬᠡᠷᠡᠭᠲᠡᠶ︾ ᠬᠡᠬᠦ ᠴᠢᠬᠤᠯᠠ ᠵᠣᠬᠢᠶᠠᠯ ᠢ ᠨᠡᠶᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ  ᠶᠢᠨ ᠫᠢᠩ ᠤᠨ 2013 ᠣᠨ ᠤ 1 ᠰᠠᠷ᠎ᠠ ᠠᠴᠠ 2024 ᠣᠨ ᠤ 3 ᠰᠠᠷ᠎ᠠ ᠪᠣᠯᠲᠠᠯᠠᠬᠢ ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠬᠡᠰᠡᠭᠯᠡᠯ ᠪᠣᠯᠤᠨ᠎ᠠ᠃  ᠵᠣᠬᠢᠶᠠᠯ ᠳᠤ᠂ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠶᠢᠨ ᠦᠨᠳᠦᠰᠦᠲᠡᠨ ᠤᠷᠴᠢᠠ ᠦᠶ᠎ᠡ ᠠᠴᠠ ᠨᠠᠭᠠᠰᠢᠬᠢ ᠬᠦᠨᠳᠦ ᠬᠡᠴᠡᠭᠦᠦ ᠭᠠᠰᠠᠯᠠᠩ ᠵᠣᠪᠠᠯᠠᠩ ᠠᠴᠠ ᠠᠭᠤᠤ ᠶᠡᠭᠡ ᠰᠡᠷᠭᠦᠨ ᠮᠠᠨᠳᠤᠯᠲᠠ ᠶᠢᠨ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠭᠰᠠᠨ ᠨᠢ ᠶᠡᠷᠦ ᠠᠴᠠ ᠬᠢᠴᠢᠶᠡᠯ ᠤᠨ ᠪᠢᠴᠢᠭ ᠬᠡᠵᠦ ᠦᠭᠡᠢ᠂ ᠨᠡᠩ ᠴᠤ ᠪᠡᠯᠡᠨ ᠬᠠᠷᠢᠭᠤᠯᠲᠠ ᠬᠡᠵᠦ ᠦᠭᠡᠢ ᠶᠤᠮ᠃ ᠨᠠᠮ ᠤᠨ ᠵᠠᠭᠤᠨ ᠵᠢᠯ ᠤᠨ ᠲᠡᠮᠡᠴᠡᠯ ᠤᠨ ᠠᠮᠵᠢᠯᠲᠠ ᠤᠯᠤᠬᠰᠠᠨ ᠵᠠᠮ ᠢ ᠪᠣᠯ ᠨᠠᠮ ᠠᠴᠠ ᠠᠷᠠᠳ ᠲᠦᠮᠡᠨ ᠢ ᠤᠳᠤᠷᠢᠳᠤᠨ ᠪᠡᠶ᠎ᠡ ᠪᠠᠨ ᠳᠠᠭᠠᠭᠠᠵᠤ ᠡᠵᠡᠨ ᠮᠡᠳᠡᠨ ᠰᠦᠪᠡᠭᠴᠢᠯᠡᠵᠦ ᠪᠠᠶᠢᠭᠠᠳ ᠨᠡᠭᠡᠭᠡᠭᠰᠡᠨ ᠶᠤᠮ᠂ ᠮᠠᠷᠺᠰ ᠤᠨ ᠦᠵᠡᠯ ᠤᠨ ᠳᠤᠮᠳᠠᠳᠤ ᠤᠯᠤᠰ ᠤᠨ ᠬᠠᠭᠤᠳᠠᠰᠤ ᠶᠢ ᠪᠣᠯ ᠳᠤᠮᠳᠠᠳᠤ ᠤᠯᠤᠰ ᠤᠨ ᠡᠪ ᠬᠠᠮᠲᠤᠴᠤᠳ ᠥᠪᠡᠷ ᠤᠨ ᠬᠦᠴᠦᠨ ᠳᠡᠭᠡᠨ ᠲᠦᠰᠢᠭᠯᠡᠨ ᠦᠢᠯᠡᠳᠦᠯᠭᠡᠵᠢᠭᠦᠯᠵᠦ ᠪᠠᠶᠢᠭᠠᠳ ᠪᠢᠴᠢᠭᠯᠡᠭᠰᠡᠨ ᠶᠤᠮ᠂ ᠡᠭᠦᠨ ᠳᠤ ᠲᠤᠭᠤᠰᠢᠯᠠᠭᠳᠠᠵᠤ ᠪᠠᠶᠢᠭ᠎ᠠ ᠨᠢᠭᠡᠨ ᠦᠨᠳᠦᠰᠦᠨ ᠵᠦᠢᠯ ᠪᠣᠯ ᠳᠠᠷᠤᠢ ᠳᠤᠮᠳᠠᠳᠤ ᠤᠯᠤᠰ ᠤᠨ ᠠᠰᠠᠭᠤᠳᠠᠯ ᠨᠢ ᠡᠷᠬᠡᠪᠰᠢ ᠳᠤᠮᠳᠠᠳᠤ ᠤᠯᠤᠰ ᠤᠨ ᠦᠨᠳᠦᠰᠦᠨ ᠪᠠᠶᠢᠳᠠᠯ ᠠᠴᠠ ᠡᠭᠦᠰᠴᠦ᠂ ᠳᠤᠮᠳᠠᠳᠤᠴᠤᠳ ᠥᠪᠡᠷ ᠢᠶᠠᠨ ᠬᠠᠷᠢᠭᠤᠯᠳᠠ ᠥᠭᠬᠦ ᠬᠡᠷᠡᠭᠲᠡᠢ᠃ ᠪᠢᠳᠡ ᠮᠠᠷᠺᠰ ᠤᠨ ᠦᠵᠡᠯ ᠤᠨ ᠲᠤᠬᠠᠢ ᠡᠷᠡᠰ ᠪᠠᠲᠤ ᠢᠲᠡᠭᠡᠯ ᠪᠢᠰᠢᠷᠡᠯ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠡᠷᠡᠰ ᠪᠠᠲᠤ ᠢᠲᠡᠭᠡᠯ ᠪᠢᠰᠢᠷᠡᠯ ᠢ ᠪᠠᠷᠢᠮᠲᠠᠯᠠᠵᠤ᠂ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠨᠡᠩ ᠢᠳᠡᠪᠬᠢᠲᠡᠢ ᠲᠡᠦᠬᠡ ᠶᠢᠨ ᠡᠭᠦᠷᠭᠡᠯᠡᠯ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠪᠠᠷ ᠮᠠᠷᠺᠰ ᠤᠨ ᠦᠵᠡᠯ ᠢ ᠬᠥᠭᠵᠢᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠂ ᠵᠠᠪᠢ ᠶᠢᠨ ᠳᠡᠬᠡᠷ᠎ᠡ ᠳᠡᠮᠳᠡᠭ ᠲᠠᠯᠪᠢᠵᠤ ᠵᠢᠪᠦᠭᠰᠡᠨ ᠰᠡᠯᠡᠮ᠎ᠡ ᠪᠠᠨ ᠡᠷᠢᠵᠥ᠂ ᠲᠦᠭᠵᠢᠮᠡᠯ ᠬᠥᠰᠢᠭᠦᠨ ᠪᠠᠶᠢᠵᠤ ᠪᠣᠯᠬᠤ ᠦᠭᠡᠢ ᠮᠥᠷᠲᠡᠭᠡᠨ ᠪᠠᠰᠠ ᠲᠡᠷᠡ ᠬᠡᠪ ᠢᠶᠠᠷ ᠨᠢ ᠨᠡᠭᠦᠯᠭᠡᠨ ᠬᠡᠷᠡᠭᠯᠡᠵᠦ᠂ ᠭᠠᠳᠠᠭᠠᠳᠤ ᠠᠴᠠ ᠰᠤᠷᠤᠭᠰᠠᠨ ᠵᠦᠢᠯ ᠢᠶᠠᠨ ᠠᠮᠢᠳᠤᠯᠢᠭ ᠢᠶᠠᠷ ᠬᠡᠷᠡᠭᠯᠡᠵᠤ ᠴᠢᠳᠠᠬᠤ ᠦᠬᠡᠢ ᠪᠠᠶᠢᠵᠤ ᠪᠣᠯᠬᠤ ᠦᠭᠡᠢ ᠬᠡᠵᠥ ᠴᠢᠬᠤᠯᠠᠴᠢᠯᠠᠪᠠ᠃  ᠵᠣᠬᠢᠶᠠᠯ ᠳᠤ᠂ ᠪᠡᠶ᠎ᠠ ᠳᠡᠭᠡᠨ ᠢᠲᠡᠭᠡᠯ ᠲᠠᠢ ᠪᠠᠶᠢᠮᠠᠨᠵᠢᠨ ᠰᠠᠶ᠋ᠢ ᠥᠪᠡᠷ ᠢᠶᠠᠨ ᠬᠦᠴᠦᠷᠬᠡᠭᠵᠢᠵᠦ ᠴᠢᠳᠠᠨ᠎ᠠ᠃ ᠳᠤᠮᠳᠠᠳᠤ ᠶᠢᠨ ᠪᠣᠯᠪᠠᠰᠤᠨ ᠬᠡᠳᠦᠨ ᠮᠢᠩᠭᠠᠨ ᠵᠢᠯ ᠢ ᠥᠩᠭᠡᠷᠡᠭᠡᠭᠡᠳ ᠲᠠᠰᠤᠷᠠᠰᠢ ᠦᠭᠡᠢ ᠦᠷᠭᠦᠯᠵᠢᠯᠡᠵᠦ᠂ ᠤᠳᠠᠭ᠎ᠠ ᠳᠠᠷᠠᠭᠠᠯᠠᠨ ᠠᠶᠤᠯ ᠵᠣᠪᠠᠯᠠᠩ ᠳᠤ ᠤᠴᠠᠷᠠᠭᠰᠠᠨ ᠴᠤ ᠦᠨᠢ ᠤᠳᠠᠭᠠᠨ ᠪᠦᠬᠦᠰᠢ ᠦᠭᠡᠢ ᠦᠷᠬᠦᠯᠵᠢᠯᠡᠭᠰᠡᠨ ᠶᠤᠮ᠂ ᠡᠨᠡ ᠪᠣᠯ ᠬᠥᠮᠦᠨ ᠲᠥᠷᠥᠯᠬᠢᠲᠡᠨ ᠤ ᠪᠣᠯᠪᠠᠰᠤᠨ ᠤ ᠭᠠᠶᠢᠬᠠᠮᠰᠢᠭ ᠪᠤᠯᠬᠤ ᠪᠦᠭᠡᠳ ᠪᠠᠰᠠ ᠴᠤ ᠪᠢᠳᠡᠨ ᠤ ᠪᠡᠶ᠎ᠠ ᠳᠡᠭᠡᠨ ᠢᠳᠡᠭᠡᠯ ᠲᠠᠢ ᠪᠠᠶᠢᠬᠤ ᠶᠢᠨ ᠬᠦᠴᠦᠨ ᠵᠤᠷᠢᠭ ᠮᠥᠨ᠃ ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠪᠣᠯᠤᠨ ᠠᠭᠤᠤ ᠶᠡᠭᠡ ᠠᠮᠵᠢᠯᠲᠠ ᠪᠦᠲᠦᠮᠵᠢ ᠪᠣᠯ ᠪᠢᠳᠡᠨ ᠤ ︽ᠲᠦᠷᠪᠡᠨ ᠢᠲᠡᠭᠡᠯ︾ ᠢᠶᠠᠨ ᠪᠠᠳᠤᠳᠬᠠᠬᠤ ᠬᠠᠮᠤᠭ ᠤᠨ ᠪᠠᠲᠤ ᠪᠠᠬᠢ ᠰᠠᠭᠤᠷᠢ ᠪᠣᠯᠤᠨ᠎ᠠ᠃ ᠣᠳᠣᠬᠠᠨ ᠤ ᠳᠡᠯᠡᠬᠡᠶ ᠶᠢᠷᠲᠢᠨᠴᠦ ᠳᠤ᠂ ᠠᠯᠢ ᠨᠢᠭᠡ ᠲᠦᠷᠦ ᠶᠢᠨ ᠨᠠᠮ᠂ ᠠᠯᠢ ᠨᠢᠭᠡ ᠤᠯᠤᠰ᠂ ᠠᠯᠢ ᠨᠢᠭᠡ ᠦᠨᠳᠦᠰᠦᠲᠡᠨ ᠪᠡᠶ᠎ᠡ ᠳᠡᠭᠡᠨ ᠢᠲᠡᠭᠡᠯ ᠲᠠᠢ ᠪᠠᠶᠢᠵᠤ ᠴᠢᠳᠠᠬᠤ ᠪᠤᠢ ᠭᠡᠪᠡᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ᠂ ᠳᠤᠮᠳᠠᠳᠤ ᠶᠢᠨ ᠦᠨᠳᠦᠰᠦᠲᠡᠨ ᠪᠣᠯ ᠪᠡᠶ᠎ᠡ ᠳᠡᠭᠡᠨ ᠢᠲᠡᠭᠡᠯ ᠲᠠᠢ ᠪᠠᠶᠢᠬᠤ ᠬᠠᠮᠤᠭ ᠤᠨ ᠪᠠᠳᠤ ᠦᠨᠳᠦᠰᠦ ᠪᠠᠷᠢᠮᠳᠠ ᠲᠠᠢ ᠶᠤᠮ᠃ ᠪᠢᠳᠡ ᠥᠪᠡᠷ ᠤᠨ ᠵᠠᠮ ᠢᠶᠠᠷ ᠢᠶᠠᠨ ᠵᠠᠮᠨᠠᠬᠤ ᠳᠤ ᠬᠢᠵᠠᠭᠠᠯᠠᠰᠢ ᠦᠭᠡᠢ ᠥᠷᠭᠡᠨ ᠠᠭᠤᠳᠠᠮ ᠲᠠᠪᠴᠠᠩ ᠲᠠᠢ᠂ ᠬᠢᠵᠠᠭᠠᠯᠠᠰᠢ ᠦᠭᠡᠢ ᠭᠦᠨ ᠵᠤᠵᠠᠭᠠᠨ ᠲᠡᠦᠬᠡ ᠶᠢᠨ ᠠᠭᠤᠯᠤᠭᠳᠠᠬᠤᠨ ᠲᠠᠢ᠂ ᠬᠢᠵᠠᠭᠠᠯᠠᠰᠢ ᠦᠭᠡᠢ ᠬᠦᠴᠦᠷᠬᠡᠭ ᠶᠡᠭᠡ ᠤᠷᠤᠭᠰᠢᠯᠠᠯᠲᠠ ᠶᠢᠨ ᠲᠣᠭᠲᠠᠯ ᠬᠦᠴᠦᠨ ᠲᠠᠢ ᠶᠤᠮ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠤᠯᠤᠰ ᠣᠷᠣᠨ ᠪᠠ ᠦᠨᠳᠦᠰᠦᠲᠡᠨ ᠤ ᠬᠥᠭᠵᠢᠯᠲᠡ ᠶᠢ ᠥᠪᠡᠷ ᠤᠨ ᠬᠦᠴᠦᠨ ᠤ ᠪᠠᠨ ᠰᠠᠭᠤᠷᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠮᠠᠨ ᠤ ᠤᠯᠤᠰ ᠤᠨ ᠬᠥᠭᠵᠢᠯᠲᠡ ᠲᠠᠪᠰᠢᠯᠳᠠ ᠶᠢᠨ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠬᠦ ᠶᠢ ᠪᠠᠷᠢᠮᠲᠠᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃  ᠵᠣᠬᠢᠶᠠᠯ ᠳᠤ᠂ ᠡᠷᠡᠰ ᠪᠠᠲᠤ ᠪᠠᠶᠢᠭᠤᠯᠤᠯ ᠤᠨ ᠢᠲᠡᠭᠡᠯ ᠦᠭᠡᠢ ᠪᠣᠯ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠥᠰᠥ ᠵᠣᠷᠢᠭ ᠪᠠᠶᠢᠵᠤ ᠴᠢᠳᠠᠬᠤ ᠦᠭᠡᠢ ᠶᠤᠮ᠂ ᠡᠭᠦᠨ ᠲᠠᠢ ᠠᠳᠠᠯᠢ ᠪᠠᠷ᠂ ᠲᠠᠰᠤᠷᠠᠯᠲᠠ ᠦᠭᠡᠢ ᠥᠭᠡᠷᠡᠴᠢᠯᠡᠯᠲᠡ ᠬᠢᠬᠦ ᠠᠴᠠ ᠰᠠᠯᠤᠩᠭᠢᠷᠠᠪᠡᠯ᠂ ᠪᠠᠶᠢᠭᠤᠯᠤᠯ ᠤᠨ ᠢᠲᠡᠭᠡᠯ ᠴᠦ ᠲᠦᠢᠯᠪᠤᠷᠢᠲᠠᠢ ᠪᠠᠶᠢᠵᠤ ᠴᠢᠳᠠᠬᠤ ᠦᠭᠡᠢ᠂ ᠥᠨᠢ ᠤᠳᠠᠭᠠᠨ ᠪᠠᠶᠢᠵᠤ ᠴᠢᠳᠠᠬᠤ ᠦᠭᠡᠢ ᠪᠤᠯᠤᠨ᠎ᠠ᠃ ᠪᠢᠳᠡ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠨᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠨᠡᠩ ᠰᠠᠶᠢᠨ ᠪᠣᠯᠭᠠᠬᠤ ᠶᠢᠨ ᠲᠥᠯᠥᠭᠡ ᠶᠤᠮ︔ ᠪᠢᠳᠡ ᠪᠠᠶᠢᠭᠤᠯᠤᠯ ᠤᠨ ᠢᠲᠡᠭᠡᠯ ᠢᠶᠠᠨ ᠪᠠᠲᠤᠳᠬᠠᠬᠤ ᠭᠡᠵᠦ ᠪᠠᠶᠢᠭ᠎ᠠ ᠨᠢ ᠬᠠᠭᠤᠴᠢᠨ ᠢᠶᠠᠨ ᠪᠠᠷᠢᠮᠲᠠᠯᠠᠵᠤ ᠬᠡᠪᠰᠢᠮᠠᠯ ᠪᠤᠯᠵᠤ ᠵᠣᠭᠰᠣᠩᠭᠤᠶᠢᠷᠠᠬᠤ ᠭᠡᠰᠡᠨ ᠶᠠᠪᠤᠳᠠᠯ ᠪᠢᠰᠢ᠂ ᠬᠠᠷᠢᠨ ᠪᠠᠶᠢᠭᠤᠯᠤᠮᠵᠢ ᠲᠣᠭᠲᠠᠴᠠ ᠶᠢᠨ ᠭᠡᠮ ᠰᠣᠭᠤᠭ ᠢ ᠲᠠᠰᠤᠷᠠᠯᠳᠠ ᠦᠭᠡᠢ ᠠᠷᠢᠯᠭᠠᠵᠤ᠂ ᠮᠠᠨ ᠤ ᠪᠠᠶᠢᠭᠤᠯᠤᠯ ᠢᠶᠠᠨ ᠪᠣᠯᠪᠠᠰᠤᠷᠠᠩᠭᠤᠢ ᠪᠥᠭᠡᠳ ᠤᠳᠠᠭᠠᠨ ᠳᠠᠭᠠᠭᠠᠮᠠᠭᠠᠢ ᠪᠣᠯᠭᠠᠬᠤ ᠶᠢᠨ ᠲᠥᠯᠥᠭᠡ       ᠶᠤᠮ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ᠂ ᠮᠠᠨ ᠤ ᠪᠠᠶᠢᠭᠤᠯᠤᠯ ᠯᠠᠪᠲᠠᠢ ᠤᠯᠠᠮ ᠠᠴᠠ ᠤᠯᠠᠮ ᠪᠣᠯᠪᠠᠰᠤᠷᠠᠩᠭᠤᠢ ᠪᠤᠯᠵᠤ᠂ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠤᠨ ᠳᠠᠪᠠᠭᠤᠯᠢᠭ ᠴᠢᠨᠠᠷ ᠯᠠᠪᠲᠠᠢ ᠤᠯᠠᠮ ᠨᠢᠭᠡ ᠠᠯᠬᠤᠮ ᠢᠯᠡᠷᠡᠵᠦ᠂ ᠮᠠᠨ ᠤ ᠵᠠᠮ ᠯᠠᠪᠲᠠᠢ ᠤᠯᠠᠮ ᠠᠴᠠ ᠤᠯᠠᠮ ᠥᠷᠭᠡᠨ ᠳᠠᠷᠳᠠᠩ ᠪᠤᠯᠵᠤ᠂ ᠮᠠᠨ ᠤ ᠤᠯᠤᠰ ᠤᠨ ᠬᠥᠭᠵᠢᠯᠲᠡ ᠶᠢᠨ ᠵᠠᠮ ᠤᠨ ᠳᠡᠯᠡᠬᠡᠢ ᠳ᠋ᠠᠬᠢᠨ ᠳᠤ ᠦᠵᠡᠭᠦᠯᠬᠦ ᠨᠥᠯᠥᠭᠡ ᠯᠠᠪᠲᠠᠢ ᠤᠯᠠᠮ ᠠᠴᠠ ᠤᠯᠠᠮ ᠶᠡᠭᠡ ᠪᠣᠯᠬᠤ ᠶᠤᠮ᠃ ᠳᠤᠮᠳᠠᠳᠤ ᠤᠯᠤᠰ ᠤᠨ ᠬᠥᠭᠵᠢᠯᠲᠡ ᠶᠢᠨ ᠢᠷᠡᠭᠡᠳᠦᠢ ᠪᠣᠯ ᠭᠡᠭᠡᠨ ᠰᠠᠷᠠᠭᠤᠯ ᠶᠤᠮ᠂ ᠪᠢᠳᠡ ᠡᠨᠡᠬᠦ ᠬᠦᠴᠦᠨ ᠵᠤᠷᠢᠭ ᠪᠠ ᠢᠲᠡᠭᠡᠯ ᠪᠠᠶᠢᠨ᠎ᠠ ᠭᠡᠵᠤ ᠵᠢᠭᠠᠵᠤ ᠭᠠᠷᠭᠠᠪᠠ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号